ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠪᠴᠢᠶ᠎ᠠ
ᠨᠡᠶᠢᠲᠡᠯᠡᠭᠰᠡᠨ ᠴᠠᠭ᠄
2022/11/10
     ᠷᠠᠰᠢᠶᠠᠨ ᠬᠤᠲᠠ ᠶᠢᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠣ᠂ ᠵᠢᠩᠬᠢᠨᠢ  ᠰᠠᠯᠠᠭ᠎ᠠ ᠶᠢᠨ ᠲᠡᠰ ᠤᠨ  ᠪᠠᠶᠢᠭᠤᠯᠭ᠎ᠠ ᠪᠣᠯᠤᠨ᠎ᠠ᠃      ᠬᠤᠲᠠ ᠶᠢᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠰᠤᠳᠤᠯᠤᠯ   ᠢ ᠥᠷᠨᠢᠭᠦᠯᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠥᠷᠥ ᠶᠢᠨ ᠪᠤᠳᠤᠯᠭ᠎ᠠ ᠶᠢ ᠲᠣᠭᠲᠠᠭᠠᠨ᠎ᠠ᠃        ︵ᠭᠤᠷᠪᠠ︶ ᠶᠠᠳᠠᠭᠤ ᠬᠦᠴᠢᠷᠳᠡᠯᠲᠡᠶ ᠭᠠᠵᠠᠷ ᠣᠷᠣᠨ ᠤ  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠢ ᠵᠢᠯᠣᠭᠤᠳᠴᠤ᠂ ᠪᠥᠬᠦ ᠬᠤᠲᠠ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠲᠣᠮᠳᠡᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠳᠥᠷᠪᠡ︶ ᠪᠥᠬᠦ ᠬᠤᠲᠠ ᠶᠢᠨ ᠲᠠᠬᠢᠨ ᠶᠠᠳᠡᠭᠤᠷᠡᠬᠤ ᠠᠴᠠ ᠰᠠᠷᠭᠡᠶᠢᠯᠡᠬᠦ ᠬᠦᠳᠡᠯᠣᠩᠬᠦᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠲᠠᠪᠤ︶ ᠶᠠᠳᠠᠭᠤ   ᠶᠢ ᠲᠡᠳᠬᠦᠬᠦ ᠪᠣᠯᠣᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠵᠣᠯᠭᠠᠭᠤᠯᠳᠡ ᠶᠢᠨ ᠲᠥᠷᠥᠯ ᠵᠦᠢᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃      ︵ᠵᠢᠷᠭᠤᠭ᠎ᠠ︶ ᠨᠠᠮ ᠵᠠᠰᠠᠭ   ᠤᠨ  ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠨᠡᠶᠢᠭᠡᠮ   ᠤᠨ ᠡᠯ᠎ᠡ ᠡᠲᠡᠭᠡᠳ   ᠤᠨ ᠬᠢᠨ   ᠤ  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠳᠤ ᠣᠷᠣᠯᠴᠠᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠵᠤ᠂  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠬᠢᠭᠡᠳ ᠬᠤᠷᠰᠢᠯᠴᠠᠭ᠎ᠠ   ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠳᠣᠯᠤᠭ᠎ᠠ︶ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠲᠥᠷᠥ ᠶᠢᠨ  ᠪᠠᠶᠢᠭᠤᠯᠭ᠎ᠠ ᠶᠢᠨ ᠨᠢᠭᠡᠴᠡ ᠶᠢᠨ  ᠴᠡᠭ ᠲᠣᠭᠲᠠᠭᠠᠨ ᠶᠠᠳᠠᠭᠤ ᠶᠢ ᠲᠡᠳᠬᠦᠬᠦ ᠶᠢᠨ ᠵᠣᠬᠢᠴᠠᠭᠤᠯᠤᠨ ᠬᠠᠷᠢᠯᠴᠠᠬᠤ ᠦᠢᠯᠡᠴᠢᠯᠡᠬᠡᠨ ᠤ ᠠᠵᠢᠯ ᠢ ᠬᠠᠷᠢᠭᠤᠴᠠᠨ᠎ᠠ᠃      ︵ᠨᠠᠢᠮᠠ︶  ᠲᠠᠬᠢᠨ ᠶᠠᠳᠠᠭᠤᠷᠠᠬᠤ ᠠᠴᠠ ᠰᠠᠷᠭᠡᠶᠢᠯᠡᠬᠦ ᠠᠵᠢᠯ ᠳᠤ ᠬᠢᠨᠠᠯᠲᠠ ᠲᠠᠯᠪᠢᠨ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ   ᠢ ᠰᠠᠶᠢᠲᠤᠷ  ᠬᠢᠨ᠎ᠠ᠃      ︵ᠶᠢᠰᠦ︶ ᠷᠠᠰᠢᠶᠠᠨ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠡᠭᠦᠷᠭᠡᠯᠡᠨ᠎ᠡ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠬᠦᠯᠦᠨ᠎ᠡ᠃
 
ᠢᠷᠡᠯᠲᠡ᠄ ᠬᠤᠳᠡ ᠶᠢᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号