ᠷᠠᠰᠢᠶᠠᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/11/10
       ᠷᠠᠰᠢᠶᠠᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠣᠯᠳᠡ ᠶᠢᠨ ᠪᠠᠶᠢᠭᠤᠯᠣᠮᠵᠢ      ᠷᠠᠰᠢᠶᠠᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠤᠨ ᠨᠢᠭᠡᠴᠢ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠷᠠᠰᠢᠶᠠᠨ ᠬᠤᠲᠠ ᠶᠢᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠷᠠᠰᠢᠶᠠᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠳᠤ ᠲᠣᠬᠢᠷᠡᠭᠤᠯᠪᠡ᠃      ᠨᠢᠭᠡ᠂ ᠷᠠᠰᠢᠶᠠᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ᠄       ︵ᠨᠢᠭᠡ︶ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠣᠨ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠴᠡᠷᠢᠭ ᠠᠴᠠ ᠬᠠᠯᠠᠭᠳᠠᠭᠰᠠᠳ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ︵ᠬᠤᠶᠠᠷ︶ ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠶᠢᠨ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠶᠢᠨ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠎ᠡ᠃      ︵ᠭᠤᠷᠪᠠ︶ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠲᠠᠷᠬᠠᠯᠠᠭᠳᠠᠵᠤ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠭᠰᠠᠨ ᠠᠵᠢᠯᠲᠠᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠠᠴᠠ ᠬᠠᠯᠠᠭᠳᠠᠭᠰᠠᠳ ᠲᠤ ᠣᠶᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠳᠥᠷᠪᠡ︶ ᠴᠡᠷᠢᠭ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ ᠤ ᠠᠵᠢᠯ ᠣᠯᠵᠤ ᠠᠳᠠᠯ ᠣᠶᠢᠯᠡᠰ ᠴᠣᠭᠴᠠᠯᠠᠬᠤ ᠶᠢ  ᠬᠠᠮᠵᠢᠯᠴᠠᠨ ᠲᠡᠳᠬᠦᠨ᠎ᠡ᠃      ︵ᠲᠠᠪᠤ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠳᠠ ᠶᠢᠨ ᠴᠡᠷᠢᠭ ᠠᠴᠠ ᠬᠠᠯᠠᠭᠳᠠᠭᠰᠠᠳ ᠤᠨ   ᠲᠥᠷᠥ ᠶᠢᠨ ᠪᠤᠳᠤᠯᠭ᠎ᠠ ᠶᠢᠨ ᠣᠨᠴᠠᠭᠠᠢ ᠪᠠᠲᠤᠯᠠᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃      ︵ᠵᠢᠷᠭᠤᠭ᠎ᠠ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠠᠴᠠ ᠬᠠᠯᠠᠭᠳᠠᠭᠰᠠᠳ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠭᠰᠠᠨ ᠠᠵᠢᠯᠲᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃      ︵ᠳᠣᠯᠤᠭ᠎ᠠ︶ ᠴᠡᠷᠢᠭ ᠠᠴᠠ ᠬᠠᠯᠠᠭᠳᠠᠭᠰᠠᠳ ᠤᠨ ᠣᠶᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠠᠴᠠ ᠬᠠᠯᠠᠭᠳᠠᠭᠰᠠᠳ ᠤᠨ ᠡᠮ ᠡᠮᠨᠡᠯᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠮᠵᠢ ᠦᠭᠡᠢ ᠰᠢᠷᠬᠠᠲᠤᠵᠤ᠂ ᠵᠡᠮᠳᠡᠭ ᠪᠣᠯᠣᠬᠰᠠᠨ ᠴᠡᠷᠢᠭ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠡᠷᠢᠭ ᠤᠨ ᠬᠠᠩᠭᠠᠯᠭ᠎ᠠ ᠶᠢᠨ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠨᠠᠢᠮᠠ︶ ᠪᠦᠬᠦ ᠬᠤᠳᠠ ᠶᠢᠨ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠵᠢᠩᠬᠢᠨᠢ ᠠᠯᠪᠠᠨ ᠤ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠤᠨ ᠨᠡᠶᠢᠲᠡ ᠶᠢᠨ ᠪᠤᠩᠬᠤᠨ ᠤ ᠬᠠᠮᠢᠶᠠᠷᠤᠯᠲᠠ ᠬᠠᠮᠠᠭᠠᠯᠠᠯᠲᠠ᠂ ᠳᠤᠷᠠᠰᠬᠠᠯ ᠤᠨ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠭᠦᠢᠴᠡᠳᠭᠡᠨ᠎ᠡ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ᠂ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠢ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠬᠢᠨᠠᠨ ᠬᠠᠷᠭᠤᠭᠤᠯᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠣᠶᠢᠯᠡ ᠠᠵᠢᠯᠯᠠᠭ᠎ᠠ ᠶᠢ ᠳ᠋ᠦᠩᠨᠡᠨ ᠬᠥᠬᠢᠭᠦᠯᠬᠦ ᠪᠠ ᠤᠬᠠᠭᠤᠯᠤᠨ᠎ᠠ᠃      ︵ᠠᠷᠪᠠ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠥᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ︵ᠠᠷᠪᠠᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ︵ᠠᠷᠪᠠᠨ ᠬᠤᠶᠠᠷ︶ ᠡᠭᠦᠷᠭᠡ ᠴᠢᠳᠠᠪᠬᠢ ᠶᠢ ᠬᠤᠪᠢᠷᠠᠭᠤᠯᠣᠨ᠎ᠠ᠃ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠡᠭᠦᠷᠭᠡ ᠬᠠᠷᠢᠭᠤᠴᠠᠯᠭ᠎ᠠ ᠲᠣᠳᠣᠷᠬᠠᠢ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ  ᠪᠡ ᠴᠡᠷᠢᠭ ᠤᠨ ᠭᠡᠷ ᠪᠦᠯᠢ ᠳᠤ ᠨᠡᠩ ᠰᠠᠶᠢᠨ ᠦᠢᠯᠡᠴᠢᠯᠡᠵᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠲᠤᠬᠠᠶᠢᠯᠠᠭᠰᠠᠨ ᠠᠵᠢᠯ ᠪᠣᠯᠭᠠᠵᠤ ᠮᠠᠭᠲᠠᠨ ᠰᠠᠶᠢᠰᠢᠶᠠᠨ᠎ᠠ᠃      ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠤᠶᠤᠨ ᠰᠠᠨᠠᠭᠠᠨ ᠤ ᠬᠡᠪ ᠨᠠᠮᠪᠠ ᠪᠠ ᠦᠷᠳᠡᠭ ᠤᠨ ᠤᠳᠤᠷᠢᠳᠤᠮᠵᠢ ᠨᠢ ᠴᠡᠷᠢᠭ ᠠᠩᠬᠢ ᠶᠢᠨ ᠲᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠨᠡᠩ ᠰᠠᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号