ᠷᠠᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2022/11/11
    ᠷᠠᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠲᠠᠰ ᠤᠨ ᠪᠠᠶᠢᠭᠤᠯᠭ᠎ᠠ ᠪᠣᠯᠤᠨ᠎ᠠ᠂ ᠷᠠᠰᠢᠶᠠᠨ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ᠂ ᠷᠠᠰᠢᠶᠠᠨ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ  ᠡᠯᠬᠦᠵᠦ ᠪᠤᠢ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠲᠦᠷᠢᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ  ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ  ᠦᠢᠯᠡᠴᠢᠯᠡᠬᠡᠨ ᠢ ᠠᠬᠢᠭᠤᠯᠬᠤ᠂ ᠬᠠᠩᠭᠠᠬᠤ ᠭᠤᠤᠯ ᠴᠣᠭᠴᠠ ᠶᠢᠨ ᠣᠯᠠᠨ ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠯᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ  ᠦᠢᠯᠡᠴᠢᠯᠡᠭᠡ ᠪᠠ ᠡᠮ ᠤᠨ  ᠵᠦᠢᠯᠡᠰ ᠤᠨ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠶᠢᠨ ᠲᠤᠬᠠᠢ ᠰᠠᠨᠠᠭᠤᠯᠭ᠎ᠠ ᠲᠤᠷᠠᠳᠤᠨ᠎ᠠ᠃      ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠲᠤᠭᠤᠰᠢᠯᠠᠭᠤᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠲᠡᠭᠦᠨ ᠳᠤ ᠭᠠᠷ ᠲᠦ᠋ᠷᠦᠵᠦ᠂ ᠬᠠᠤᠯᠢ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃      ︵ᠳᠥᠷᠪᠡ︶ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ  ᠠᠷᠭᠠᠴᠠᠭᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠬᠠᠷᠢᠭᠤᠴᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ᠂ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠪᠠ ᠡᠯ᠎ᠡ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ᠃      ︵ᠲᠠᠪᠤ︶ ᠤᠯᠤᠰ ᠤᠨ ᠡᠮ ᠤᠨ ᠵᠦᠢᠯᠡᠰ ᠤᠨ ᠲᠥᠷᠥ ᠶᠢᠨ ᠪᠣᠳᠣᠯᠭ᠎ᠠ ᠪᠠ ᠤᠯᠤᠰ ᠤᠨ ᠦᠨᠳᠦᠰᠦᠨ ᠡᠮ ᠤᠨ  ᠵᠦᠢᠯᠡᠰ ᠤᠨ ᠲᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠮᠤᠷ ᠲᠦᠪᠰᠢᠨ ᠢ ᠮᠥᠷᠳᠡᠨ ᠦᠨᠡᠯᠡᠬᠦ ᠠᠵᠢᠯ ᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ   ᠢ ᠲᠦᠷᠢᠮᠵᠢᠬᠦᠯᠵᠦ᠂ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ  ᠰᠢᠰᠲ᠋ᠧᠮ ᠢ ᠲᠡᠭᠦᠯᠳᠡᠷᠵᠢᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠭᠰᠡᠨ ᠬᠦᠨᠳᠦ ᠶᠡᠭᠡ ᠥᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ  ᠰᠢᠢᠳᠪᠦᠷᠢᠯᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃      ︵ᠲᠤᠯᠤᠭ᠎ᠠ︶ ᠡᠮᠴᠢᠯᠡᠭᠡᠨ   ᠤ ᠪᠠᠶᠢᠭᠤᠯᠤᠮᠵᠢ᠂ ᠡᠮᠴᠢᠯᠡᠭᠡᠨ   ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠲᠤᠰᠬᠠᠶ ᠮᠡᠷᠭᠡᠵᠢᠯ   ᠤᠨ ᠠᠵᠢᠯᠳᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠠᠵᠢᠯ ᠲᠥᠷᠥᠯ ᠤᠨ ᠲᠥᠪ ᠪᠤᠰᠤ ᠰᠤᠷᠲᠠᠯ ᠢ ᠵᠠᠯᠠᠷᠠᠭᠤᠯᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠪᠠᠶᠢᠭᠤᠯᠤᠮᠵᠢ ᠪᠠ ᠡᠮᠴᠢᠯᠡᠭᠡᠨ ᠤ  ᠦᠢᠯᠡᠴᠢᠯᠡᠭᠡ᠂ ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ᠂ ᠲᠦᠷᠢᠮᠵᠢᠯ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ  ᠦᠢᠯᠡᠴᠢᠯᠡᠬᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ  ᠰᠢᠰᠲ᠋ᠧᠮ ᠢ ᠪᠠᠶᠢᠭᠤᠯᠤᠨ᠎ᠠ᠃ ᠡᠮᠴᠢᠯᠡᠭᠡᠨ ᠤ  ᠦᠢᠯᠡᠴᠢᠯᠡᠬᠡᠨ ᠤ ᠲᠦᠷᠢᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠢᠯᠡᠴᠢᠯᠡᠬᠡᠨ ᠤ ᠲᠦᠷᠢᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠮᠡᠷᠭᠡᠵᠢᠯ   ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠴᠢᠨᠠᠷ ᠤᠨ ᠡᠷᠡᠭᠦᠯ ᠬᠠᠮᠠᠭᠠᠯᠠᠯ   ᠤᠨ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ  ᠦᠢᠯᠡᠴᠢᠯᠡᠬᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ ᠬᠢᠭᠡᠳ ᠬᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠵᠢᠴᠢ ᠬᠥᠮᠦᠨ ᠠᠮᠠ ᠶᠢᠨ ᠨᠠᠰᠤᠵᠢᠯᠲᠠ ᠶᠢ  ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ  ᠦᠢᠯᠡᠴᠢᠯᠡᠬᠡᠨ ᠤ ᠰᠢᠰᠲ᠋ᠧᠮ  ᠤᠨ ᠪᠠᠶᠢᠭᠤᠯᠤᠯᠲᠠ ᠪᠠ ᠡᠮᠨᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠠᠬᠢᠭᠤᠯᠤᠨ᠎ᠠ᠃        ︵ᠶᠢᠰᠦ︶ ᠪᠥᠬᠦ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠪᠥᠬᠦ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ  ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠡᠬᠡ ᠨᠢᠯᠬᠠᠰ ᠤᠨ ᠡᠷᠡᠭᠦᠯ ᠮᠡᠨᠳᠦ᠂ ᠵᠡᠷᠡᠮᠳᠡᠭ ᠬᠡᠤᠬᠡᠳ ᠲᠦᠷᠦᠭᠦ ᠶᠢ ᠰᠡᠷᠭᠡᠶᠢᠯᠡᠨ ᠵᠠᠰᠠᠬᠤ᠂ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠵᠡᠷᠭᠡ ᠠᠵᠢᠯ ᠢ ᠬᠠᠷᠢᠭᠤᠴᠠᠨ ᠬᠠᠮᠢᠶᠠᠷᠤᠨ᠎ᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠰᠢᠨ᠎ᠡ ᠲᠣᠭᠲᠠᠴᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃       ︵ᠠᠷᠪᠠ︶ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠭᠡᠮᠡᠯᠵᠢᠭᠦᠯᠬᠦ ᠪᠠ ᠬᠡᠷᠡᠭᠯᠡᠬᠦ ᠠᠵᠢᠯ ᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠂ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠨᠡᠯᠭᠡ ᠳᠤ ᠰᠠᠭᠤᠬᠤ   ᠶᠢ ᠬᠠᠮᠢᠶᠠᠷᠬᠤ ᠡᠮᠴᠢ ᠪᠠ ᠲᠤᠰᠬᠠᠶ ᠮᠡᠷᠭᠡᠵᠢᠯ ᠤᠨ ᠶᠡᠭᠡ ᠡᠮᠴᠢ ᠶᠢᠨ ᠲᠦᠷᠢᠮᠵᠢᠭᠰᠡᠨ ᠪᠤᠯᠪᠠᠰᠦᠷᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠨᠢᠭᠡ︶ ᠬᠤᠲᠠ ᠶᠢᠨ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠪᠠ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠬᠤᠶᠠᠷ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃       ︵ᠠᠷᠪᠠᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠲᠠᠭᠠᠭᠠᠯᠭᠠᠬᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号