ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡᠨ ᠤ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2022/11/15
     ᠰᠦᠯᠵᠢᠶᠡᠨ ᠤ ᠠᠮᠤᠷ ᠲᠦᠪᠰᠢᠨ ᠤ ᠵᠢᠷᠤᠮᠵᠢᠯ ᠲᠠᠢ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠮᠤᠩᠭᠤᠯ ᠬᠡᠯᠡᠨ ᠤ ᠰᠦᠯᠵᠢᠶ᠎ᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠶᠢ ᠨᠠᠶᠢᠳᠡᠪᠣᠷᠢᠵᠢᠭᠤᠯᠣᠬᠰᠠᠨ ᠪᠠᠶᠢᠨ᠎ᠠ᠃     ᠨᠢᠭᠡ᠂ ᠰᠦᠯᠵᠢᠶᠡᠨ ᠤ ᠠᠵᠢᠯᠯᠠᠭ᠎ᠠ ᠶᠢᠨ ᠠᠮᠤᠷ ᠲᠦᠪᠰᠢᠨ ᠢ ᠰᠠᠶᠢᠳᠤᠷ ᠪᠠᠳᠤᠯᠠᠵᠠᠢ᠃     ᠰᠦᠯᠵᠢᠶᠡᠨ ᠤ ᠦᠢᠯᠡᠴᠢᠯᠡᠭᠦᠷ ᠪᠣᠯᠤᠨ ᠪᠤᠰᠤᠳ ᠺᠣᠮᠫᠢᠦ᠋ᠲ᠋ᠧᠷ ᠤᠨ ᠬᠤᠭᠤᠷᠣᠨᠳᠣ ︽ᠳᠡᠮᠦᠷ ᠬᠡᠷᠡᠮ︾ ᠢ ᠪᠠᠳᠤ ᠴᠤᠭᠴᠠᠯᠠᠵᠤ ᠠᠮᠤᠷ ᠲᠦᠪᠰᠢᠨ ᠤ ᠠᠷᠭ᠎ᠠ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ ᠰᠦᠯᠵᠢᠶᠡᠨ ᠤ ᠬᠡᠪ ᠤᠨ ᠠᠵᠢᠯᠯᠠᠭ᠎ᠠ ᠶᠢ ᠪᠠᠲᠤᠯᠠᠵᠡᠢ᠃      ᠬᠤᠶᠠᠷ᠂ ᠰᠤᠷᠠᠭ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠰᠠᠶᠢᠳᠤᠷ ᠬᠠᠮᠠᠭᠠᠯᠠᠵᠠᠢ᠃      ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾᠂ ︽ᠬᠡᠨ ᠭᠤᠤᠯᠴᠢᠯᠠᠨ ᠡᠷᠬᠢᠯᠡᠪᠡᠯ ᠭᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠ ᠶᠠᠪᠤᠴᠠ ᠶᠢ ᠨᠠᠷᠢᠯᠢᠬᠵᠢᠭᠤᠯᠵᠤ᠂ ᠬᠠᠮᠢᠶᠠᠷᠤᠯᠲᠠ ᠶᠢᠨ ᠲᠦᠷᠢᠮ ᠪᠠ ᠬᠡᠷᠡᠭᠵᠢᠭᠦᠯᠬᠦ ᠠᠷᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠤᠷ ᠰᠦᠯᠵᠢᠶ᠎ᠡ ᠶᠢ ᠬᠡᠷᠡᠭᠯᠡᠬᠦ ᠪᠠ ᠰᠤᠷᠠᠭ ᠵᠠᠩᠭᠢ ᠶᠢᠨ ᠣᠶᠢᠯᠡᠴᠢᠯᠡᠭᠡ ᠬᠠᠩᠭᠠᠬᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠡᠢ᠃     ᠠᠶᠤᠯᠭᠦᠶ ᠶᠢᠨ ᠬᠥᠮᠦᠵᠢᠯ ᠪᠠ ᠪᠣᠯᠪᠠᠰᠤᠷᠠᠯ ᠤᠨ ᠲᠦᠷᠢᠮ ᠢ ᠲᠣᠭᠲᠠᠭᠠᠬᠤ ᠶᠢᠨ ᠬᠠᠮᠲᠤ ᠵᠢᠷᠤᠮᠯᠠᠨ ᠰᠠᠬᠢᠵᠡᠢ᠃ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠴᠢᠳ ᠤᠨ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠬᠦᠯᠦᠨ ᠢᠨᠲ᠋ᠧᠷ ᠰᠦᠯᠵᠢᠶᠡᠨ ᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠨᠢᠭᠤᠴᠠ ᠶᠢ ᠵᠠᠳᠠᠷᠠᠭᠤᠯᠬᠤ ᠥᠬᠡᠶ᠂ ᠬᠤᠤᠷ ᠬᠥᠨᠥᠭᠡᠯ ᠲᠠᠢ ᠰᠤᠷᠠᠭ ᠵᠠᠩᠭᠢ ᠶᠢ ᠣᠶᠢᠯᠡᠳᠬᠦ ᠪᠠ ᠤᠯᠠᠮᠵᠢᠯᠠᠬᠤ ᠥᠬᠡᠶ᠂ ᠬᠤᠤᠷ ᠬᠥᠨᠥᠭᠡᠯ ᠲᠠᠢ ᠰᠤᠷᠠᠭ ᠵᠠᠩᠭᠢ ᠪᠤᠶᠤ ᠰᠦᠯᠵᠢᠶᠡᠨ ᠤ ᠬᠠᠭᠤᠳᠠᠰᠤ ᠶᠢ ᠤᠭᠰᠠᠷᠠᠵᠤ ᠬᠤᠯᠪᠣᠬᠤ ᠥᠬᠡᠶ ᠪᠠᠶᠢᠬᠤ ᠶᠢ ᠪᠠᠳᠤᠯᠠᠵᠠᠢ᠃      ᠭᠤᠷᠪᠠ᠂ ᠬᠡᠷᠡᠭᠯᠡᠭᠴᠢ ᠶᠢᠨ ᠰᠤᠷᠠᠭ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠵᠠᠢ᠃      ᠬᠤᠯᠪᠣᠭᠳᠠᠯ ᠪᠦᠬᠦᠢ ᠬᠥᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠰᠦᠯᠵᠢᠶᠡᠨ ᠤ ᠰᠤᠷᠠᠭ ᠵᠠᠩᠭᠢ ᠶᠢᠨ ᠠᠮᠤᠷ ᠲᠦᠪᠰᠢᠨ ᠤ ᠪᠣᠯᠪᠠᠰᠤᠷᠠᠯ ᠬᠦᠷᠳᠡᠭᠡᠬᠦ ᠶᠢᠨ ᠬᠠᠮᠲᠤ ᠬᠢᠨᠠᠨ ᠰᠢᠯᠭᠠᠯᠲᠠ ᠬᠢᠵᠦ᠂ ᠬᠤᠯᠪᠣᠭᠳᠠᠯ ᠪᠦᠬᠦᠢ ᠬᠥᠮᠦᠰ ᠲᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠬᠤᠯᠪᠣᠬᠳᠡᠯ ᠪᠦᠬᠦᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠭᠤᠯᠵᠡᠢ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号