ᠪᠡᠭᠡᠵᠢᠩ ᠡᠮᠴᠢ ᠷᠡᠰᠢᠶᠠᠨ ᠬᠤᠳᠡᠨ ᠳᠤ ᠡᠮᠴᠢᠯᠡᠭᠡ ᠬᠢᠵᠣ ᠪᠣᠢ
ᠨᠡᠶᠢᠲᠡᠯᠡᠭᠰᠡᠨ ᠴᠠᠭ᠄
2022/11/18
   ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠠ ᠲᠣᠬᠢᠶᠠᠯ ᠢ ᠠᠰᠢᠭᠯᠠᠨ᠂ ᠪᠡᠭᠡᠵᠢᠩ ᠬᠤᠲᠠ ᠶᠢᠨ ᠳ᠋ᠦᠡᠭᠴᠸᠡᠭ ᠲᠣᠭᠤᠷᠢᠭ ᠠᠴᠠ ᠷᠠᠰᠢᠶᠠᠨ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠳᠤ ᠲᠣᠮᠢᠯᠠᠬᠰᠠᠨ ᠡᠮᠴᠢ ᠨᠠᠷ ᠡᠳᠦᠷ ᠪᠦᠷᠢ ᠷᠠᠰᠢᠶᠠᠨ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭ᠎ᠠ ᠳᠤ ᠠᠵᠢᠯᠯᠠᠨ᠂ ᠬᠢᠲᠠᠳ ᠡᠮᠨᠡᠯᠭᠡ ᠶᠢᠨ ᠮᠡᠷᠭᠡᠵᠢᠯ ᠢᠶᠠᠷ ᠢᠶᠠᠨ ᠡᠮᠴᠢᠯᠡᠭᠡ ᠬᠢᠵᠦ ᠪᠠᠶᠢᠨ᠎ᠠ᠃ ᠡᠭᠦᠨ ᠤ ᠵᠡᠷᠭᠡ ᠳᠤ᠂ ︽ᠤᠷᠢᠵᠤ ᠠᠪᠴᠢᠷᠠᠬᠤ︾ ᠪᠠ ︽ᠭᠠᠳᠠᠭᠰᠢ ᠭᠠᠷᠬᠤ︾ ᠶᠢ ᠤᠶᠠᠯᠳᠤᠭᠤᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠢᠴᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠳᠤ ᠳᠠᠭᠠᠭᠤᠯᠣᠨ ᠰᠤᠷᠭᠠᠬᠤ ᠪᠣᠯᠪᠠᠰᠤᠷᠠᠯ ᠢᠶᠠᠷ ᠲᠠᠮᠵᠢᠭᠤᠯᠤᠨ᠂ ᠷᠠᠰᠢᠶᠠᠨ ᠳᠤ ᠲᠣᠰᠬᠠᠢ ᠮᠡᠷᠭᠡᠵᠢᠯ ᠤᠨ ᠡᠮᠴᠢᠯᠡᠭᠡᠨ ᠤ ᠡᠩᠨᠡᠭᠡ ᠶᠢ ᠬᠥᠮᠦᠵᠢᠭᠦᠯᠦᠨ ᠦᠭᠴᠦ ᠪᠠᠶᠢᠨ᠎ᠠ᠃ ᠰᠤᠷᠪᠤᠯᠵᠢᠯᠠᠭᠴᠢ ᠰᠢᠤᠢ  ᠸᠧᠨ ᠵᠢᠶᠦ᠋ᠨ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号