ᠨᠠᠷᠠᠰᠤᠨ ᠮᠤᠳᠤᠨ ᠤ ᠦᠷ᠎ᠡ ᠶᠢ ᠶᠠᠭᠠᠬᠢᠵᠦ ᠴᠤᠭᠯᠠᠭᠤᠯᠬᠤ ᠪᠤᠢ
ᠨᠡᠶᠢᠲᠡᠯᠡᠭᠰᠡᠨ ᠴᠠᠭ᠄
2022/11/18
     ᠨᠠᠷᠠᠰᠣᠨ ᠮᠤᠳᠤᠨ ᠤ ᠦᠷ᠎ᠡ 9 ᠳ᠋ᠣᠭᠡᠷ ᠰᠠᠷ᠎ᠠ ᠶᠢᠨ ᠳᠤᠮᠳᠠᠴᠢ ᠪᠤᠶᠤ ᠰᠡᠬᠦᠯᠴᠢ ᠪᠠᠷ ᠪᠤᠯᠪᠠᠰᠤᠷᠠᠳᠠᠭ᠃ ᠪᠤᠷᠭᠤᠴᠤᠭ ᠨᠢ ᠨᠤᠭᠤᠭᠠᠨ ᠠᠴᠠ ᠪᠠᠨ ᠰᠢᠷ᠎ᠠ ᠬᠦᠷᠡᠩ ᠦᠩᠬᠡ ᠲᠠᠢ ᠪᠤᠯᠵᠦ᠂ ᠬᠠᠯᠢᠰᠤ ᠨᠢ ᠬᠠᠭᠠᠷᠠᠨ ᠦᠷ᠎ᠡ ᠶᠢ ᠨᠢ ᠠᠪᠴᠤ ᠦᠵᠡᠬᠦ ᠳᠤ ᠬᠠᠷ᠎ᠠ ᠬᠦᠷᠡᠩ ᠪᠤᠯᠤᠬᠰᠠᠨ ᠪᠠᠶᠢᠪᠠᠯ ᠦᠷ᠎ᠡ ᠨᠢ ᠬᠦᠢᠴᠡᠳ ᠪᠤᠯᠪᠠᠰᠤᠷᠠᠬᠰᠠᠨ ᠤ ᠳᠡᠮᠳᠡᠭ ᠪᠤᠯᠤᠨ᠎ᠠ᠃ 9 ᠳ᠋ᠣᠭᠡᠷ ᠰᠠᠷ᠎ᠠ ᠶᠢᠨ ᠬᠤᠷᠢᠳ ᠠᠴᠠ 10 ᠳ᠋ᠣᠭᠠᠷ ᠰᠠᠷ᠎ᠠ ᠶᠢᠨ ᠠᠷᠪᠠᠳ ᠪᠤᠯᠳᠠᠯ᠎ᠠ ᠬᠢ ᠬᠤᠭᠤᠴᠠᠭᠠᠨ  ᠳᠤ ᠲᠡᠭᠦᠵᠦ ᠪᠤᠯᠤᠨ᠎ᠠ᠃ ᠲᠡᠭᠦᠵᠦ ᠠᠪᠴᠢᠷᠠᠭᠰᠠᠨ ᠪᠤᠷᠭᠤᠴᠤᠭ ᠢᠶᠠᠨ ᠰᠠᠯᠬᠢ ᠵᠢᠪᠡᠷ ᠨᠡᠪᠳᠡᠷᠡᠬᠦ ᠭᠠᠵᠠᠷ ᠲᠤ ᠳᠡᠯᠬᠡᠨ ᠡᠳᠤᠷ ᠪᠦᠷᠢ 1 — 2 ᠤᠳᠠᠭ᠎ᠠ ᠤᠷᠪᠠᠭᠤᠯᠤᠨ ᠭᠦᠳᠡᠯᠬᠡᠵᠦ᠂ ᠰᠦᠨᠢ ᠳᠡᠭᠡᠨ ᠤᠪᠤᠭᠠᠯᠠᠭᠠᠳ ᠪᠦᠳᠡᠬᠡᠵᠦ ᠲᠠᠯᠪᠢᠨ᠎ᠠ᠃ ᠢᠩᠬᠢᠵᠦ ᠬᠠᠳᠠᠭᠠᠪᠠᠯ ᠬᠠᠯᠢᠰᠤ ᠨᠢ ᠬᠠᠭᠠᠷᠠᠵᠦ ᠦᠷ᠎ᠡ ᠨᠢ ᠤᠨᠠᠬᠤ ᠨᠢ ᠬᠤᠷᠳᠤᠨ ᠶᠤᠮ᠃ ᠤᠨᠠᠭᠰᠠᠨ ᠦᠷ᠎ᠡ ᠶᠢᠨ ᠬᠠᠯᠢᠰᠤ ᠶᠢ ᠬᠡᠶᠢᠰᠬᠡᠨ ᠰᠠᠯᠭᠠᠵᠦ ᠦᠷ᠎ᠡ ᠪᠠᠨ ᠰᠠᠶᠢᠳᠤᠷ ᠬᠠᠳᠠᠭᠠᠬᠰᠠᠨ ᠤ ᠳᠠᠷᠠᠭ᠎ᠠ ᠬᠠᠳᠠᠭᠠᠯᠠᠵᠦ ᠪᠤᠯᠤᠨ᠎ᠠ᠃ ︽ᠮᠠᠯ ᠲᠠᠷᠢᠶᠠᠯᠠᠩ ᠤᠨ ᠬᠡᠷᠡᠭᠯᠡᠬᠡᠨ ᠤ ᠰᠢᠨ᠎ᠡ ᠮᠡᠷᠭᠡᠵᠢᠯ︾ ᠬᠡᠬᠦ ᠨᠤᠮ ᠠᠴᠠ ᠪᠠᠭᠤᠯᠭᠠᠪᠠ
 
ᠢᠷᠡᠯᠲᠡ᠄ ᠦᠣᠰᠢᠨ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号