ᠡᠨᠡ ᠵᠢᠯ ᠠᠴᠠ ᠨᠠᠰᠢ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ | ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ ᠤ ᠠᠵᠤ ᠣᠶᠢᠯᠡᠰ ᠢ ᠬᠥᠭᠵᠢᠭᠦᠯᠦᠨ ᠮᠠᠨᠳᠤᠭᠤᠯᠬᠤ | ᠰᠢᠨ᠎ᠡ ᠠᠷᠭ᠎ᠠ ᠵᠠᠮ ᠢ ᠲᠦᠷᠭᠡᠪᠴᠢᠯᠡᠨ ᠰᠦᠪᠡᠭᠴᠢᠯᠡᠵᠦ᠂ ᠲᠠᠷᠢᠶᠠᠯᠠᠩ ᠤᠨ ᠴᠢᠨᠠᠷ ᠰᠠᠶᠢᠲᠠᠶ᠂ ᠥᠨᠳᠥᠷ ᠦᠷ᠎ᠡ | ᠪᠦᠲᠦᠮᠵᠢᠲᠡᠶ᠂ ᠲᠠᠷᠢᠶᠠᠴᠢᠳ ᠤᠨ ᠪᠠᠶᠠᠨ ᠴᠢᠨᠡᠭᠡᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠡᠬᠦᠳᠴᠣ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠳᠥᠯᠭᠢᠨ ᠠᠬᠢᠭᠤᠯᠵᠤ᠂ | ᠪᠥᠬᠦ ᠬᠤᠲᠠ ᠶᠢᠨ ᠲᠠᠷᠢᠶᠠᠯᠠᠩ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠪᠡᠶᠡᠯᠡᠭᠦᠯᠥᠭᠰᠠᠨ ᠪᠠᠶᠢᠨ᠎ᠠ᠃ | ᠨᠢᠭᠡ᠂ ᠲᠠᠷᠢᠮᠠᠯ ᠤᠨ ᠦᠢᠯᠡᠰ ᠥᠭᠡᠳᠡᠯᠡᠬᠦ ᠬᠠᠨᠳᠤᠰᠢ ᠲᠠᠢ ᠪᠣᠯᠪᠠ | 2022 ᠣᠨ ᠤ ᠲᠦᠷᠦᠭᠦᠤ ᠭᠤᠷᠪᠠᠨ ᠤᠯᠠᠷᠢᠯ ᠳᠤ᠂ ᠷᠠᠰᠢᠶᠠᠨ ᠬᠤᠲᠠ ᠶᠢᠨ ᠠᠵᠤ ᠠᠬᠤᠶ ᠶᠢᠨ | ᠲᠠᠷᠢᠮᠠᠯ ᠤᠨ ᠳᠠᠷᠢᠬᠤ ᠲᠠᠯᠠᠪᠠᠶ 98289.5 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 56.62% ᠢᠶᠠᠷ | ᠨᠡᠮᠡᠭᠳᠡᠪᠡ᠃ ᠡᠭᠦᠨ ᠳᠤ᠄ ᠨᠢᠭᠡ ᠳᠤ᠂ ᠲᠣᠰᠣᠯᠢᠭ ᠲᠠᠷᠢᠮᠠᠯ ︵ᠰᠢᠯᠢᠮᠳᠡᠭ ᠤᠨ ᠦᠷ᠎ᠡ︶ ᠤᠨ ᠳᠠᠷᠢᠬᠤ ᠲᠠᠯᠠᠪᠠᠶ | 64483 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 41.75% ᠪᠠᠷ ᠨᠡᠮᠡᠭᠳᠡᠪᠡ᠃ ᠭᠤᠣᠯᠳᠡᠭᠤ ᠲᠢᠶᠠᠨ | ᠤᠤᠢ ᠪᠠᠯᠭᠠᠰᠤᠨ ᠤ ᠲᠣᠰᠣᠯᠢᠭ ᠲᠠᠷᠢᠮᠠᠯ ︵ᠰᠢᠯᠢᠮᠳᠡᠭ ᠤᠨ ᠦᠷ᠎ᠡ︶ ᠤᠨ ᠳᠠᠷᠢᠬᠤ ᠲᠠᠯᠠᠪᠠᠶ 24990 ᠮᠥ ᠪᠠᠶᠢᠵᠤ | ᠂ ᠠᠳᠠᠯᠢ ᠬᠤᠭᠤᠴᠠᠭᠠᠨ ᠤ ᠬᠢ ᠠᠴᠠ 36% ᠪᠠᠷ ᠨᠡᠮᠡᠭᠳᠡᠪᠡ᠂ ᠭᠤᠤᠯᠳᠠᠭᠤ ᠲᠢᠶᠠᠨ ᠤᠤᠢ ᠪᠠᠯᠭᠠᠰᠤᠨ ᠤ ᠬᠠᠷᠢᠶ᠎ᠠ | ᠲᠣᠭᠤᠷᠢᠭ ᠤᠨ ᠭᠤᠷᠪᠡᠨ ᠨᠦᠮᠣᠷᠭᠡᠨ ᠠᠭᠤᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠠᠯ ᠲᠣᠶᠢᠮᠠᠷ ᠢ | ᠰᠡᠷᠭᠡᠶᠢᠯᠡᠨ ᠲᠤᠰᠠᠭᠠᠷᠯᠠᠬᠤ ᠪᠦᠰᠡ ᠪᠠᠶᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠣᠶ ᠰᠢᠭᠤᠶ ᠶᠢᠨ | ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠲᠠᠷᠢᠶᠠᠯᠠᠬᠤ ᠶᠢ ᠵᠥᠪᠰᠢᠶᠡᠷᠡᠭᠰᠡᠨ ᠠᠴᠠ ᠰᠢᠯᠢᠮᠳᠡᠭ ᠤᠨ ᠦᠷ᠎ᠡ ᠲᠠᠷᠢᠬᠤ | ᠲᠠᠯᠠᠪᠠᠶ ᠪᠣᠯᠭᠠᠨ ᠨᠡᠮᠡᠭᠳᠡᠭᠦᠯᠵᠡᠢ︔ ᠪᠠᠶ ᠯᠠᠩ ᠪᠠᠯᠭᠠᠰᠤᠨ ᠤ ᠲᠣᠰᠣᠯᠢᠭ ᠲᠠᠷᠢᠮᠠᠯ ︵ᠰᠢᠯᠢᠮᠳᠡᠭ ᠤᠨ ᠦᠷ᠎ᠡ︶ ᠤᠨ | ᠳᠠᠷᠢᠬᠤ ᠲᠠᠯᠠᠪᠠᠶ 26425 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.3% ᠪᠠᠷ ᠨᠡᠮᠡᠭᠳᠡᠪᠡ᠂ | ᠭᠤᠤᠯᠳᠠᠭᠤ ᠡᠨᠡ ᠵᠢᠯ ᠤᠨ ᠰᠢᠯᠢᠮᠳᠡᠭ ᠤᠨ ᠦᠷ᠎ᠡ ᠳᠠᠷᠢᠭ᠍ᠰᠡᠳ ᠲᠤ ᠨᠥᠬᠦᠪᠥᠷᠢ ᠬᠦᠷᠳᠡᠭᠡᠵᠦ᠂ ᠳᠠᠷᠢᠬᠤ | ᠡᠷᠦᠬᠡ ᠶᠢᠨ ᠢᠳᠡᠪᠬᠢᠵᠢᠯ ᠢ ᠨᠡᠮᠡᠭᠳᠡᠭᠦᠯᠦᠭᠰᠡᠨ ᠠᠴᠠ ᠰᠢᠯᠢᠮᠳᠡᠭ ᠤᠨ ᠦᠷ᠎ᠡ ᠳᠠᠷᠢᠬᠤ ᠲᠠᠯᠠᠪᠠᠶ ᠨᠡᠮᠡᠭᠳᠡᠵᠡᠶ︔ ᠡᠦ | ᠴᠠ ᠭᠧᠤ ᠪᠠᠯᠭᠠᠰᠤᠨ ᠤ ᠲᠣᠰᠣᠯᠢᠭ ᠲᠠᠷᠢᠮᠠᠯ ︵ᠰᠢᠯᠢᠮᠳᠡᠭ ᠤᠨ ᠦᠷ᠎ᠡ︶ ᠤᠨ ᠲᠠᠷᠢᠬᠤ ᠲᠠᠯᠠᠪᠠᠢ 13068 | ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 468% ᠪᠠᠷ ᠨᠡᠮᠡᠭᠳᠡᠪᠡ᠂ ᠭᠤᠣᠯ ᠰᠢᠯᠲᠠᠭᠠᠨ ᠨᠢ ᠬᠡᠪᠡᠯ | 2021 ᠣᠨ ᠳᠤ ᠡᠦ ᠴᠠ ᠭᠧᠤ ᠤᠢ ᠰᠢᠭᠤᠶ ᠶᠢᠨ ᠲᠣᠪᠴᠢᠶᠠᠨ ᠤ ᠲᠠᠷᠢᠶᠠᠯᠠᠬᠤ ᠭᠠᠵᠠᠷ ᠤᠨ ᠲᠠᠯᠠᠪᠠᠢ ᠶᠢ | ᠪᠦᠷᠢᠳᠬᠡᠭᠰᠡᠨ ᠦᠭᠡᠢ ᠠᠴᠠ ᠪᠣᠯᠵᠠᠶ᠂ ᠰᠢᠯᠢᠮᠳᠡᠭ ᠤᠨ ᠦᠷ᠎ᠡ ᠲᠠᠷᠢᠬᠰᠠᠳ ᠲᠤ ᠨᠥᠬᠦᠪᠥᠷᠢ ᠶᠢᠨ ᠲᠦᠷᠦ ᠶᠢᠨ | ᠪᠤᠳᠤᠯᠭ᠎ᠠ ᠶᠢ ᠡᠳ᠋ᠯᠡᠬᠦᠯᠬᠦ ᠶᠢᠨ ᠲᠥᠯᠥᠭᠡ᠂ ᠡᠨᠡ ᠵᠢᠯ ᠡᠦ ᠴᠠ ᠭᠧᠤ ᠤᠢ ᠰᠢᠭᠤᠶ ᠶᠢᠨ ᠲᠣᠪᠴᠢᠶᠠᠨ ᠤ | ᠲᠠᠷᠢᠶᠠᠯᠠᠬᠤ ᠭᠠᠵᠠᠷ ᠢ ᠡᠦ ᠴᠠ ᠭᠧᠤ ᠪᠠᠯᠭᠠᠰᠤᠨ ᠳᠤ ᠣᠷᠣᠭᠤᠯᠤᠨ ᠪᠦᠷᠢᠳᠬᠡᠬᠦᠯᠣᠨ᠂ ᠰᠢᠯᠢᠮᠳᠡᠭ ᠤᠨ ᠦᠷ᠎ᠡ | ᠲᠠᠷᠢᠬᠤ ᠲᠠᠯᠠᠪᠠᠢ ᠶᠢ ᠶᠡᠭᠡ ᠬᠡᠮᠵᠢᠶ᠎ᠡ ᠪᠠᠷ ᠨᠡᠮᠡᠭᠳᠡᠭᠦᠯᠵᠡᠶ᠃ ᠬᠤᠶᠠᠷ ᠲᠤ᠂ ᠰᠢᠬᠢᠷᠯᠢᠭ ᠲᠠᠷᠢᠮᠠᠯ ︵ᠰᠢᠬᠢᠷ ᠯᠤᠤᠪᠠᠩ︶ | ᠤᠨ ᠲᠠᠷᠢᠮᠠᠯ ᠤᠨ ᠲᠠᠯᠠᠪᠠᠶ ᠶᠢ 12645 ᠮᠥ ᠳᠠᠷᠢᠵᠤ᠂ ᠠᠳᠠᠯᠢ ᠬᠤᠭᠤᠴᠠᠭᠠᠨ ᠤ ᠬᠢ ᠠᠴᠠ 140.4% ᠪᠠᠷ | ᠨᠡᠮᠡᠭᠳᠡᠪᠡ᠃ ᠡᠭᠦᠨ ᠳᠤ᠄ ᠲᠢᠶᠠᠨ ᠤᠤᠢ ᠪᠠᠯᠭᠠᠰᠤᠨ ᠤ ᠰᠢᠬᠢᠷᠯᠢᠭ ᠲᠠᠷᠢᠮᠠᠯ ︵ᠰᠢᠬᠢᠷ ᠯᠤᠤᠪᠠᠩ︶ ᠤᠨ ᠲᠠᠯᠠᠪᠠᠶ | 7748 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 53% ᠪᠠᠷ ᠨᠡᠮᠡᠭᠳᠡᠪᠡ᠂ ᠡᠭᠦᠨ ᠤ ᠭᠤᠤᠯ | ᠰᠢᠯᠲᠠᠭᠠᠨ ᠨᠢ ᠲᠢᠶᠠᠨ ᠤᠤᠢ ᠪᠠᠯᠭᠠᠰᠤᠨ ᠤ ᠰᠢᠬᠢᠷ ᠯᠤᠤᠪᠠᠩ ᠳᠠᠷᠢᠬᠤ ᠡᠷᠦᠬᠡ ᠪᠣᠯᠤᠨ ᠾᠧ ᠹᠧᠩ ᠲᠠᠷᠢᠶᠠᠯᠠᠩ ᠤᠨ | ᠬᠢᠵᠠᠭᠠᠷᠲᠤ ᠺᠣᠮᠫᠠᠨᠢ ᠶᠢᠨ ᠵᠠᠬᠢᠶᠠᠯᠠᠭ᠎ᠠ ᠶᠢᠨ ᠬᠠᠭᠤᠳᠠᠰᠤ ᠲᠠᠢ ᠪᠠᠶᠢᠵᠤ᠂ ᠳᠠᠷᠢᠬᠤ ᠡᠷᠦᠬᠡ ᠶᠢᠨ ᠪᠣᠷᠣᠯᠠᠭᠤᠯᠭ᠎ᠠ ᠶᠢᠨ | ᠵᠠᠮ ᠢ ᠪᠠᠲᠤᠯᠠᠨ᠂ ᠰᠢᠬᠢᠷ ᠯᠤᠤᠪᠠᠩ ᠳᠠᠷᠢᠬᠤ ᠢᠳᠡᠪᠬᠢᠵᠢᠯ ᠢ ᠨᠡᠮᠡᠭᠳᠡᠭᠦᠯᠵᠤ᠂ ᠰᠢᠬᠢᠷ ᠯᠤᠤᠪᠠᠩ ᠳᠠᠷᠢᠬᠤ ᠲᠠᠯᠠᠪᠠᠶ | ᠨᠡᠮᠡᠭᠳᠡᠭᠰᠡᠨ ᠶᠣᠮ︔ ᠪᠠᠶ ᠯᠠᠩ ᠪᠠᠯᠭᠠᠰᠤᠨ ᠤ ᠰᠢᠬᠢᠷᠯᠢᠭ ᠲᠠᠷᠢᠮᠠᠯ ︵ᠰᠢᠬᠢᠷ ᠯᠤᠤᠪᠠᠩ︶ ᠤᠨ ᠲᠠᠯᠠᠪᠠᠶ 4247 | ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4247 ᠮᠥ ᠨᠡᠮᠡᠭᠳᠡᠭᠰᠡᠨ ᠪᠥᠭᠡᠳ 2021 ᠣᠨ ᠳᠤ | ᠲᠠᠷᠢᠭᠰᠠᠨ ᠥᠬᠡᠶ᠃ ᠰᠢᠬᠢᠷᠯᠢᠭ ᠲᠠᠷᠢᠮᠠᠯ ︵ᠰᠢᠬᠢᠷ ᠯᠤᠤᠪᠠᠩ︶ ᠨᠢ ᠭᠤᠤᠯᠳᠠᠭᠤ ᠡᠨᠡ ᠵᠢᠯ ᠨᠥᠬᠦᠪᠥᠷᠢ ᠲᠠᠢ | ᠪᠠᠶᠢᠵᠣ᠂ ᠰᠢᠬᠢᠷ ᠯᠤᠤᠪᠠᠩ ᠳᠠᠷᠢᠬᠤ ᠲᠠᠯᠠᠪᠠᠶ ᠨᠡᠮᠡᠭᠳᠡᠭᠰᠡᠨ ᠪᠠᠶᠢᠨ᠎ᠠ᠃ ᠭᠤᠷᠪᠠ ᠳᠤ᠂ ᠬᠢᠲᠠᠳ ᠡᠪᠡᠰᠦᠨ ᠡᠮ ᠤᠨ | ᠮᠠᠲ᠋ᠧᠷᠢᠶᠠᠯ ᠤᠨ ᠳᠠᠷᠢᠬᠤ ᠲᠠᠯᠠᠪᠠᠶ 10401.3 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 166. | 7% ᠪᠠᠷ ᠨᠡᠮᠡᠭᠳᠡᠪᠡ᠃ ᠡᠭᠦᠨ ᠳᠤ᠄ ᠲᠢᠶᠠᠨ ᠤᠤᠢ ᠪᠠᠯᠭᠠᠰᠤ᠂ ᠪᠠᠶ ᠯᠠᠩ ᠪᠠᠯᠭᠠᠰᠤ᠂ ᠡᠤ ᠴᠠ ᠭᠸᠦ ᠪᠠᠯᠭᠠᠰᠤ᠂ | ᠮᠢᠩ ᠱᠦᠶ ᠾᠧ ᠪᠠᠯᠭᠠᠰᠤᠨ ᠤ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠨᠢ ᠲᠣᠰ ᠲᠣᠰ | 200 ᠮᠥ᠂ 7692 ᠮᠥ᠂ 1073 ᠮᠥ᠂ 1436.3 ᠮᠥ ᠪᠠᠶᠢᠵᠤ᠂ ᠲᠣᠰ ᠲᠣᠰ ᠠᠳᠠᠯᠢ | ᠬᠤᠭᠤᠴᠠᠭᠠᠨ ᠤ ᠬᠢ ᠠᠴᠠ — 2200 ᠮᠥ᠂ 6995 ᠮᠥ᠂ 1073 ᠮᠥ᠂ 341.3 ᠮᠥ ᠨᠡᠮᠡᠭᠳᠡᠵᠡᠶ᠂ | ᠡᠨᠡ ᠨᠢ ᠭᠤᠤᠯᠳᠠᠭᠤ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠠᠴᠠ ᠪᠣᠯᠵᠠᠶ᠃ ᠲᠦᠷᠪᠡ ᠳᠤ᠂ | ᠢᠳᠡᠰᠢᠨ ᠨᠣᠭᠤᠭ᠎ᠠ ᠵᠢᠴᠢ ᠢᠳᠡᠰᠢᠨ ᠮᠦᠬᠦ ᠶᠢᠨ ᠲᠠᠷᠢᠮᠠᠯ ᠤᠨ ᠲᠠᠯᠠᠪᠠᠢ᠂ ᠭᠠᠷᠤᠯᠲᠠ ᠶᠢᠨ ᠬᠡᠮᠵᠢᠶ᠎ᠡ ᠶᠢ ᠶᠡᠭᠡ ᠪᠠᠷ | ᠨᠡᠮᠡᠭᠳᠡᠵᠡᠢ᠃ ᠢᠳᠡᠰᠢᠨ ᠨᠣᠭᠤᠭ᠎ᠠ ᠶᠢ ᠵᠥᠪᠬᠡᠨ ᠲᠢᠶᠠᠨ ᠤᠤᠢ ᠪᠠᠯᠭᠠᠰᠤᠨ ᠳᠤ ᠳᠠᠷᠢᠳᠠᠭ᠂ ᠲᠠᠯᠠᠪᠠᠶ ᠨᠢ 1535.8 | ᠮᠥ᠂ ᠠᠳᠠᠯᠢ ᠬᠤᠭᠤᠴᠠᠭᠠᠨ ᠤ ᠬᠢ ᠠᠴᠠ 154.31% ᠪᠠᠷ ᠨᠡᠮᠡᠭᠳᠡᠵᠦ᠂ ᠭᠠᠷᠤᠯᠲᠠ ᠨᠢ 3801.63 ᠲᠣᠨ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 152.17% ᠪᠠᠷ ᠨᠡᠮᠡᠭᠳᠡᠨ ᠳᠠᠷᠢᠬᠤ ᠲᠠᠯᠠᠪᠠᠶ ᠨᠢ ᠴᠦ ᠨᠡᠮᠡᠭᠳᠡᠵᠡᠢ | ᠂ ᠭᠤᠣᠯᠳᠠᠭᠤ ᠲᠢᠶᠠᠨ ᠤᠤᠢ ᠪᠠᠯᠭᠠᠰᠤᠨ ᠤ ᠪᠦ᠋ ᠯᠢᠦ ᠺᠧ ᠶᠢᠨ ᠲᠠᠷᠢᠮᠠᠯ ᠤᠨ ᠨᠥᠯᠥᠭᠡ ᠶᠢ ᠭᠥᠷᠳᠡᠭᠰᠠᠨ ᠠᠴᠠ | ᠪᠣᠯᠵᠡᠢ᠃ ᠷᠠᠰᠢᠶᠠᠨ ᠬᠤᠲᠠ ᠶᠢᠨ ᠥᠪᠡᠷᠮᠢᠴᠡ ᠣᠨᠴᠠᠯᠢᠭ ᠲᠠᠢ ᠠᠭᠤᠷ ᠠᠮᠢᠰᠬᠤᠯ ᠤᠨ ᠣᠷᠴᠢᠨ ᠲᠣᠭᠤᠷᠢᠨ ᠨᠢ ᠪᠦ᠋ | ᠯᠢᠦ ᠺᠧ ᠶᠢᠨ ᠥᠰᠥᠯᠲᠡ ᠳᠤ ᠲᠣᠬᠢᠷᠠᠮᠵᠢᠲᠠᠶ ᠪᠣᠯᠬᠤᠷ ᠲᠢᠶᠠᠨ ᠤᠤᠢ ᠪᠠᠯᠭᠠᠰᠤᠨ ᠤ ᠢᠷᠪᠢᠰ ᠲᠣᠰᠬᠤᠨ᠂ ᠷᠠᠰᠢᠶᠠᠨ | ᠲᠣᠰᠬᠤᠨ ᠪᠣᠯᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ 1500 ᠮᠥ ᠵᠠᠬᠢᠶᠠᠯᠠᠭ᠎ᠠ ᠶᠢᠨ | ᠬᠠᠭᠤᠳᠠᠰᠤᠨ ᠳᠤ ᠭᠠᠷ ᠤᠨ ᠦᠰᠦᠭ ᠵᠢᠷᠤᠵᠡᠢ᠂ ᠣᠶᠢᠷ᠎ᠠ ᠶᠢᠨ ᠵᠢᠯ ᠤᠳ ᠲᠤ ︽ᠷᠠᠰᠢᠶᠠᠨ ᠤ ᠪᠦ᠋ ᠯᠢᠦ ᠺᠧ︾ ᠶᠢᠨ | ᠨᠠᠷ᠎ᠡ ᠠᠯᠳᠠᠷᠰᠢᠯ ᠡᠳᠦᠶ ᠲᠡᠳᠦᠶ ᠳᠡᠭᠡᠭᠰᠢᠯᠡᠵᠦ᠂ 2022 ᠣᠨ ᠤ 2 ᠰᠠᠷ᠎ᠠ ᠳᠤ ︽ᠷᠠᠰᠢᠶᠠᠨ ᠤ ᠪᠦ᠋ ᠯᠢᠦ ᠺᠧ︾ | ᠶᠢᠨ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠢ | ᠠᠮᠵᠢᠯᠲᠠ ᠲᠠᠢ ᠪᠠᠷ ᠳᠠᠩᠰᠠᠯᠠᠭᠤᠯᠣᠨ᠂ ᠲᠠᠷᠢᠶᠠᠴᠢᠳ ᠤᠨ ᠪᠦ᠋ ᠯᠢᠦ ᠺᠧ ᠳᠠᠷᠢᠬᠤ ᠢᠳᠡᠪᠬᠢᠵᠢᠯ ᠢ ᠶᠡᠭᠡ ᠪᠠᠷ | ᠳᠡᠭᠡᠭᠰᠢᠯᠡᠭᠦᠯᠵᠦ᠂ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠪᠠ ᠤᠨᠠᠯᠲᠠ ᠶᠢ ᠶᠡᠭᠡ ᠪᠠᠷ ᠳᠡᠭᠡᠭᠰᠢᠯᠡᠭᠦᠯᠪᠡ︔ | ᠢᠳᠡᠰᠢᠨ ᠮᠥᠭᠦ ᠶᠢᠨ ᠭᠠᠷᠤᠯᠲᠠ 82.54 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 229. | 76% ᠪᠠᠷ ᠨᠡᠮᠡᠭᠳᠡᠪᠡ᠂ ᠡᠨᠡ ᠨᠢ ᠭᠤᠤᠯᠳᠠᠭᠤ ᠷᠡᠰᠢᠶᠠᠨ ᠬᠤᠲᠠ ᠶᠢᠨ ᠰᠢᠨ᠎ᠡ ᠪᠠᠷ ᠨᠡᠮᠡᠭᠳᠡᠭᠰᠡᠨ ᠢᠳᠡᠰᠢᠨ | ᠮᠥᠭᠦ ᠶᠢᠨ ᠣᠶᠢᠯᠡᠳᠪᠦᠷᠢᠯᠡᠯ ᠡᠷᠭᠢᠯᠡᠵᠦ ᠪᠠᠶᠢᠭ᠎ᠠ ᠠᠵᠤ ᠠᠬᠤᠶᠢᠯᠠᠯ ᠷᠠᠰᠢᠶᠠᠨ ᠬᠤᠲᠠ ᠶᠢᠨ ᠪᠠᠶ ᠯᠠᠩ ᠬᠤᠤ ᠱᠧᠨ | ᠣᠶ ᠶᠢᠨ ᠪᠦᠳᠣᠭᠡᠭᠳᠡᠬᠦᠨ ᠤ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠨᠢ ᠢᠳᠡᠰᠢᠨ ᠮᠥᠭᠦ ᠶᠢᠨ ᠭᠠᠷᠤᠯᠲᠠ ᠶᠢ | ᠨᠡᠮᠡᠭᠳᠡᠭᠦᠯᠦᠭᠰᠡᠨ ᠠᠴᠠ ᠪᠣᠯᠵᠠᠶ᠃ | ᠬᠤᠶᠠᠷ᠂ ᠮᠠᠯ ᠠᠵᠤ ᠠᠬᠤᠶ ᠶᠢᠨ ᠦᠢᠯᠡᠳᠪᠦᠷᠢᠯᠡᠯ ᠯᠠᠪᠳᠠᠭᠤᠨ ᠢᠶᠠᠷ ᠬᠥᠭᠵᠢᠪᠡ | ᠲᠦᠷᠦᠭᠦᠤ ᠭᠤᠷᠪᠠᠨ ᠤᠯᠠᠷᠢᠯ ᠳᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ | ᠰᠠᠶᠢᠨ ᠪᠠᠶᠢᠵᠤ᠂ ᠭᠠᠭ᠋ᠠᠶ ᠶᠢᠨ ᠰᠠᠭᠤᠷᠢ ᠦᠢᠯᠡᠳᠪᠦᠷᠢᠯᠡᠬᠦ ᠴᠢᠳᠠᠪᠤᠷᠢ ᠲᠣᠭᠲᠠᠭᠤᠨ᠂ ᠦᠬᠡᠷ ᠬᠤᠨᠢ ᠵᠢᠭᠦᠷᠲᠡᠨ ᠤ | ᠳᠡᠵᠢᠭᠡᠪᠤᠷᠢ ᠶᠢᠨ ᠦᠢᠯᠡᠰ ᠲᠣᠭᠲᠠᠭᠤᠨ ᠢᠶᠠᠷ ᠬᠥᠭᠵᠢᠵᠦ᠂ ᠦᠷᠭᠦᠯᠵᠢᠯᠡᠬᠦᠶᠢᠴᠠ ᠬᠥᠭᠵᠢᠯᠲᠡ ᠶᠢᠨ ᠬᠢᠷᠢ ᠲᠦᠪᠰᠢᠨ | ᠲᠠᠰᠤᠷᠠᠯᠲᠠ ᠥᠬᠡᠶ ᠳᠡᠭᠡᠭᠰᠢᠯᠡᠨ᠂ ᠠᠷᠠᠳ ᠣᠯᠠᠨ ᠤ ︽ᠢᠳᠡᠰᠢᠨ ᠨᠣᠭᠤᠭ᠎ᠠ︾ ᠶᠢᠨ ᠬᠡᠷᠡᠭᠯᠡᠭᠡᠨ ᠤ ᠬᠡᠷᠡᠭᠴᠡᠭᠡ ᠶᠢ | ᠨᠠᠩ ᠰᠠᠶᠢᠨ ᠬᠠᠩᠭᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ | ᠭᠠᠭ᠋ᠠᠶ ᠶᠢ 1631 ᠪᠣᠷᠣᠯᠠᠭᠤᠯᠵᠣ᠂ ᠠᠳᠠᠯᠢ ᠬᠤᠭᠤᠴᠠᠭᠠᠨ ᠤ ᠬᠢ ᠠᠴᠠ 5.23% ᠪᠠᠷ ᠨᠡᠮᠡᠭᠳᠡᠨ᠂ 3995 | ᠭᠠᠭ᠋ᠠᠶ ᠲᠡᠵᠢᠭᠡᠨ᠂ ᠠᠳᠠᠯᠢ ᠬᠤᠭᠤᠴᠠᠭᠠᠨ ᠤ ᠬᠢ ᠠᠴᠠ 2.21% ᠪᠠᠷ ᠨᠡᠮᠡᠭᠳᠡᠨ᠂ ᠭᠠᠭ᠋ᠠᠶ ᠶᠢᠨ ᠮᠢᠬᠠᠨ ᠤ | ᠭᠠᠷᠤᠯᠲᠠ 123.96 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.23% ᠪᠠᠷ ᠨᠡᠮᠡᠭᠳᠡᠪᠡ︔ | ᠦᠬᠡᠷ ᠢ 3871 ᠪᠣᠷᠣᠯᠠᠭᠤᠯᠵᠣ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠵᠦ᠂ 13368 | ᠦᠬᠡᠷ ᠲᠡᠵᠢᠭᠡᠨ᠂ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠨ᠂ ᠦᠬᠡᠷ ᠤᠨ ᠮᠢᠬᠠᠨ ᠤ | ᠭᠠᠷᠤᠯᠲᠠ 619.36 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.76% ᠪᠠᠷ ᠨᠡᠮᠡᠭᠳᠡᠵᠡᠶ︔ | 155163 ᠬᠤᠨᠢ ᠪᠣᠷᠣᠯᠠᠭᠤᠯᠵᠣ᠂ ᠠᠳᠠᠯᠢ ᠬᠤᠭᠤᠴᠠᠭᠠᠨ ᠤ ᠬᠢ ᠠᠴᠠ 0.13% ᠪᠠᠷ ᠨᠡᠮᠡᠭᠳᠡᠨ᠂ 13589 | ᠬᠤᠨᠢ ᠲᠡᠵᠢᠭᠡᠨ᠂ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠨ᠂ ᠬᠤᠨᠢᠨ ᠮᠢᠬᠠᠨ ᠤ ᠭᠠᠷᠤᠯᠲᠠ | 2637.9 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.37% ᠪᠠᠷ ᠨᠡᠮᠡᠭᠳᠡᠪᠡ᠃ ᠲᠡᠵᠢᠭᠡᠯ | ᠪᠣᠷᠳᠣᠭᠠᠨ ᠤ ᠥᠪᠡᠷ ᠤᠨ ᠥᠷᠲᠡᠭ ᠤᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠡᠷᠳᠡᠨᠢ ᠰᠢᠰᠢ᠂ | ᠪᠤᠷᠴᠠᠭ ᠤᠨ ᠰᠢᠭᠠᠷᠤ ᠶᠢᠨ ᠦᠨ᠎ᠡ ᠴᠥᠮ ᠲᠡᠤᠬᠡ ᠶᠢᠨ ᠨᠡᠯᠢᠶᠡᠳ ᠥᠨᠳᠥᠷ ᠪᠠᠶᠢᠷᠢᠨ ᠳᠤ ᠬᠦᠷᠴᠡᠢ᠃ ᠡᠭᠦᠨ ᠤ | ᠵᠡᠷᠭᠡ ᠳᠤ᠂ ᠬᠦᠬᠡ ᠪᠤᠷᠳᠤᠭ᠎ᠠ᠂ ᠠᠯᠢᠰᠤᠨ ᠤ ᠦᠨ᠎ᠡ ᠴᠦ ᠠᠳᠠᠯᠢ ᠬᠤᠭᠤᠴᠠᠭᠠᠨ ᠤ ᠬᠢ ᠠᠴᠠ ᠢᠯᠡᠳᠲᠡ ᠥᠰᠴᠦ | ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠨᠡᠮᠡᠭᠳᠡᠨ᠂ ᠲᠡᠵᠢᠭᠡᠨ ᠦᠷᠡᠵᠢᠭᠦᠯᠬᠦ ᠭᠤᠤᠯ ᠴᠣᠭᠴᠠ ᠶᠢᠨ | ᠲᠡᠵᠢᠭᠡᠨ ᠦᠷᠡᠵᠢᠭᠦᠯᠬᠦ ᠦᠷ᠎ᠡ ᠠᠰᠢᠭ ᠨᠢ ᠪᠠᠭᠤᠷᠠᠪᠠ᠃ | ᠭᠤᠷᠪᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ | ᠪᠠᠲᠤᠲᠠᠢ ᠠᠬᠢᠭᠤᠯᠪᠠ | ᠮᠠᠨ ᠤ ᠬᠤᠲᠠ ︽ᠠᠵᠤ ᠦᠢᠯᠡᠰ ᠬᠥᠭᠵᠢᠨ ᠪᠠᠳᠠᠷᠠᠵᠤ᠂ ᠠᠮᠢ ᠠᠬᠤᠶ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠶ᠂ ᠬᠥᠳᠡᠭᠡ ᠶᠢᠨ ᠵᠠᠩ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ | ᠴᠢᠨᠡᠭᠡᠯᠢᠭ︾ ᠪᠠᠶᠢᠬᠤ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠣᠷᠣᠨ ᠪᠦᠰᠡ ᠶᠢᠨ ᠡᠬᠢ ᠪᠠᠶᠠᠯᠢᠭ ᠤᠨ | ᠳᠠᠪᠠᠭᠤᠯᠢᠭ ᠪᠠ ᠰᠣᠶᠣᠯ ᠤᠨ ᠣᠨᠴᠠᠯᠢᠭ ᠲᠤ ᠲᠦᠰᠢᠭᠯᠡᠨ᠂ ᠪᠠᠯᠭᠠᠰᠤ ᠲᠣᠰᠬᠤᠨ ᠤ ᠲᠥᠯᠥᠪᠵᠢᠭᠦᠯᠭᠡ ᠪᠥᠲᠥᠭᠡᠨ | ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠣᠨ᠂ ᠪᠠᠯᠭᠠᠰᠤ ᠲᠣᠰᠬᠤᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠤᠭ ᠨᠣᠪᠰᠢ ᠶᠢ | ᠵᠠᠰᠠᠬᠤ᠂ ᠪᠣᠬᠢᠷ ᠤᠰᠤ ᠶᠢ ᠵᠠᠰᠠᠬᠤ᠂ ᠵᠣᠷᠯᠣᠩ ᠤᠨ ᠬᠤᠪᠢᠰᠬᠠᠯ ᠬᠢᠬᠦ ᠵᠡᠷᠭᠡ ᠠᠵᠢᠯ ᠢ ᠭᠤᠤᠯᠳᠠᠯᠭ᠎ᠠ ᠲᠠᠢ | ᠠᠬᠢᠭᠤᠯᠵᠤ᠂ ᠪᠠᠯᠭᠠᠰᠤ ᠲᠣᠰᠬᠤᠨ ᠤ ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ | ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠵᠤ᠂ ᠪᠠᠯᠭᠠᠰᠤ ᠲᠣᠰᠬᠤᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠡᠢ᠃ ᠨᠢᠭᠡᠳᠦᠭᠡᠷ ᠤᠯᠠᠷᠢᠯ ᠳᠤ᠂ ᠮᠠᠨ ᠤ | ᠬᠤᠳᠠ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠬᠠᠪᠤᠷ ᠤᠨ ᠤᠯᠠᠷᠢᠯ ᠤᠨ ᠳᠠᠶᠢᠯᠠᠯᠳᠤᠭᠠᠨ︾ ᠤ ᠠᠵᠢᠯ ᠢ | ᠥᠷᠨᠢᠭᠦᠯᠵᠦ᠂ ᠪᠦᠬᠦ ᠬᠤᠳᠠ ᠶᠢᠨ ᠺᠠᠳ᠋ᠷ ᠠᠵᠢᠯᠳᠠᠨ ᠬᠠᠮᠲᠤᠪᠠᠷ ᠣᠷᠣᠯᠴᠠᠨ᠂ ᠺᠠᠳ᠋ᠷ ᠤᠯᠠᠨ ᠲᠦᠮᠡᠨ ᠮᠥᠷᠥ | ᠵᠡᠷᠭᠡᠴᠡᠨ ᠪᠠᠶᠢᠯᠳᠤᠵᠤ ᠬᠠᠮᠲᠤᠪᠠᠷ ᠮᠠᠨ ᠤ ᠬᠤᠳᠠ ᠶᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠰᠠᠶᠢᠵᠢᠷᠠᠭᠤᠯᠪᠠ᠃ ᠳᠠᠷᠠᠭᠠᠴᠢ ᠶᠢᠨ ᠠᠯᠬᠤᠮ ᠳᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠬᠥᠳᠡᠭᠡ | ᠲᠣᠰᠬᠤᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠣᠨ᠂ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠵᠦ᠂ ᠠᠵᠤ | ᠦᠢᠯᠡᠰ ᠢᠶᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠢᠨ᠎ᠡ | ᠪᠠᠶᠢᠳᠠᠯ ᠢ ᠨᠡᠭᠡᠭᠡᠬᠦ ᠶᠢ ᠲᠦᠯᠬᠢᠨ ᠠᠬᠢᠭᠤᠯᠪᠡ᠃ |