ᠷᠠᠰᠢᠶᠠᠨ ᠬᠤᠲᠠ ᠶᠢᠨ 2022 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠳᠠᠯᠤᠯᠲᠠ
ᠨᠡᠶᠢᠲᠡᠯᠡᠭᠰᠡᠨ ᠴᠠᠭ᠄
2022/12/2
     ᠡᠨᠡ ᠵᠢᠯ ᠠᠴᠠ ᠨᠠᠭᠠᠰᠢ᠂ ᠷᠠᠰᠢᠶᠠᠨ ᠬᠤᠲᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠲᠤᠮᠳᠠ ᠤᠷᠤᠬᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠠᠴᠠ ᠲᠦᠷᠦᠭᠦᠤ ᠬᠠᠭᠠᠰ ᠵᠢᠯ ᠳᠤ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠤᠭᠰᠠᠨ ᠪᠠᠶᠢᠨ᠎ᠠ᠃      ᠨᠢᠬᠡ᠂ ᠠᠵᠦ ᠠᠬᠤᠢ ᠶᠢᠨ ᠠᠵᠢᠯᠯᠠᠭᠠᠨ ᠤ ᠦᠨᠳᠦᠰᠦᠨ ᠪᠠᠶᠢᠳᠠᠯ      ︵ᠨᠢᠬᠡ︶ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ  ᠦᠷᠳᠡᠭ ᠪᠠᠭ᠎ᠠ ᠬᠡᠮᠵᠢᠶ᠎ᠡ ᠪᠠᠷ ᠳᠡᠭᠡᠭᠰᠢᠯᠡᠵᠡᠢ      ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ᠂ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.84 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ᠃ ᠭᠤᠷᠪᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 6.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃ ᠠᠵᠤ ᠦᠢᠯᠡᠰ ᠤᠨ ᠬᠤᠪᠢ ᠶᠢᠨ ᠵᠢᠩ ᠢ  ᠭᠤᠷᠪᠠ ᠤᠳᠠᠭ᠎ᠠ 8.4᠄ 28᠄ 63.6 ᠪᠣᠯᠭᠠᠨ ᠳᠣᠭᠢᠷᠠᠭᠤᠯᠪᠠ᠃      ︵ᠬᠤᠶᠠᠷ︶ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠭᠡ ᠪᠠᠷ ᠪᠠᠭᠤᠷᠠᠵᠤ ᠴᠠᠬᠢᠯᠭᠠᠨ ᠬᠡᠷᠡᠭᠯᠡᠬᠦ ᠬᠡᠮᠵᠢᠶ᠎ᠡ ᠪᠠᠭᠤᠷᠠᠬᠤ ᠬᠠᠨᠳᠤᠰᠢ ᠲᠠᠢ ᠪᠣᠯᠪᠠ      ᠲᠦᠷᠦᠭᠦᠤ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ 3476.3 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.2%  ᠪᠠᠷ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠣᠷᠣᠯᠠᠭᠤᠯᠭ᠎ᠠ ᠶᠢᠨ ᠦᠢᠯᠡᠳᠬᠦᠨ ᠤ ᠦᠷᠳᠡᠭ 3379.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠪᠠᠷ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 97.2% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.1 ᠵᠠᠭᠤᠨ ᠤ ᠨᠢᠭᠡᠴᠢ ᠪᠠᠷ ᠳᠡᠭᠡᠭᠰᠢᠯᠡᠪᠡ᠃ ᠷᠠᠰᠢᠶᠠᠨ ᠤᠰᠤᠨ ᠤ  ᠦᠢᠯᠡᠳᠪᠦᠷᠢᠯᠡᠯ ᠤᠨ ᠬᠡᠮᠵᠢᠶ᠎ᠡ 19228 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.9% ᠪᠠᠷ ᠪᠠᠭᠤᠷᠠᠪᠠ᠃      ᠲᠦᠷᠦᠭᠦᠤ ᠬᠠᠭᠠᠰ ᠵᠢᠯ ᠳᠤ᠂ ᠪᠥᠬᠦ ᠨᠡᠶᠢᠭᠡᠮ ᠢᠶᠠᠷ ᠢᠶᠠᠨ ᠨᠡᠶᠢᠲᠡ 5479 ᠲᠦᠮᠡᠨ ᠺᠢᠯᠣᠸᠠᠲ ᠤᠨ ᠴᠠᠬᠢᠯᠭᠠᠨ ᠬᠡᠷᠡᠭᠯᠡᠵᠦ ᠠᠳᠠᠯᠢ ᠬᠤᠭᠤᠴᠠᠭᠠᠨ ᠤ ᠬᠢ ᠠᠴᠠ 9.2% ᠢᠶᠠᠷ ᠪᠠᠭᠤᠷᠠᠪᠠ᠃ ᠪᠥᠬᠦ ᠠᠵᠢᠯ ᠲᠥᠷᠥᠯ ᠨᠡᠶᠢᠲᠡ 4095 ᠲᠦᠮᠡᠨ ᠺᠢᠯᠣᠸᠠᠲ ᠤᠨ ᠴᠠᠬᠢᠯᠭᠠᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 13.1% ᠪᠠᠷ ᠪᠠᠭᠤᠷᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠨᠡᠶᠢᠲᠡ 1384 ᠲᠦᠮᠡᠨ ᠺᠢᠯᠣᠸᠠᠲ ᠤᠨ ᠴᠠᠬᠢᠯᠭᠠᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠡᠶ᠃ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠯᠲᠡ ᠳᠤ᠄ ᠨᠢᠭᠡᠳᠦᠭᠡᠷ ᠠᠵᠤ ᠦᠢᠯᠡᠰ ᠲᠤ ᠨᠡᠶᠢᠲᠡ 88 ᠲᠦᠮᠡᠨ ᠺᠢᠯᠣᠸᠠᠲ ᠤᠨ ᠴᠠᠬᠢᠯᠭᠠᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠪᠠ᠃ ᠬᠤᠶᠠᠳᠤᠭᠠᠷ ᠠᠵᠤ ᠦᠢᠯᠡᠰ ᠲᠤ ᠨᠡᠶᠢᠲᠡ 1850 ᠲᠦᠮᠡᠨ ᠺᠢᠯᠣᠸᠠᠲ ᠤᠨ ᠴᠠᠬᠢᠯᠭᠠᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 23% ᠪᠠᠷ ᠪᠠᠭᠤᠷᠠᠪᠠ᠃ ᠭᠤᠷᠪᠠᠳᠤᠭᠠᠷ ᠠᠵᠤ ᠦᠢᠯᠡᠰ ᠲᠤ ᠨᠡᠶᠢᠲᠡ 2157 ᠲᠦᠮᠡᠨ ᠺᠢᠯᠣᠸᠠᠲ ᠤᠨ ᠴᠠᠬᠢᠯᠭᠠᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠪᠠ᠃      ︵ᠭᠤᠷᠪᠠ︶ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠦᠷᠭᠦᠯᠵᠢᠯᠡᠨ ᠳᠡᠭᠡᠭᠰᠢᠯᠡᠵᠦ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ       ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 6.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.1% ᠪᠠᠷ ᠨᠡᠮᠡᠭᠳᠡᠨ᠂ ᠣᠨ ᠤ ᠲᠥᠯᠥᠪᠯᠡᠭᠡ ᠶᠢᠨ ᠡᠭᠦᠷᠭᠡ ᠪᠠᠨ 58.3% ᠪᠠᠷ ᠪᠡᠶᠡᠯᠡᠬᠦᠯᠵᠡᠢ᠃ ᠳᠡᠭᠡᠷ᠎ᠡ ᠬᠠᠭᠠᠰ ᠵᠢᠯ 25 ᠪᠠᠷᠢᠯᠭ᠎ᠠ ᠶᠢᠨ ᠲᠥᠷᠥᠯ ᠵᠦᠢᠯ ᠪᠠᠶᠢᠵᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ  ᠵᠦᠢᠯ 7 ᠪᠠᠶᠢᠵᠤ᠂ 4.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠡᠳ ᠪᠥᠬᠦ ᠪᠠᠯᠠ ᠣᠷᠣᠭᠤᠯᠤᠯᠲᠠ ᠶᠢᠨ ᠲᠣᠭᠠᠨ ᠤ 68.3% ᠶᠢ ᠡᠵᠡᠯᠡᠪᠡ  ᠃ 500 — 5000 ᠲᠦᠮᠡᠨ ᠲᠥᠭᠦᠷᠢᠭ ᠤᠨ ᠲᠥᠷᠥᠯ ᠵᠦᠢᠯ 18 ᠪᠠᠶᠢᠵᠤ᠂ 1.94 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠡᠳ ᠪᠥᠬᠦ ᠪᠠᠯᠠ ᠣᠷᠣᠭᠤᠯᠤᠯᠲᠠ ᠶᠢᠨ ᠲᠣᠭᠠᠨ ᠤ 31.7% ᠶᠢ ᠡᠵᠡᠯᠡᠪᠡ᠃       ︵ᠳᠥᠷᠪᠡ︶ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠶ ᠪᠤᠯᠪᠠᠴᠤ ᠵᠤᠭᠠᠴᠠᠯ  ᠤᠨ ᠦᠢᠯᠡᠰ ᠶᠡᠭᠡ ᠪᠠᠷ ᠪᠠᠭᠤᠷᠠᠪᠠ      ᠲᠦᠷᠦᠭᠦᠤ ᠬᠠᠭᠠᠰ ᠵᠢᠯ ᠳᠤ᠂ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 22987.1 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠄ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 13024.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠲᠤᠭ᠎ᠠ 26271.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ᠃ ᠬᠤᠨᠤᠭᠯᠠᠯ ᠤᠨ ᠦᠢᠯᠡᠰ  ᠤᠨ ᠡᠵᠡᠩᠨᠡᠯᠲᠡ ᠶᠢᠨ ᠨᠣᠷᠮ᠎ᠠ 955.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠪᠠᠭᠤᠷᠠᠪᠠ᠃ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ 10355.3 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠪᠠ᠃      ᠳᠡᠭᠡᠷ᠎ᠡ ᠬᠠᠭᠠᠰ ᠵᠢᠯ ᠳᠤ᠂ ᠵᠤᠭᠠᠴᠠᠭᠰᠠᠳ ᠤᠨ ᠲᠤᠭ᠎ᠠ 9.48 ᠲᠦᠮᠡᠨ ᠬᠥᠮᠦᠨ ︵ᠤᠳᠠᠭ᠎ᠠ ︶ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.7%  ᠪᠠᠷ ᠪᠠᠭᠤᠷᠠᠪᠠ᠃ ᠵᠤᠭᠠᠴᠠᠯ ᠤᠨ ᠣᠷᠣᠯᠭ᠎ᠠ 1.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 88%  ᠪᠠᠷ ᠪᠠᠭᠤᠷᠠᠪᠠ᠃      ︵ᠲᠠᠪᠤ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠪᠠᠶᠢᠨ᠎ᠠ      ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠪᠠᠷ  ᠡᠵᠡᠮᠳᠡᠵᠦ  ᠪᠣᠯᠬᠤ ᠣᠷᠣᠯᠭ᠎ᠠ 12813 ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 7.1% ᠪᠠᠷ ᠨᠡᠮᠡᠭᠳᠡᠨ᠂ ᠬᠠᠷᠢᠴᠠᠯᠠᠰᠢᠭᠦᠶ ᠲᠤᠭ᠎ᠠ ᠨᠢ ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠣᠷᠣᠵᠤ᠂ ᠪᠥᠬᠦ ᠬᠤᠲᠠ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ 6.9 ᠵᠠᠭᠤᠨ ᠤ ᠨᠢᠭᠡᠴᠢ ᠪᠠᠷ ᠲᠦᠷᠭᠡᠨ ᠪᠣᠯᠵᠠᠶ᠂ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17914 ᠲᠥᠭᠦᠷᠢᠭ ᠪᠠᠶᠢᠵᠤ᠂ 5.8% ᠪᠠᠷ ᠨᠡᠮᠡᠭᠳᠡᠨ᠂ ᠬᠠᠷᠢᠴᠠᠯᠠᠰᠢᠭᠦᠶ ᠲᠤᠭ᠎ᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠳᠥᠷᠪᠡᠳᠦᠭᠡᠷ ᠲᠤ ᠣᠷᠣᠵᠤ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ 5.6 ᠵᠠᠭᠤᠨ ᠤ ᠨᠢᠬᠡᠴᠢ ᠪᠠᠷ ᠨᠡᠮᠡᠭᠳᠡᠵᠡᠢ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6841 ᠲᠥᠭᠦᠷᠢᠭ ᠲᠤ ᠬᠦᠷᠴᠦ᠂ 7.5% ᠪᠠᠷ ᠨᠡᠮᠡᠭᠳᠡᠨ᠂ ᠬᠠᠷᠢᠴᠠᠯᠠᠰᠢᠭᠦᠶ ᠲᠤᠭ᠎ᠠ ᠨᠢ ᠪᠥᠬᠦ ᠠᠶᠢᠮᠠᠭ ᠤᠨ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠣᠷᠣᠵᠤ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ 7.3 ᠵᠠᠭᠤᠨ ᠤ ᠨᠢᠭᠡᠴᠢ ᠪᠠᠷ ᠲᠦᠷᠭᠡᠨ ᠪᠣᠯᠪᠠ᠃ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.62 ᠪᠣᠯᠤᠨ᠎ᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 8547 ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 4.6% ᠪᠠᠷ ᠨᠡᠮᠡᠭᠳᠡᠪᠡ᠂ ᠡᠭᠦᠨ ᠳᠤ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 10379 ᠲᠥᠭᠦᠷᠢᠭ ᠲᠤ ᠬᠦᠷᠴᠦ᠂ 3.8% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 6294 ᠲᠥᠭᠦᠷᠢᠭ ᠲᠤ ᠬᠦᠷᠴᠦ᠂ 5.9% ᠪᠠᠷ ᠨᠡᠮᠡᠭᠳᠡᠪᠡ᠃      ︵ᠵᠢᠷᠭᠤᠭ᠎ᠠ︶ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠶᠠᠪᠤᠭᠳᠠᠵᠤ ᠪᠠᠶᠢᠨ᠎ᠠ      ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠨᠡᠶᠢᠲᠡ 2860 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.35% ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 1180 ᠲᠦᠮᠡᠨ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 41.3% ᠶᠢ ᠡᠵᠡᠯᠡᠪᠡ᠃ ᠭᠠᠶᠢᠯᠢ ᠶᠢᠨ ᠪᠤᠰᠤ ᠣᠷᠣᠯᠭ᠎ᠠ 1680 ᠲᠦᠮᠡᠨ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 58.7% ᠶᠢ ᠡᠵᠡᠯᠡᠵᠦ ︵ᠳᠡᠭᠡᠷ᠎ᠡ ᠬᠠᠭᠠᠰ ᠵᠢᠯ ᠤᠨ ᠤᠷᠤᠯᠭ᠎ᠠ︶᠂ ᠪᠥᠬᠦ ᠬᠤᠲᠠ ᠶᠢᠨ ᠡᠩ ᠤᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 84556 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.87% ᠪᠠᠷ ᠪᠠᠭᠤᠷᠠᠪᠠ᠃      ︵ᠳᠣᠯᠤᠭ᠎ᠠ︶ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠲᠣᠭᠲᠠᠭᠤᠨ ᠢᠶᠠᠷ ᠶᠠᠪᠤᠬᠳᠠᠵᠦ ᠪᠠᠶᠢᠨ᠎ᠠ       6 ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠶᠢᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠣᠨ ᠤ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 42.91 ᠳ᠋ᠦᠩᠰᠢᠭᠤᠷ ᠲᠥᠭᠦᠷᠢᠭ᠂ 39.52 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.58% ᠪᠠᠷ ᠨᠡᠮᠡᠭᠳᠡᠪᠡ᠃ ᠪᠥᠬᠦ ᠬᠤᠲᠠ ᠶᠢᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 37.46 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 2.24% ᠪᠠᠷ ᠪᠠᠭᠤᠷᠠᠪᠠ᠃      ᠬᠤᠶᠠᠷ᠂ ᠠᠵᠦ ᠠᠬᠤᠢ ᠶᠢᠨ ᠠᠵᠢᠯᠯᠠᠭᠠᠨ ᠳᠤ ᠤᠷᠤᠰᠢᠵᠦ ᠪᠠᠶᠢᠭ᠎ᠠ ᠠᠰᠠᠭᠤᠳᠠᠯ      ︵ᠨᠢᠭᠡ︶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠵᠠᠯᠭᠠᠮᠵᠢ ᠲᠤᠯᠭᠠᠭᠤᠷᠢᠯᠠᠯ ᠬᠦᠴᠦᠨ ᠬᠦᠷᠦᠯᠴᠡᠬᠦ ᠥᠬᠡᠶ᠃ ᠨᠢᠭᠡ ᠳᠤ ᠪᠠᠯᠠ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠲᠦᠷᠢᠮ ᠤᠨ ᠥᠭᠡᠷᠡᠴᠢᠯᠡᠯᠲᠡ ᠶᠢᠨ ᠨᠥᠯᠥᠭᠡ ᠠᠴᠠ ᠪᠣᠯᠵᠣ᠂ ᠳᠡᠭᠡᠳᠦ ᠱᠠᠲᠤᠨ ᠤ ᠬᠢᠨ ᠪᠠᠯᠠ ᠣᠷᠣᠭᠤᠯᠤᠯᠲᠠ ᠶᠢᠨ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠶᠢ ᠬᠢᠨᠠᠨ ᠬᠠᠷᠭᠤᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠳᠤ ᠡᠷᠬᠡᠪᠰᠢ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠪᠦᠷᠢᠨ ᠬᠦᠢᠴᠡᠳ ᠮᠠᠲ᠋ᠧᠷᠢᠶᠠᠯ ᠢ ᠬᠠᠩᠭᠠᠬᠤ ᠬᠡᠷᠡᠭᠲᠡᠶ᠂ ᠣᠨᠴᠠ ᠵᠠᠷᠢᠮ ᠴᠢᠬᠤᠯᠠ ᠶᠡᠭᠡ ᠲᠦᠷᠦᠯ ᠵᠦᠢᠯ ᠤᠨ ᠭᠠᠷ ᠬᠦᠢᠴᠡᠳᠬᠡᠯ ᠢ ᠴᠠᠭ ᠲᠤᠬᠠᠶ ᠳᠤᠨᠢ ᠬᠦᠢᠴᠡᠳᠭᠡᠭᠰᠡᠨ ᠥᠬᠡᠶ ᠪᠤᠶᠤ ᠴᠠᠭ ᠬᠤᠭᠤᠴᠠᠭ᠎ᠠ ᠶᠢ ᠬᠡᠲᠦ ᠤᠷᠲᠤᠳᠬᠠᠭᠰᠠᠨ ᠠᠴᠠ ᠪᠣᠯᠵᠣ᠂  ᠲᠦᠷᠦᠯ ᠵᠦᠢᠯ ᠢ ᠴᠠᠭ ᠲᠤᠬᠠᠶ ᠳᠤᠨᠢ ᠬᠥᠮᠥᠷᠭᠡ ᠳᠤ ᠣᠷᠣᠭᠤᠯᠤᠨ ᠪᠦᠷᠢᠳᠬᠡᠵᠦ ᠳᠡᠶᠢᠯᠬᠦ ᠥᠬᠡᠶ ᠪᠣᠯᠵᠠᠶ᠃ ᠵᠢᠱᠢᠶᠡᠯᠡᠪᠡᠯ᠄ ᠷᠠᠰᠢᠶᠠᠨ ᠤ ᠲᠠᠢ ᠸᠧᠢ ᠬᠠᠯᠠᠭᠤᠨ ᠷᠠᠰᠢᠶᠠᠨ ᠤ ᠠᠮᠠᠷᠠᠯᠲᠠ ᠶᠢᠨ ᠶᠡᠭᠡ ᠪᠠᠭᠤᠳᠠᠯ᠂ ᠷᠠᠰᠢᠶᠠᠨ ᠪᠣᠭᠤᠮᠲᠠ ᠶᠢᠨ ᠤᠰᠤᠨ ᠭᠠᠷᠤᠯᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠦᠷᠦᠯ ᠵᠦᠢᠯ᠃ ᠬᠤᠶᠠᠷ ᠲᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠦᠷᠦᠯ ᠵᠦᠢᠯ ᠨᠢ ᠪᠠᠯᠠ ᠮᠥᠩᠭᠦ᠂ ᠣᠶᠢᠲᠤ ᠭᠠᠵᠠᠷ ᠵᠡᠷᠭᠡ ᠬᠤᠯᠪᠣᠭᠳᠠᠯ ᠪᠥᠬᠦᠶ ᠬᠦᠴᠦᠨ ᠵᠦᠢᠯ ᠤᠨ ᠨᠥᠯᠥᠭᠡ ᠶᠢ ᠭᠥᠷᠳᠡᠵᠦ᠂ ᠲᠥᠯᠥᠪᠯᠡᠭᠡ ᠶᠣᠰᠣᠭᠠᠷ ᠬᠡᠷᠡᠭᠵᠢᠭᠦᠯᠵᠦ ᠳᠡᠶᠢᠯᠬᠦ ᠡᠰᠡᠬᠦ ᠳᠤ ᠵᠣᠬᠢᠬᠤ ᠲᠣᠭᠲᠠᠭᠠᠯᠲᠤ ᠪᠤᠰᠤ ᠴᠢᠨᠠᠷ ᠣᠷᠣᠰᠢᠵᠤ ᠪᠠᠶᠢᠨ᠎ᠠ᠃ ᠨᠡᠶᠢᠭᠡᠮ ᠤᠨ ᠪᠡᠯᠡ ᠣᠷᠣᠭᠤᠯᠤᠯᠲᠠ ᠶᠢᠨ ᠬᠡᠰᠡᠭ ᠲᠦᠷᠦᠯ ᠵᠦᠢᠯ ᠨᠢ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢᠨ ᠨᠥᠯᠥᠭᠡ ᠶᠢ ᠬᠦᠷᠳᠡᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠶᠢᠨ ᠳᠠᠬᠢᠨ ᠳᠡᠭᠡᠭᠰᠢᠯᠡᠬᠦ ᠰᠠᠭᠤᠷᠢ ᠪᠠᠰᠠ ᠪᠠᠲᠤ ᠪᠠᠬᠢ ᠪᠢᠰᠢ᠂ ᠵᠠᠬ᠎ᠠ ᠳᠡᠯᠭᠡᠭᠦᠷ ᠤᠨ ᠲᠣᠭᠲᠠᠴᠠ ᠶᠢᠨ ᠳᠣᠲᠣᠭᠠᠳᠤ ᠲᠦᠯᠬᠢᠴᠡ ᠬᠦᠴᠦᠨ ᠢᠶᠠᠷ ᠳᠤᠲᠠᠮᠠᠭ ᠪᠠᠶᠢᠨ᠎ᠠ᠃ ᠭᠤᠷᠪᠠ ᠳᠤ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠠᠴᠠ ᠦᠵᠡᠪᠡᠯ᠂ ᠰᠠᠭᠤᠷᠢ ᠲᠥᠬᠦᠭᠡᠷᠦᠮᠵᠢ ᠶᠢᠨ ᠲᠥᠷᠥᠯ ᠤᠨ ᠲᠥᠷᠥᠯ  ᠵᠦᠢᠯ ᠣᠯᠠᠨ ᠪᠠᠶᠢᠵᠤ᠂ ᠦᠢᠯᠡᠳᠪᠦᠷᠢᠯᠡᠯ  ᠤᠨ ᠴᠢᠨᠠᠷᠲᠠᠶ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠪᠠ ᠠᠵᠤ  ᠦᠢᠯᠡᠰ ᠤᠨ ᠲᠥᠷᠥᠯ ᠤᠨ ᠲᠥᠷᠥᠯ ᠵᠦᠢᠯ ᠤᠨ ᠡᠵᠡᠯᠡᠬᠦ ᠬᠠᠷᠢᠴᠠᠯ ᠥᠨᠳᠥᠷ ᠪᠢᠰᠢ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠢ ᠨᠡᠯᠢᠶᠡᠳ ᠰᠠᠶᠢᠨ ᠪᠡᠶᠡᠯᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠠᠬᠢᠴᠠ ᠤᠳᠠᠭᠠᠨ ᠪᠠᠶᠢᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠳᠠᠶᠢᠴᠢᠯᠠᠬᠤ  ᠦᠢᠯᠡᠳᠦᠯ ᠢᠯᠡᠷᠬᠡᠶ ᠪᠢᠰᠢ ᠪᠠᠶᠢᠨ᠎ᠠ᠃      ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠰᠡᠯᠭᠦᠬᠦ ᠬᠦᠴᠦᠨ ᠬᠦᠨᠳᠦ ᠨᠤᠴᠢᠳᠠᠢ ᠳᠤᠲᠠᠭᠳᠠᠵᠤ ᠪᠠᠶᠢᠨ᠎ᠠ᠃ ᠤᠷᠲᠤ ᠬᠤᠭᠤᠴᠠᠭᠠᠨ ᠤ ᠲᠤᠷᠰᠢ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠴᠥᠭᠡᠨ᠂ ᠬᠡᠪᠴᠢᠶ᠎ᠡ ᠪᠠᠭ᠎ᠠ᠂ ᠠᠵᠤ ᠠᠬᠤᠶᠢᠯᠠᠯ ᠤᠨ ᠨᠥᠭᠡᠴᠡ ᠶᠢᠨ ᠬᠡᠮᠵᠢᠶ᠎ᠡ ᠬᠦᠷᠦᠯᠴᠡᠬᠦ ᠦᠭᠡᠢ᠂ ᠲᠥᠪᠯᠡᠷᠡᠯ ᠤᠨ ᠬᠡᠮᠵᠢᠶ᠎ᠡ ᠳᠣᠣᠷ᠎ᠠ᠂ ᠬᠡᠪᠴᠢᠶᠡᠵᠢᠯ ᠠᠴᠠ ᠳᠣᠷᠣᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠳᠠᠭᠠᠨ ᠪᠠᠶᠢᠨ᠎ᠠ᠃ ᠠᠵᠤ ᠠᠬᠤᠶᠢᠯᠠᠯ ᠤᠨ ᠲᠤᠰ ᠪᠡᠶ᠎ᠡ ᠶᠢᠨ ᠰᠠᠭᠤᠷᠢ ᠨᠢᠮᠭᠡᠨ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠭᠤᠷᠠᠢ ᠪᠠᠶᠢᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠰᠠᠭᠤᠷᠢ ᠨᠢ ᠪᠠᠲᠤ ᠪᠢᠰᠢ᠂ ᠪᠠᠯᠠ ᠮᠦᠩᠭᠦᠨ  ᠤ ᠰᠠᠭᠤᠷᠢ ᠨᠢᠮᠭᠡᠨ ᠪᠠᠶᠢᠵᠤ᠂ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠥᠰᠬᠦ᠂ ᠬᠥᠳᠡᠯᠮᠦᠷᠢ ᠬᠦᠴᠦᠨ ᠤ ᠥᠪᠡᠷ ᠤᠨ ᠥᠷᠲᠡᠭ ᠥᠰᠬᠦ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠶᠡᠬᠡᠳᠬᠦ ᠪᠠᠶᠢᠳᠠᠯ ᠨᠡᠶᠢᠳᠡᠮ ᠣᠷᠣᠰᠢᠵᠤ᠂ ᠬᠤᠶᠠᠳᠤᠭᠠᠷ ᠠᠵᠤ  ᠦᠢᠯᠡᠰ ᠤᠨ ᠬᠥᠭᠵᠢᠯᠲᠡ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃      ︵ᠭᠤᠷᠪᠠ︶ ᠵᠤᠭᠠᠴᠠᠯ ᠤᠨ ᠠᠵᠤ ᠠᠬᠤᠶ ᠶᠢ ᠲᠦᠷᠭᠡᠨ ᠰᠡᠷᠭᠦᠭᠡᠬᠦ ᠴᠢᠬᠤᠯᠠᠲᠠᠶ ᠪᠠᠶᠢᠨ᠎ᠠ᠃ ᠨᠢᠭᠡᠳᠦᠭᠡᠷ ᠤᠯᠠᠷᠢᠯ ᠤᠨ ᠵᠤᠭᠠᠴᠠᠯ ᠤᠨ ᠲᠤᠭ᠎ᠠ ᠪᠠᠷᠢᠮᠲᠠ ᠶᠢᠨ ᠵᠠᠳᠠᠯᠤᠯᠲᠠ ᠠᠴᠠ ᠦᠵᠡᠪᠡᠯ᠂ ᠵᠤᠭᠠᠴᠠᠯ ᠤᠨ ᠠᠵᠤ ᠠᠬᠤᠶ ᠶᠢᠨ ᠪᠠᠭᠤᠷᠠᠯᠲᠠ ᠬᠦᠨᠳᠦ ᠨᠣᠴᠢᠲᠠᠶ ᠪᠠᠶᠢᠨ᠎ᠠ᠃ ᠬᠢᠵᠢᠭ ᠤᠨ ᠪᠠᠶᠢᠳᠠᠯ ᠤᠨ ᠨᠥᠯᠥᠭᠡ ᠪᠠᠷ᠂ 2020 ᠣᠨ ᠠᠴᠠ ᠡᠬᠢᠯᠡᠨ ᠂ ᠮᠠᠨ ᠤ ᠬᠤᠲᠠ ᠶᠢᠨ  ᠵᠤᠭᠠᠴᠠᠯ ᠤᠨ ᠠᠵᠤ ᠦᠢᠯᠡᠰ ᠬᠦᠨᠳᠦ ᠬᠤᠬᠢᠷᠠᠯ ᠳᠤ ᠤᠴᠠᠷᠠᠵᠤ᠂ ᠵᠤᠭᠠᠴᠠᠯ ᠤᠨ ᠠᠵᠤ ᠠᠬᠤᠶ ᠶᠢᠨ ᠳᠠᠶᠢᠴᠢᠯᠠᠯᠲᠠ ᠳᠣᠤᠷᠠᠬᠢ  ᠬᠤᠨᠤᠭᠯᠠᠯ ᠪᠠᠭᠤᠳᠠᠯ᠂ ᠢᠳᠡᠭᠡᠨ ᠤᠮᠳᠠᠭᠠᠨ᠂ ᠵᠠᠮ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠬᠡᠬᠡ ᠵᠡᠷᠭᠡ ᠭᠤᠷᠪᠠᠳᠤᠭᠠᠷ ᠠᠵᠤ  ᠦᠢᠯᠡᠰ ᠤᠨ ᠵᠠᠬ᠎ᠠ ᠳᠡᠯᠭᠡᠭᠦᠷ ᠦᠷᠭᠦᠯᠵᠢᠯᠡᠨ ᠪᠠᠭᠤᠷᠠᠵᠤ ᠪᠠᠶᠢᠨ᠎ᠠ᠃ ᠮᠠᠨ ᠤ ᠬᠤᠲᠠ ᠪᠣᠯ  ᠵᠤᠭᠠᠴᠠᠯ  ᠤᠨ ᠦᠢᠯᠡᠰ ᠢᠶᠠᠷ ᠭᠤᠣᠯᠯᠠᠬᠤ ᠠᠵᠤ ᠦᠢᠯᠡᠰ ᠢᠶᠠᠨ ᠪᠣᠯᠭᠠᠭᠰᠠᠨ ᠵᠤᠭᠠᠴᠠᠯ ᠤᠨ ᠬᠤᠲᠠ ᠮᠥᠨ᠂ ᠭᠤᠷᠪᠠᠳᠤᠭᠠᠷ ᠠᠵᠤ ᠦᠢᠯᠡᠰ ᠬᠤᠬᠢᠷᠠᠯ ᠳᠤ ᠤᠴᠠᠷᠠᠭᠰᠠᠨ ᠠᠴᠠ ᠪᠣᠯᠵᠤ᠂ ᠬᠤᠲᠠ ᠶᠢᠨ ᠬᠡᠪᠴᠢᠶᠡᠨ ᠤ ᠠᠵᠤ ᠠᠬᠤᠶ ᠶᠢᠨ ᠳᠡᠭᠡᠭᠰᠢᠯᠡᠯᠲᠡ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃      ︵ᠳᠥᠷᠪᠡ︶ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠢᠴᠡᠳ ᠪᠠᠳᠠᠷᠠᠭᠤᠯᠤᠭᠠᠳᠤᠶ ᠃ ᠨᠢᠭᠡ ᠳᠤ ᠵᠤᠭᠠᠴᠠᠯ ᠤᠨ ᠦᠢᠯᠡᠰ ᠬᠠᠷᠠᠬᠠᠨ ᠰᠡᠷᠭᠦᠵᠦ ᠬᠦᠭᠵᠢᠭᠡᠳᠦᠢ ᠪᠤᠯᠬᠤᠷ ᠬᠤᠨᠤᠭᠯᠠᠯ ᠪᠠᠭᠤᠳᠠᠯ᠂ ᠢᠳᠡᠭᠡᠨ ᠤᠮᠳᠠᠭᠠᠨ ᠤ ᠦᠢᠯᠡᠰ ᠤᠨ ᠰᠡᠷᠭᠦᠯᠲᠡ ᠶᠢ ᠰᠢᠭᠤᠳ ᠨᠥᠯᠥᠭᠡᠯᠡᠵᠦ ᠪᠠᠶᠢᠨ᠎ᠠ᠃ ᠵᠤᠭᠠᠴᠠᠯ ᠤᠨ ᠦᠢᠯᠡᠰ ᠨᠢ ᠬᠤᠨᠤᠬᠯᠠᠯ ᠪᠠᠭᠤᠳᠠᠯ᠂ ᠢᠳᠡᠭᠡᠨ ᠤᠮᠳᠠᠭᠠᠨ ᠤ ᠦᠢᠯᠡᠰ ᠲᠠᠢ ᠨᠢᠭᠲᠠ ᠬᠤᠯᠪᠣᠭ᠎ᠠ ᠲᠠᠢ ᠪᠠᠶᠢᠵᠤ᠂ ᠬᠢᠵᠢᠭ ᠤᠨ ᠪᠠᠶᠢᠳᠠᠯ ᠤᠨ ᠭᠡᠨᠡᠳᠲᠡ ᠶᠢᠨ ᠨᠥᠯᠥᠭᠡ ᠠᠴᠠ ᠪᠣᠯᠵᠣ᠂ ᠠᠶᠠᠨᠴᠢᠳ ᠤᠨ ᠴᠤᠪᠤᠷᠠᠯ ᠢ ᠳᠠᠬᠢᠨ ᠴᠤᠭᠯᠠᠷᠠᠭᠤᠯᠬᠤ ᠶᠢ ᠬᠠᠷᠠᠬᠠᠨ ᠪᠡᠶᠡᠯᠡᠭᠦᠯᠵᠦ ᠳᠡᠶᠢᠯᠬᠦ ᠥᠬᠡᠶ᠂ ᠬᠤᠨᠤᠬᠯᠠᠯ ᠪᠠᠭᠤᠳᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢᠨ ᠡᠮᠬᠢ ᠵᠢᠷᠤᠮ ᠢ ᠬᠠᠷᠠᠬᠠᠨ ᠰᠡᠷᠭᠦᠭᠡᠵᠦ ᠳᠡᠶᠢᠯᠬᠦ ᠥᠬᠡᠶ ᠪᠠᠶᠢᠨ᠎ᠠ᠃ ᠬᠤᠶᠠᠷ ᠲᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ ᠪᠠ ᠬᠤᠭᠤᠯᠠᠨ ᠬᠡᠷ ᠤᠨ ᠠᠵᠤ ᠠᠬᠤᠶᠢᠯᠠᠯ ᠤᠨ ᠣᠷᠣᠯᠭ᠎ᠠ ᠲᠦᠷᠭᠡᠨ ᠬᠠᠰᠤᠭᠳᠠᠵᠤ᠂ ᠢᠯᠠᠩᠭᠤᠶ᠎ᠠ ᠢᠳᠡᠭᠡᠨ ᠤᠮᠳᠠᠭᠠᠨ᠂ ᠬᠤᠨᠤᠬᠯᠠᠯ ᠪᠠᠭᠤᠳᠠᠯ ᠤᠨ ᠠᠵᠤ ᠠᠬᠤᠶᠢᠯᠠᠯ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠨᠥᠯᠥᠭᠡ ᠠᠴᠠ ᠪᠣᠯᠵᠣ᠂ ᠠᠶᠠᠨᠴᠢᠳ ᠤᠨ ᠲᠤᠭ᠎ᠠ ᠬᠡᠮᠵᠢᠶ᠎ᠡ ᠶᠡᠭᠡ ᠪᠠᠷ ᠪᠠᠭᠠᠰᠴᠤ᠂ ᠡᠵᠡᠩᠨᠡᠯᠲᠡ ᠶᠢᠨ ᠣᠷᠣᠯᠭ᠎ᠠ ᠶᠡᠭᠡ ᠪᠠᠷ ᠪᠠᠭᠤᠷᠠᠪᠠ᠃ ᠭᠤᠷᠪᠠ ᠳᠤ᠂ ᠮᠠᠨ ᠤ ᠬᠤᠲᠠ ᠪᠣᠯ ᠨᠡᠭᠦᠳᠡᠯ ᠠᠷᠠᠳ ᠤᠨ ᠬᠤᠲᠠ ᠳᠤ ᠬᠠᠷᠢᠶᠠᠯᠠᠭᠳᠠᠨ᠎ᠠ᠂ ᠰᠠᠭᠤᠷᠢ ᠮᠠᠭᠤ᠂ ᠰᠠᠭᠤᠷᠢ ᠨᠢᠮᠭᠡᠨ᠂ ᠰᠤᠷᠭᠠᠨ ᠬᠥᠮᠦᠵᠢᠯ᠂ ᠡᠮ ᠡᠮᠨᠡᠯᠭᠡ ᠬᠤᠴᠣᠷᠤᠩᠭᠤᠢ᠂ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠦᠢᠯᠡᠰ ᠬᠤᠴᠣᠷᠤᠩᠭᠤᠢ᠂ ᠵᠠᠰᠠᠭ ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠨᠢᠬᠡᠴᠢ ᠶᠢᠨ ᠠᠯᠪᠠᠨ ᠠᠵᠢᠯᠳᠠᠨ ᠤ ᠶᠡᠷᠦᠩᠬᠡᠢ ᠬᠥᠮᠦᠨ ᠠᠮᠠ ᠶᠢᠨ ᠡᠵᠡᠯᠡᠬᠦ ᠬᠠᠷᠢᠴᠠᠯ ᠨᠡᠯᠢᠶᠡᠳ ᠶᠡᠭᠡ ᠪᠠᠶᠢᠵᠤ᠂ ᠣᠯᠠᠩᠬᠢ ᠠᠯᠪᠠᠨ ᠠᠵᠢᠯᠳᠠᠨ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠭᠠᠵᠠᠷ ᠲᠤ ᠰᠠᠭᠤᠷᠢᠰᠢᠵᠤ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠨᠥᠬᠦᠴᠡᠯ ᠠᠨᠠᠢ ᠤᠴᠢᠷ ᠠᠴᠠ ᠺᠠᠳ᠋ᠷ ᠠᠵᠢᠯᠳᠠᠨ ᠢ ᠪᠠᠭᠲᠠᠭᠠᠭᠰᠠᠨ ᠰᠠᠭᠤᠭᠠᠯᠢ ᠠᠷᠠᠳ ᠤᠨ ᠨᠠᠰᠤᠲᠠᠶᠢᠴᠤᠳ ᠵᠢᠴᠢ ᠦᠷ᠎ᠡ ᠬᠡᠦᠬᠡᠳ ᠢ ᠴᠥᠮ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠥᠪᠬᠢᠨᠡᠭᠦᠯᠦᠭᠰᠡᠨ ᠪᠠ ᠰᠤᠷᠭᠠᠭᠤᠯᠢ ᠳᠤ ᠣᠷᠣᠭᠤᠯᠤᠭᠰᠠᠨ ᠪᠠᠶᠢᠨ᠎ᠠ᠃ ᠡᠶᠢᠮᠦ ᠠᠴᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠡᠷᠡᠭᠯᠡᠭᠡᠨ ᠤ ᠣᠷᠭᠢᠯ ᠤᠨ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠬᠥᠮᠦᠰ ᠴᠥᠮ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠭᠠᠵᠠᠷ ᠲᠤ ᠣᠴᠢᠵᠤ ᠬᠡᠷᠡᠭᠯᠡᠭᠡ ᠬᠢᠬᠦ ᠠᠴᠠ ᠪᠤᠯᠵᠤ ᠬᠡᠷᠡᠭᠯᠡᠭᠡ ᠶᠢᠨ ᠬᠡᠪᠴᠢᠶ᠎ᠠ ᠪᠠᠭᠤᠵᠤ᠂ ᠲᠤᠬᠠᠶ ᠶᠢᠨ ᠭᠠᠵᠠᠷ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠨᠡᠮᠡᠭᠳᠡᠬᠦ ᠶᠢ ᠨᠥᠯᠥᠭᠡᠯᠡᠭᠰᠡᠨ ᠪᠠᠶᠢᠨ᠎ᠠ᠃      ᠲᠦᠷᠪᠡ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠠᠪᠴᠠᠯ ᠵᠢᠴᠢ ᠰᠠᠨᠠᠭᠤᠯᠭ᠎ᠠ      ︵ᠨᠢᠭᠡ︶ ᠠᠵᠤ ᠦᠢᠯᠡᠳᠪᠦᠷᠢ ᠶᠢᠨ ᠠᠵᠤ ᠠᠬᠤᠶ ᠶᠢ ᠴᠢᠩᠭ᠎ᠠ ᠠᠳᠬᠤᠨ᠎ᠠ      ᠨᠢᠭᠡ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠣᠭᠲᠠᠭᠤᠨ ᠢᠶᠠᠷ ᠨᠡᠮᠡᠭᠳᠡᠭᠦᠯᠬᠦ ᠬᠠᠮ ᠲᠦᠷᠤ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠣᠭᠤᠰᠣᠨ ᠤ ᠲᠦᠷᠤ ᠶᠢᠨ ᠪᠤᠳᠤᠯᠭ᠎ᠠ ᠶᠢᠨ ᠡᠯ᠎ᠡ ᠲᠦᠷᠤᠯ ᠤᠨ ᠪᠠᠭᠠᠵᠢ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃      ᠬᠤᠶᠠᠷ ᠲᠤ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠨ ᠬᠤᠭᠤᠷᠣᠨᠳᠣᠬᠢ᠂ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠠᠮᠢᠶ᠎ᠠ ᠪᠥᠬᠦᠶ ᠡᠭᠦᠷᠭᠡ  ᠴᠢᠳᠠᠪᠬᠢᠳᠤ ᠰᠠᠯᠠᠭ᠎ᠠ ᠮᠥᠴᠢᠷ ᠤᠳ ᠠᠵᠤ  ᠦᠢᠯᠡᠳᠪᠦᠷᠢ ᠶᠢᠨ ᠠᠵᠤ ᠠᠬᠤᠶᠢᠯᠠᠯ ᠢ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠰᠠᠨᠠᠭᠠᠴᠢᠯᠠᠭᠠᠲᠤ ᠳᠡᠮᠵᠢᠯᠭᠡ ᠪᠠ ᠬᠠᠮᠵᠢᠯᠴᠠᠭ᠎ᠠ ᠶᠢ ᠴᠢᠷᠮᠠᠶᠢᠨ ᠤᠯᠬᠤ ᠬᠡᠷᠡᠭᠲᠡᠶ᠃ ᠡᠭᠦᠨ ᠤ  ᠬᠠᠮᠳᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠠᠯᠳᠠ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠦᠵᠡᠯᠲᠡ ᠪᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠴᠤ᠂ ᠤᠳᠤ ᠦᠶ᠎ᠡ ᠶᠢᠨ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠪᠦᠷᠢᠨ ᠲᠡᠭᠦᠯᠳᠡᠷ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢ ᠲᠡᠭᠡᠭᠰᠢᠯᠡᠬᠦᠯᠦᠨ᠎ᠡ᠃      ︵ᠬᠤᠶᠠᠷ︶ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ      ᠨᠢᠭᠡ   ᠳᠤ ᠲᠥᠷᠥᠯ ᠵᠦᠢᠯ ᠤᠨ ᠡᠮᠦᠨᠡᠬᠢ ᠬᠤᠭᠤᠴᠠᠭᠠᠨ   ᠤ ᠠᠵᠢᠯ   ᠢ ᠲᠦᠷᠭᠡᠳᠬᠡᠨ᠎ᠡ᠃ ᠰᠠᠯᠠᠭ᠎ᠠ ᠮᠥᠴᠢᠷ ᠤᠨ ᠬᠤᠯᠪᠣᠭᠠᠯᠠᠯ ᠢ ᠴᠢᠩᠭᠠᠳᠬᠠᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠬᠡᠷᠡᠭᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠬᠢᠨᠠᠨ ᠵᠥᠪᠰᠢᠶᠡᠷᠡᠬᠦ ᠭᠠᠷᠳᠠᠮ ᠢ ᠲᠦᠷᠭᠡᠨ ᠬᠦᠢᠴᠡᠳᠬᠡᠬᠦ ᠶᠢ ᠠᠬᠢᠭᠤᠯᠵᠤ ᠂ ᠭᠤᠷᠪᠠᠳᠤᠭᠠᠷ ᠤᠯᠠᠷᠢᠯ ᠤᠨ ᠪᠠᠷᠢᠯᠭ᠎ᠠ ᠪᠠᠷᠢᠬᠤ ᠰᠢᠵᠢᠷ ᠠᠯᠲᠠᠨ ᠬᠤᠭᠤᠴᠠᠭ᠎ᠠ ᠶᠢ ᠠᠮᠵᠢᠨ᠂ ᠠᠯᠢ ᠲᠦᠷᠭᠡᠨ ᠢᠶᠠᠷ  ᠪᠠᠷᠢᠯᠭ᠎ᠠ ᠪᠠᠷᠢᠨ᠎ᠠ᠃      ᠬᠤᠶᠠᠷ ᠲᠤ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠠᠵᠢᠯ ᠢ ᠪᠣᠳᠠᠲᠠᠶ ᠪᠠᠷ ᠠᠳᠬᠤᠨ᠎ᠠ᠃ ᠲᠦᠷᠦᠯ ᠵᠦᠢᠯ ᠤᠨ ᠬᠥᠮᠥᠷᠭᠡ ᠶᠢᠨ ᠨᠥᠭᠡᠴᠡᠯᠡᠬᠦ ᠲᠦᠷᠦᠯ ᠵᠦᠢᠯ ᠤᠨ ᠪᠠᠶᠢᠳᠠᠯ ᠢ ᠨᠠᠷᠢᠨ ᠬᠢᠨᠠᠮᠠᠭᠠᠢ ᠢᠯᠭᠠᠵᠦ᠂ ᠲᠤᠯᠭᠠᠭᠤᠷᠢᠯᠠᠬᠤ ᠬᠦᠴᠦᠨ ᠲᠠᠢ ᠲᠤᠮᠤ ᠲᠦᠷᠦᠯ ᠵᠦᠢᠯ ᠢ ᠡᠷᠢᠯᠬᠢᠯᠡᠨ᠎ᠡ᠃ ᠡᠭᠦᠨ ᠤ ᠬᠠᠮᠲᠤ᠂ ᠨᠥᠬᠦᠴᠡᠯ ᠪᠦᠷᠢᠯᠳᠦᠭᠦᠯᠦᠭᠰᠡᠨ ᠲᠥᠷᠥᠯ ᠵᠦᠢᠯ ᠳᠤ ᠴᠢᠭᠯᠡᠭᠦᠯᠦᠨ᠂ ᠡᠯ᠎ᠡ ᠲᠥᠷᠥᠯ ᠵᠦᠢᠯ ᠤᠨ ᠥᠮᠴᠢᠲᠡᠨ ᠨᠢᠬᠡᠴᠢ ᠲᠠᠢ ᠢᠳᠡᠪᠬᠢᠲᠡᠶ ᠵᠣᠯᠭᠠᠭᠤᠯᠵᠤ᠂ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠮᠠᠲ᠋ᠧᠷᠢᠶᠠᠯ ᠢ ᠪᠡᠯᠡᠳᠬᠡᠨ᠎ᠡ᠃       ᠭᠤᠷᠪᠠ ᠳᠤ ᠠᠵᠢᠯ ᠡᠬᠢᠯᠡᠭᠦᠯᠦᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠷᠥᠯ ᠵᠦᠢᠯ ᠤᠨ ᠠᠵᠢᠯ ᠡᠬᠢᠯᠡᠭᠦᠯᠬᠦ ᠠᠬᠢᠴᠠ ᠶᠢ ᠴᠢᠩᠭ᠎ᠠ ᠠᠩᠬᠠᠷᠴᠤ᠂ ᠪᠠᠭᠲᠠᠭᠠᠮᠵᠢ ᠪᠠᠷ ᠶᠡᠭᠡ᠂ ᠳᠠᠶᠢᠴᠢᠯᠠᠬᠤ ᠪᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠰᠠᠶᠢᠲᠤᠷ ᠵᠣᠬᠢᠶᠠᠨ ᠪᠠᠶᠢᠭᠤᠯᠵᠤ  ᠬᠡᠷᠡᠭᠵᠢᠭᠦᠯᠦᠨ ᠬᠠᠮᠢᠶᠠᠷᠤᠨ᠎ᠠ᠃      ︵ᠭᠤᠷᠪᠠ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ      ᠨᠢᠭᠡ ᠳᠤ ᠪᠤᠶᠢᠵᠢᠭᠤᠯᠬᠤ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠪᠠ ᠲᠤᠭ᠎ᠠ ᠪᠦᠷᠢᠳᠬᠡᠯ ᠤᠨ ᠨᠡᠷᠡᠰ ᠤᠨ ᠬᠥᠮᠥᠷᠭᠡ ᠶᠢᠨ ᠲᠠᠪᠴᠠᠩ ᠲᠠᠢ ᠤᠶᠠᠯᠳᠤᠭᠤᠯᠤᠨ᠂ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠶᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠰᠢᠨ᠎ᠡ᠂ ᠬᠡᠪᠴᠢᠶ᠎ᠡ ᠲᠠᠢ᠂ ᠲᠤᠯᠭᠠᠭᠤᠷᠢᠯᠠᠯ ᠲᠠᠢ ᠭᠤᠤᠯᠳᠠᠯᠭ᠎ᠠ ᠲᠠᠢ  ᠦᠢᠯᠡᠴᠢᠯᠡᠬᠡᠨ ᠤ ᠦᠢᠯᠡᠰ  ᠤᠨ ᠠᠵᠤ ᠠᠬᠤᠶᠢᠯᠠᠯ ᠢ ᠪᠤᠶᠢᠵᠢᠭᠤᠯᠵᠤ᠂ ᠤᠳᠠᠯ ᠥᠬᠡᠶ ᠪᠠᠷᠢᠮᠵᠢᠶ᠎ᠠ ᠳᠤ ᠬᠥᠷᠬᠦ ᠨᠢᠬᠡᠴᠢ ᠶᠢ ᠭᠤᠤᠯᠳᠠᠯᠭ᠎ᠠ ᠲᠠᠢ ᠲᠡᠳᠬᠦᠨ ᠳᠡᠮᠵᠢᠵᠦ᠂ ᠡᠷᠲᠡᠬᠡᠨ ᠪᠠᠷᠢᠮᠵᠢᠶ᠎ᠠ ᠳᠤ ᠬᠦᠷᠭᠡᠵᠦ ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃      ᠬᠤᠶᠠᠷ ᠲᠤ ᠬᠥᠭᠵᠢᠯᠲᠡ ᠶᠢ ᠠᠳᠬᠤᠨ᠎ᠠ᠃ ᠬᠥᠮᠥᠷᠭᠡ ᠳᠤ ᠪᠠᠶᠢᠭ᠎ᠠ ᠠᠵᠤ ᠠᠬᠤᠶᠢᠯᠠᠯ ᠤᠨ ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠤᠪᠢ ᠶᠢᠨ ᠬᠤᠳᠠᠯᠳᠤᠭ᠎ᠠ ᠠᠷᠠᠯᠵᠢᠶᠠᠨ ᠤ ᠦᠢᠯᠡᠰ ᠢ ᠬᠠᠤᠯᠢ ᠶᠢᠨ ᠡᠷᠬᠡᠲᠡᠨ ᠤ ᠨᠢᠬᠡᠴᠢ ᠪᠣᠯᠭᠠᠨ ᠬᠤᠪᠢᠷᠠᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃      ᠭᠤᠷᠪᠠ ᠳᠤ ᠳᠣᠲᠣᠭᠠᠳᠤ ᠬᠡᠷᠡᠭᠴᠡᠭᠡ ᠶᠢ ᠥᠷᠭᠡᠳᠬᠡᠨ᠎ᠡ᠃ ᠬᠡᠷᠡᠭᠯᠡᠭᠡᠨ ᠤ ᠲᠠᠯᠳᠠ ᠬᠦᠴᠦᠨ ᠢ ᠤᠯᠠᠮ ᠨᠢᠭᠡ ᠠᠯᠬᠤᠮ ᠬᠦᠭᠵᠢᠬᠡᠵᠦ᠂ ᠬᠡᠷᠡᠭᠯᠡᠭᠡᠨ ᠤ ᠬᠡᠷᠡᠭᠴᠡᠭᠡ ᠶᠢᠨ ᠲᠠᠬᠢᠨ ᠳᠡᠭᠡᠭᠰᠢᠯᠡᠬᠦ ᠶᠢ ᠠᠬᠢᠭᠤᠯᠵᠤ᠂ ᠬᠡᠷᠡᠭᠯᠡᠭᠡ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠬᠥᠭᠵᠢᠭᠡᠨ᠎ᠡ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠣᠯᠠᠨ ᠲᠠᠯ᠎ᠠ ᠪᠠᠷ ᠬᠤᠯᠪᠣᠭᠠᠯᠠᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷ ᠢ ᠠᠪᠴᠤ᠂ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ᠂ ᠬᠠᠷᠠᠭᠠᠯᠵᠠᠯ ᠤᠨ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠷᠠᠳ ᠲᠤ ᠠᠰᠢᠭ ᠬᠦᠷᠳᠡᠬᠡᠵᠦ᠂ ᠬᠡᠷᠡᠭᠯᠡᠭᠡ ᠶᠢ ᠵᠣᠷᠢᠭᠵᠢᠭᠤᠯᠤᠨ᠂ ᠬᠡᠷᠡᠭᠯᠡᠭᠡ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠠᠵᠤ ᠠᠬᠤᠶ ᠶᠢ ᠬᠥᠭᠵᠢᠭᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠷᠭ᠎ᠠ ᠬᠡᠮᠵᠢᠶ᠎ᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠢᠲᠡᠭᠡᠯ ᠢ ᠨᠡᠮᠡᠭᠳᠡᠭᠦᠯᠦᠨ᠂ ᠠᠵᠤ ᠠᠬᠤᠶᠢᠯᠠᠯ ᠢ ᠬᠠᠪᠰᠤᠷᠤᠨ ᠪᠡᠷᠬᠡ ᠪᠣᠭᠤᠮᠲᠠ ᠶᠢ ᠳᠤᠭᠤᠯᠵᠤ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠎ᠠ᠃       ︵ᠳᠦᠷᠪᠡ︶ ᠬᠤᠷᠸ᠎ᠠ ᠲᠤᠬᠢᠷᠠᠭᠤᠯᠭ᠎ᠠ ᠡᠵᠡᠮᠳᠡᠯ ᠢ ᠴᠢᠩᠭᠠᠳᠬᠠᠨ᠎ᠠ      ᠬᠢᠨᠠᠨ ᠰᠢᠯᠭᠠᠬᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶ ᠶᠢᠨ ᠠᠵᠢᠯᠯᠠᠭᠠᠨ ᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ GDP᠂ ᠪᠡᠯᠡ ᠣᠷᠣᠭᠤᠯᠤᠯᠲᠠ᠂ ᠠᠵᠤ ᠦᠢᠯᠡᠳᠪᠦᠷᠢ᠂ ᠬᠡᠷᠡᠭᠯᠡᠭᠡ ᠵᠡᠷᠭᠡ ᠠᠵᠤ ᠠᠬᠤᠶ ᠶᠢᠨ ᠭᠦᠢᠴᠡᠳᠬᠡᠯ ᠲᠤᠭ᠎ᠠ ᠪᠣᠯᠤᠨ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠠᠵᠤ ᠠᠬᠤᠶ ᠶᠢᠨ ᠠᠵᠢᠯᠯᠠᠭᠠᠨ ᠤ ᠬᠥᠳᠡᠯᠦᠩᠭᠦᠶ ᠬᠢᠨᠠᠨ ᠬᠡᠮᠵᠢᠯᠲᠡ ᠶᠢ ᠦᠨᠡᠨ ᠬᠦ ᠴᠢᠩᠭᠠᠳᠬᠠᠵᠤ᠂ ᠰᠠᠷ᠎ᠠ᠂ ᠤᠯᠠᠷᠢᠯ᠂ ᠬᠠᠭᠠᠰ ᠵᠢᠯ ᠪᠣᠯᠤᠨ ᠣᠨ ᠤ ᠠᠵᠤ ᠠᠬᠤᠶ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠰᠡᠷᠡᠮᠵᠢᠯᠡᠭᠦᠯᠬᠦ ᠰᠠᠨᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠵᠦ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠬᠤ ᠬᠤᠷᠠᠯ ᠢ ᠴᠠᠭ ᠲᠤᠨᠢ ᠲᠣᠬᠢᠷᠠᠭᠤᠯᠤᠨ ᠬᠤᠷᠠᠯᠳᠤᠭᠤᠯᠵᠤ᠂ ᠠᠵᠤ ᠠᠬᠤᠶ ᠶᠢᠨ ᠬᠠᠨᠳᠤᠰᠢ ᠶᠢ ᠰᠤᠳᠤᠯᠤᠨ ᠮᠠᠭᠠᠳᠯᠠᠵᠤ᠂ ᠠᠵᠤ ᠠᠬᠤᠶ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠤ ᠠᠬᠤᠶ ᠶᠢᠨ ᠠᠵᠢᠯᠯᠠᠭᠠᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠲᠣᠭᠲᠠᠭᠤᠨ ᠲᠤᠮᠳᠠ ᠤᠷᠤᠭᠰᠢᠯᠠᠭᠤᠯᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ᠳᠥᠷᠪᠡ᠂ ᠲᠦᠷᠦᠭᠦᠤ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠬᠠᠨᠳᠤᠰᠢ ᠶᠢ ᠰᠤᠳᠤᠯᠤᠨ ᠮᠠᠭᠠᠳᠯᠠᠪᠠ      ᠶᠡᠷᠦᠩᠬᠡᠢ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ ᠨᠡᠯᠢᠶᠡᠳ ᠪᠠᠲᠤ᠂  ᠬᠦᠳᠡᠯᠭᠡᠭᠴᠢ ᠬᠦᠴᠦᠨ ᠮᠥᠨ ᠨᠡᠯᠢᠶᠡᠳ ᠴᠢᠩᠭ᠎ᠠ᠂ ᠡᠷᠴᠢ ᠵᠣᠷᠢᠭ ᠮᠥᠨ ᠨᠡᠯᠢᠶᠡᠳ ᠲᠡᠭᠦᠯᠳᠡᠷ ᠪᠠᠶᠢᠨ᠎ᠠ᠃ ᠭᠡᠪᠡᠴᠦ ᠣᠳᠣᠬᠠᠨ ᠤ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠪᠣᠯᠤᠨ ᠬᠢᠵᠢᠭ ᠤᠨ ᠪᠠᠶᠢᠳᠠᠯ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠪᠠᠶᠢᠵᠤ᠂ ᠣᠷᠣᠰ ᠦᠺᠷᠠᠶᠢᠨ ᠤ ᠮᠥᠷᠭᠦᠯᠳᠦᠭᠡᠨ ᠦᠷᠭᠦᠯᠵᠢᠯᠡᠨ ᠤᠯᠠᠷᠢᠨ ᠬᠤᠪᠢᠷᠠᠵᠤ᠂ ᠬᠤᠷᠸ᠎ᠠ ᠠᠵᠤ ᠠᠬᠤᠶ ᠶᠢᠨ ᠲᠣᠭᠲᠠᠭᠠᠯᠲᠤ ᠪᠤᠰᠤ ᠴᠢᠨᠠᠷ ᠢ ᠨᠥᠯᠥᠭᠡᠯᠡᠬᠦ ᠬᠦᠴᠦᠨ ᠵᠦᠢᠯ ᠨᠡᠮᠡᠭᠳᠡᠵᠦ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠮᠥᠨ ᠬᠦ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠱᠠᠲᠤᠨ ᠳᠤ᠂ ᠪᠥᠬᠦ ᠬᠤᠲᠠ ᠪᠠᠷ ᠢᠶᠠᠨ ᠠᠵᠤ ᠠᠬᠤᠶ ᠶᠢᠨ ᠰᠡᠷᠭᠦᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠠᠵᠤ ᠠᠬᠤᠶ ᠶᠢᠨ ᠠᠯᠢ ᠣᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠴᠢᠩᠭ᠎ᠠ ᠠᠳᠬᠤᠵᠤ᠂ ᠠᠵᠤ ᠠᠬᠤᠶ ᠶᠢᠨ ᠲᠣᠭᠲᠠᠭᠤᠨ ᠢᠶᠠᠷ ᠤᠷᠤᠭᠰᠢᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ ᠶᠢ ᠤᠳᠠᠭ᠎ᠠ ᠳᠠᠷᠠᠭᠠᠯᠠᠨ ᠲᠠᠰ ᠳᠡᠪᠰᠢᠭᠦᠯᠵᠦ᠂ ᠠᠵᠤ ᠠᠬᠤᠶ ᠶᠢᠨ ᠲᠦᠷᠭᠡᠨ ᠢᠶᠠᠷ ᠰᠠᠶᠢᠵᠢᠷᠠᠬᠤ ᠶᠢ ᠳᠥᠯᠭᠢᠨ ᠠᠬᠢᠭᠤᠯᠬᠤ ᠬᠡᠷᠡᠭᠲᠡᠶ᠃ ᠠᠩᠬ᠎ᠠ ᠠᠯᠬᠤᠮ ᠤᠨ ᠵᠢᠱᠢᠯᠲᠡ ᠪᠠᠷ᠂ ᠮᠠᠨ ᠤ ᠬᠤᠲᠠ ᠶᠢᠨ ᠲᠦᠷᠦᠭᠦᠤ ᠭᠤᠷᠪᠠᠨ ᠤᠯᠠᠷᠢᠯ ᠤᠨ GDP ᠶᠢᠨ ᠨᠡᠮᠡᠭᠳᠡᠯ ᠤᠨ ᠬᠤᠷᠳᠤᠴᠠ ᠵᠢᠱᠢᠯᠲᠡ ᠪᠠᠷ 4.5%-5.0% ᠶᠢᠨ ᠵᠦᠶ ᠵᠣᠬᠢᠰᠲᠠᠶ ᠣᠷᠣᠨ ᠵᠠᠶ ᠶᠢᠨ ᠳᠣᠲᠣᠷ᠎ᠠ ᠨᠡᠮᠡᠭᠳᠡᠬᠦ ᠪᠣᠯᠤᠨ᠎ᠠ᠃
 
ᠢᠷᠡᠯᠲᠡ᠄ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号