ᠬᠠᠩᠵᠧᠦ ᠬᠤᠲᠠ ᠠᠴᠠ ᠷᠠᠰᠢᠶᠠᠨ ᠬᠤᠳᠠᠨ ᠳᠤ ᠢᠷᠡᠬᠦ ᠠᠭᠠᠷ ᠤᠨ ᠠᠶᠠᠯᠠᠯ ᠨᠢᠰᠭᠡᠯ ᠨᠡᠪᠳᠡᠷᠡᠵᠦ ᠮᠦᠰᠦ ᠴᠠᠰᠤᠨ ᠳᠤ ᠭᠤᠯᠭᠤᠬᠤ ᠳᠤ ᠳᠡᠳᠡᠨᠡᠷ ᠠᠴᠠ ᠰᠦᠢᠳᠭᠡᠯ ᠬᠤᠷᠢᠶᠠᠬᠤ ᠦᠭᠡᠢ
ᠨᠡᠶᠢᠲᠡᠯᠡᠭᠰᠡᠨ ᠴᠠᠭ᠄
2022/12/7
       ᠥᠷᠭᠡᠨ ᠤᠯᠠᠨ ᠲᠦᠮᠡᠨ ᠤ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠡᠪᠦᠯ ᠤᠨ ᠤᠯᠠᠷᠢᠯ ᠤᠨ ᠵᠤᠭᠠᠴᠠᠯ ᠤᠨ ᠬᠡᠷᠡᠭᠴᠡᠭᠡ ᠶᠢ ᠬᠠᠩᠭᠠᠵᠤ᠂ ᠡᠪᠦᠯ ᠤᠨ ᠤᠯᠠᠷᠢᠯ ᠤᠨ ᠵᠤᠭᠠᠴᠠᠯ ᠤᠨ ᠡᠬᠢ ᠪᠠᠶᠠᠯᠢᠭ ᠤᠨ ᠣᠨᠴᠠᠯᠢᠭ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠬᠠᠩᠵᠧᠦ ᠶᠢᠨ ᠠᠶᠠᠨᠴᠢᠳ ᠤᠨ ᠢᠷᠡᠯᠲᠡ ᠶᠢᠨ ᠭᠠᠵᠠᠷ ᠤᠷᠤᠨ ᠤ ᠵᠠᠬ᠎ᠠ ᠳᠡᠯᠭᠡᠭᠦᠷ ᠲᠠᠢ ᠤᠨᠢᠨ ᠳᠡᠭᠡᠷ᠎ᠡ ᠨᠢ ᠵᠣᠯᠭᠠᠭᠤᠯᠬᠤ ᠶᠢ ᠴᠢᠩᠭᠠᠳᠬᠠᠬᠤ ᠶᠢᠨ ᠲᠥᠯᠥᠭᠡ᠂ ᠷᠠᠰᠢᠶᠠᠨ ᠬᠤᠳᠠ ᠶᠢᠨ ᠬᠢᠨ ᠡᠪᠦᠯ ᠬᠠᠪᠤᠷ ᠤᠨ ᠤᠯᠠᠷᠢᠯ ᠤᠨ ᠠᠭᠠᠷ ᠤᠨ ᠠᠶᠠᠯᠠᠯ ᠪᠤᠯᠬᠤ ᠬᠠᠩᠵᠧᠦ — ᠷᠠᠰᠢᠶᠠᠨ ᠬᠦᠷᠬᠦ ᠠᠭᠠᠷ ᠤᠨ ᠠᠶᠠᠯᠠᠯ ᠢ ᠨᠡᠪᠳᠡᠷᠡᠭᠦᠯᠬᠦ ᠪᠠᠷ ᠪᠤᠢ᠃ ᠬᠠᠩᠵᠧᠦ ᠶᠢᠨ ᠵᠤᠭᠠᠴᠠᠭᠰᠠᠳ ᠨᠢᠰᠬᠡᠯ ᠢᠶᠠᠷ ᠷᠠᠰᠢᠶᠠᠨ ᠳᠤ ᠢᠷᠡᠵᠦ ᠮᠥᠰᠥ ᠴᠠᠰᠤᠨ ᠤ ᠷᠢᠳᠢ ᠰᠢᠳᠢ ᠶᠢ ᠰᠣᠨᠢᠷᠬᠠᠵᠤ ᠪᠤᠯᠤᠨ᠎ᠠ᠃
     ᠡᠭᠦᠨ ᠤ ᠬᠠᠮᠲᠤ 2022 ᠣᠨ — 2023 ᠣᠨ ᠤ ᠮᠦᠰᠦ ᠴᠠᠰᠤᠨ ᠤ ᠤᠯᠠᠷᠢᠯ ᠤᠨ ᠬᠤᠭᠤᠴᠠᠭᠠᠨ ᠳᠤ᠂ ᠬᠠᠩᠵᠧᠦ ᠶᠢᠨ ᠪᠣᠶ ᠪᠥᠬᠦᠶ ᠬᠤᠲᠠ ᠶᠢᠨ ᠠᠷᠠᠳ ᠤᠨ ᠴᠠᠰᠤᠨ ᠳᠤ ᠭᠤᠯᠭᠤᠬᠤ ᠵᠠᠷᠤᠳᠠᠯ ᠢ ︵ᠳᠠᠭᠠᠳᠬᠠᠯ ᠵᠢᠴᠢ ᠪᠤᠰᠤᠳ ᠣᠶᠢᠯᠡᠴᠢᠯᠡᠭᠡᠨ ᠤ ᠵᠣᠶᠢᠯᠡᠰ ᠢ ᠥᠪᠡᠰᠦᠪᠡᠨ ᠰᠢᠢᠳᠪᠦᠷᠢᠯᠡᠵᠦ᠂ ᠬᠠᠩᠵᠧᠦ ᠶᠢᠨ ᠬᠤᠲᠠ ᠶᠢᠨ ᠠᠷᠠᠳ ᠤᠨ ᠪᠡᠶ᠎ᠡ ᠶᠢᠨ ᠦᠨᠡᠮᠯᠡᠯ ᠢᠶᠠᠷ ᠪᠠᠷᠢᠮᠵᠢᠶ᠎ᠠ ᠪᠣᠯᠭᠠᠨ᠎ᠠ︶  ᠭᠡᠯᠳᠦᠷᠢᠭᠦᠯᠬᠦ ᠪᠠᠷ ᠣᠨᠴᠠᠭᠠᠶᠢᠯᠠᠨ ᠲᠣᠭᠲᠠᠭᠠᠪᠠ᠃
    ᠴᠠᠰᠤᠨ ᠳᠤ ᠭᠤᠯᠭᠤᠬᠤ ᠲᠠᠯᠠᠪᠤᠷ ᠤᠨ ᠠᠰᠠᠭᠤᠨ ᠯᠠᠪᠯᠠᠬᠤ ᠤᠲᠠᠰᠤ᠄ 0482-7881000 ᠪᠤᠯᠤᠨ᠎ᠠ᠃
     ᠨᠡᠶᠢᠰᠯᠡᠯ ᠤᠨ ᠠᠭᠠᠷ ᠤᠨ ᠠᠶᠠᠯᠠᠯ ᠤᠨ ᠬᠠᠩᠵᠧᠦ —— ᠷᠠᠰᠢᠶᠠᠨ ᠳᠤ ᠢᠷᠡᠬᠦ ᠠᠭᠠᠷ ᠤᠨ ᠠᠶᠠᠯᠠᠯ ᠤᠨ ᠱᠤᠭᠤᠮ 2022 ᠣᠨ ᠤ 12 ᠰᠠᠷ᠎ᠠ ᠶᠢᠨ 11 ᠤ ᠡᠳᠦᠷ ᠠᠴᠠ ᠡᠬᠢᠯᠡᠵᠦ᠂ ᠡᠭᠡᠯᠵᠢ ᠶᠢᠨ ᠬᠤᠭᠤᠴᠠᠭ᠎ᠠ ᠨᠢ ᠭᠠᠷᠠᠭ ᠤᠨ ᠭᠤᠷᠪᠠᠨ᠂ ᠭᠠᠷᠠᠭ ᠤᠨ ᠲᠠᠪᠤᠨ᠂ ᠭᠠᠷᠠᠭ ᠤᠨ ᠡᠳᠦᠷ ᠪᠣᠯᠤᠨ᠎ᠠ᠃ ᠷᠡᠰᠢᠶᠠᠨ ᠳᠤ ᠢᠷᠡᠬᠦ ᠨᠢᠰᠬᠡᠯ ᠤᠨ ᠨᠣᠮᠧᠷ ᠨᠢ JD5715 ᠪᠠᠶᠢᠵᠤ᠂ 09᠄ 00 ᠴᠠᠭ ᠲᠤ ᠬᠠᠩᠵᠧᠦ ᠠᠴᠠ ᠨᠢᠰᠴᠦ᠂ 12᠄ 35 ᠴᠠᠭ ᠲᠤ ᠷᠠᠰᠢᠶᠠᠨ ᠳᠤ ᠢᠷᠡᠨ᠎ᠡ᠃ ᠬᠠᠩᠵᠸᠣ ᠳᠤ ᠪᠤᠴᠠᠬᠤ ᠨᠢᠰᠬᠡᠯ ᠤᠨ ᠨᠣᠮᠧᠷ ᠨᠢ JD5716 ᠪᠠᠶᠢᠵᠤ᠂ 13:20 ᠴᠠᠭ ᠲᠤ ᠷᠠᠰᠢᠶᠠᠨ ᠠᠴᠠ ᠨᠢᠰᠴᠦ᠂ 16:35 ᠴᠠᠭ ᠲᠤ ᠬᠠᠩᠵᠧᠦ ᠳᠤ ᠬᠦᠷᠦᠨ᠎ᠡ᠃ ︵ᠡᠭᠡᠯᠵᠢ ᠶᠢᠨ ᠨᠢᠰᠬᠡᠯ ᠤᠨ ᠰᠤᠷᠠᠭ ᠵᠠᠩᠭᠢ ᠳᠤ ᠬᠤᠪᠢᠷᠠᠯᠲᠠ ᠭᠠᠷᠴᠤ ᠮᠡᠳᠡᠨ᠎ᠡ᠂ ᠪᠣᠳᠠᠲᠠᠶ ᠪᠠᠶᠢᠳᠡᠯ ᠢ ᠨᠠᠶᠢᠰᠯᠡᠯ   ᠤᠨ ᠠᠭᠠᠷ ᠤᠨ ᠠᠶᠠᠯᠠᠯ ᠤᠨ ᠠᠯᠪᠠᠨ ᠰᠦᠯᠵᠢᠶ᠎ᠡ ᠠᠴᠠ ᠲᠤᠬᠠᠶ ᠶᠢᠨ ᠴᠠᠭ ᠲᠤᠨᠢ ᠠᠰᠠᠭᠤᠨ ᠯᠠᠪᠯᠠᠬᠤ ᠪᠠᠷ ᠪᠠᠷᠢᠮᠵᠢᠶ᠎ᠠ ᠪᠣᠯᠭᠠᠨ᠎ᠠ︶᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号