ᠷᠠᠰᠢᠶᠠᠨ ᠬᠤᠲᠠ ᠶᠢᠨ 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/2/15
      ᠵᠠᠰᠠᠭ ᠤᠨ ᠣᠷᠳᠣᠨ ᠤ ᠠᠵᠢᠯ ᠤᠨ ᠢᠯᠡᠳᠬᠡᠯ               —— 2022 ᠣᠨ ᠤ 1 ᠰᠠᠷ᠎ᠠ ᠶᠢᠨ 6 ᠤ ᠡᠳᠦᠷ ᠷᠠᠰᠢᠶᠠᠨ ᠬᠤᠳᠠ ᠶᠢᠨ                       ᠳᠣᠯᠣᠳᠤᠭᠠᠷ  ᠬᠤᠭᠤᠴᠠᠭᠠᠨ  ᠤ  ᠠᠷᠠᠳ  ᠤᠨ  ᠲᠥᠯᠥᠭᠡᠯᠡᠭᠴᠢᠳ ᠤᠨ                       ᠶᠡᠭᠡ  ᠬᠤᠷᠠᠯ  ᠤᠨ  ᠠᠩᠬᠠᠳᠤᠭᠠᠷ  ᠬᠤᠷᠠᠯ  ᠳᠡᠭᠡᠷ᠎ᠡ        ᠬᠤᠳᠠ ᠶᠢᠨ ᠳᠠᠷᠤᠭ᠎ᠠ ᠸᠠᠩ ᠰᠢᠶᠣᠣ ᠬᠤᠸᠠᠨᠲᠥᠯᠥᠭᠡᠯᠡᠭᠴᠢᠳ ᠠ᠋᠄        ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠴᠦ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠲᠤᠬᠠᠢ ᠡᠷᠭᠢᠴᠡᠭᠦᠯᠦᠯ        ᠥᠩᠭᠡᠷᠡᠭᠰᠡᠨ ᠲᠦᠷᠪᠡᠨ ᠵᠢᠯ ᠪᠣᠯ ᠷᠠᠰᠢᠶᠠᠨ ᠤ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ ᠲᠦᠷᠪᠡᠨ ᠵᠢᠯ ᠪᠣᠯᠣᠨ᠎ᠠ᠃ ᠠᠵᠤ ᠠᠬᠤᠢ ᠶᠢᠨ ᠠᠭᠠᠵᠢᠮ ᠢᠶᠠᠷ ᠪᠠᠭᠤᠷᠠᠵᠤ ᠪᠠᠶᠢᠭ᠎ᠠ ᠳᠠᠷᠤᠯᠲᠠ ᠪᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠨᠢᠭᠲᠠ ᠲᠦᠰᠢᠭᠯᠡᠨ ᠪᠦᠯᠬᠦᠮᠳᠡᠵᠦ᠂ ᠶᠡᠭᠡ ᠳᠠᠶᠢᠯᠠᠯᠳᠤᠭᠠᠨ ᠤ ᠶᠡᠭᠡ ᠰᠢᠯᠭᠠᠯᠲᠠ ᠳᠤ ᠬᠠᠷᠢᠭᠤᠴᠠᠯᠭ᠎ᠠ ᠡᠭᠦᠷᠭᠡᠯᠡᠬᠦ ᠪᠠᠨ ᠢᠯᠡᠷᠡᠭᠦᠯᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠳᠤᠮᠳᠠ ᠳᠠᠪᠠᠯᠭᠠᠨ ᠢ ᠰᠦᠷᠦᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠠᠶᠢᠭᠤᠯᠤᠨ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠦᠷᠭᠦᠯᠵᠢᠯᠡᠨ ᠲᠣᠭᠲᠠᠪᠤᠷᠢᠵᠢᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠢᠶᠠᠷ ᠨᠡᠮᠡᠭᠳᠡᠵᠦ᠂ ᠳᠤᠮᠳᠠᠳᠤ ᠤᠯᠤᠰ ᠤᠨ ᠠᠭᠤᠷ ᠠᠮᠢᠰᠬᠤᠯ ᠤᠨ ᠠᠮᠢ ᠠᠬᠤᠢ ᠶᠢᠨ ᠬᠤᠲᠠ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ᠂ ᠮᠥᠰᠥ ᠴᠠᠰᠤᠨ ᠤ ᠵᠤᠭᠠᠴᠠᠯ ᠤᠨ ᠠᠷᠪᠠᠨ ᠬᠦᠴᠦᠷᠬᠡᠭ ᠰᠢᠶᠠᠨ ᠤ ᠲᠡᠰ ᠤᠨ ᠬᠤᠳᠠ᠂ ᠳᠤᠮᠳᠠᠳᠤ ᠤᠯᠤᠰ ᠤᠨ ᠦᠵᠡᠰᠬᠦᠯᠡᠩ ᠤᠨ ᠦᠢᠯᠡᠰ ᠤᠨ ᠠᠯᠲᠠᠨ ᠮᠠᠯᠤᠷ ᠥᠲᠡᠭᠡ ᠱᠠᠩᠨᠠᠯ᠂ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠣᠯᠳᠠᠯᠭ᠎ᠠ ᠲᠠᠢ ᠰᠢᠶᠠᠨ ᠤ ᠲᠡᠰ ᠤᠨ ᠬᠤᠳᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠤᠶᠠᠷ ᠢ ᠬᠦᠷᠢᠶᠡᠯᠡᠬᠦ︾ ᠵᠢᠱᠢᠶᠡᠴᠢ ᠬᠤᠲᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠬᠠᠮᠠᠭᠠᠯᠠᠯ ᠤᠨ ᠬᠤᠲᠠ ᠵᠡᠷᠭᠡ ᠢᠷᠠᠭᠤ ᠠᠯᠳᠠᠷ ᠤᠨ ᠴᠣᠯᠠ ᠶᠢ ᠠᠮᠵᠢᠯᠲᠠ ᠲᠠᠢ ᠭᠥᠷᠳᠡᠪᠡ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢᠨ ᠲᠠᠰᠢᠷᠠᠮ ᠳᠤ᠂ ᠷᠠᠰᠢᠶᠠᠨ ᠤ ᠤᠶᠤᠨ ᠤᠬᠠᠭᠠᠨ ᠢ ᠢᠯᠡᠷᠡᠭᠦᠯᠦᠭᠰᠡᠨ᠂ ᠤᠶᠤᠨ ᠤᠬᠠᠭᠠᠨ ᠬᠦᠴᠦ ᠬᠥᠯᠥᠰᠦ ᠪᠠᠨ ᠤᠷᠤᠰᠬᠠᠭᠰᠠᠨ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠵᠦ ᠳᠡᠶᠢᠯᠬᠦ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃     ᠳᠥᠷᠪᠡᠨ ᠵᠢᠯ ᠤᠨ ᠲᠤᠷᠰᠢ᠂ ᠪᠢᠳᠡ ᠠᠷᠭ᠎ᠠ ᠪᠦᠬᠦᠨ ᠢ ᠰᠦᠪᠡᠭᠴᠢᠯᠡᠨ ᠬᠥᠭᠵᠢᠭᠦᠯᠬᠦ ᠪᠠᠷ ᠴᠢᠷᠮᠠᠶᠢᠵᠤ᠂ ᠨᠡᠮᠡᠭᠳᠡᠯ ᠢ ᠲᠣᠭᠲᠠᠪᠤᠷᠢᠵᠢᠭᠤᠯᠤᠭᠰᠠᠨ ᠠᠴᠠ ᠠᠵᠤ ᠠᠬᠤᠢ ᠶᠢᠨ ᠠᠵᠢᠯᠯᠠᠭᠠᠨ ᠢ ᠯᠠᠪᠳᠠᠭᠤᠨ ᠲᠣᠭᠲᠠᠭᠤᠨ ᠢᠶᠠᠷ ᠤᠷᠤᠭᠰᠢᠯᠠᠭᠤᠯᠵᠠᠢ᠃ ᠵᠢᠱᠢᠯᠲᠡ ᠪᠠᠷ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 2018 ᠣᠨ ᠳᠤ 17.1 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2021 ᠣᠨ ᠳᠤ 21 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6.02 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 9.88 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠠᠳᠠᠯᠢ ᠬᠤᠭᠤᠴᠠᠭᠠᠨ ᠤ  ᠬᠢ ᠠᠴᠠ 64.1% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ  ᠪᠤᠯᠬᠤᠶᠢᠴᠠ ᠣᠷᠣᠯᠭ᠎ᠠ 27981 ᠲᠥᠭᠦᠷᠢᠭ᠂ 10444 ᠲᠥᠭᠦᠷᠢᠭ ᠪᠠᠶᠢᠭᠰᠠᠨ  ᠠᠴᠠ ᠪᠠᠨ ᠲᠣᠰ ᠲᠣᠰ 33465 ᠲᠥᠭᠦᠷᠢᠭ᠂ 13923 ᠲᠥᠭᠦᠷᠢᠭ ᠪᠣᠯᠣᠨ ᠨᠡᠮᠡᠭᠳᠡᠵᠦ᠂ ᠲᠣᠰ ᠲᠣᠰ 19.6%᠂ 33.3% ᠪᠠᠷ ᠨᠡᠮᠡᠭᠳᠡᠪᠡ᠃  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠨᠢᠭᠡ ᠨᠡᠮᠡᠭᠳᠡᠪᠡ᠃ ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠵᠥᠪᠰᠢᠶᠡᠷᠡᠯ ᠢ ᠣᠯᠵᠤ᠂ ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠡᠬᠢ ᠪᠠᠶᠠᠯᠢᠭ  ᠮᠠᠭᠤᠳᠠᠬᠤ ᠶᠢ ᠬᠤᠷᠢᠬᠯᠠᠬᠤ ᠬᠤᠲᠠ ᠶᠢᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠡᠶᠢᠲᠡ 5.3 ᠳ᠋ᠦᠩᠰᠢᠭᠤᠷ ᠲᠥᠭᠦᠷᠢᠭ ᠴᠢᠷᠮᠠᠶᠢᠨ ᠤᠯᠪᠠ᠃ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠯᠢᠶᠡᠳ ᠲᠦᠷᠭᠡᠨ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠠᠵᠤ ᠠᠬᠤᠢ ᠶᠢᠨ ᠪᠦᠬᠦᠯᠢ ᠴᠣᠭᠴᠠ ᠶᠢᠨ ᠠᠵᠢᠯᠯᠠᠭᠠᠨ ᠲᠣᠭᠲᠠᠭᠤᠨ ᠤ ᠲᠤᠮᠳᠠ ᠤᠷᠤᠭᠰᠢᠯᠠᠵᠤ᠂ ᠲᠣᠭᠲᠠᠭᠤᠨ ᠤ ᠲᠤᠮᠳᠠ ᠰᠠᠶᠢᠵᠢᠷᠠᠪᠠ᠃ᠲᠦᠷᠪᠡᠨ ᠵᠢᠯ ᠤᠨ ᠲᠤᠷᠰᠢ᠂ ᠪᠢᠳᠡ ᠬᠦᠴᠢᠷ ᠢ ᠲᠤᠭᠤᠯᠤᠨ ᠶᠠᠳᠠᠭᠤ ᠠᠴᠠ ᠠᠩᠭᠢᠵᠢᠷᠠᠵᠤ᠂ ᠬᠥᠭᠵᠢᠯ ᠮᠠᠨᠳᠤᠯ ᠢ  ᠡᠷᠢᠯᠬᠢᠯᠡᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠨᠡᠶᠢᠲᠡ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠪᠥᠬᠦ ᠲᠠᠯ᠎ᠠ ᠪᠠᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 1.3 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠲᠡᠰ ᠤᠨ ᠬᠤᠳᠠ ᠶᠢᠨ ᠮᠠᠯᠠᠭᠠᠢ ᠶᠢ ᠲᠡᠦᠬᠡᠲᠦ ᠴᠢᠨᠠᠷᠲᠠᠢ ᠪᠠᠷ ᠲᠠᠶᠠᠭᠳᠠᠭᠰᠠᠨ ᠪᠠᠶᠢᠨ᠎ᠠ᠃ ᠶᠠᠳᠠᠭᠤ ᠬᠦᠴᠢᠷᠳᠡᠯᠲᠡᠢ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠢᠯᠡᠳᠲᠡ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠰᠤᠷᠤᠭᠴᠢᠳ ᠤᠨ ᠰᠤᠷᠭᠠᠭᠤᠯᠢ ᠳᠤ  ᠰᠠᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠣᠷᠣᠨ ᠰᠠᠭᠤᠴᠠ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠪᠤᠷᠠᠪᠠᠰᠤ ᠵᠣᠬᠢᠬᠤ ᠶᠢ ᠨᠢ ᠴᠥᠮ ᠠᠪᠤᠷᠠᠵᠤ᠂ ᠬᠥᠳᠡᠯᠮᠦᠷᠢᠯᠡᠬᠦ ᠴᠢᠳᠠᠪᠤᠷᠢ ᠦᠭᠡᠢ ᠬᠥᠮᠥᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠪᠦᠬᠦᠨ ᠢ ᠬᠠᠮᠤᠷᠪᠠ᠃ ︽ᠪᠥᠬᠦ ᠣᠷᠣᠨ ᠪᠦᠰᠡ ᠶᠢᠨ ᠵᠤᠭᠠᠴᠠᠯ + ᠲᠠᠪᠤᠨ ᠵᠢᠵᠢᠭ ᠠᠵᠤ ᠠᠬᠤᠢ︾ ︽ᠤᠷᠢᠳᠠᠪᠠᠷ ᠵᠢᠭᠡᠯᠡᠵᠦ ᠬᠤᠶᠢᠨ᠎ᠠ ᠨᠢ ᠱᠠᠩᠨᠠᠬᠤ︾ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢ ᠰᠢᠨ᠎ᠡ ᠪᠠᠷ ᠡᠭᠦᠳᠦᠨ ᠥᠷᠨᠢᠭᠦᠯᠵᠦ᠂ 2.95 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠵᠤ᠂ 85 ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠦᠨ᠂ ᠬᠥᠳᠡᠯᠮᠦᠷᠢᠯᠡᠬᠦ ᠴᠢᠳᠠᠪᠤᠷᠢ ᠲᠠᠢ ᠬᠥᠮᠥᠰ ᠤᠨ ᠠᠵᠤ ᠦᠢᠯᠡᠰ ᠢ ᠡᠷᠦᠬᠡ ᠳᠤ ᠬᠦᠷᠲᠡᠯ᠎ᠡ ᠪᠦᠬᠦᠨ ᠢ ᠬᠠᠮᠤᠷᠤᠭᠤᠯᠪᠠ᠃ ᠤᠯᠤᠰ ᠤᠨ ᠰᠣᠶᠣᠯ ᠵᠤᠭᠠᠴᠠᠯ ᠤᠨ ᠶᠠᠮᠤᠨ᠂ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠤᠨ  ᠤᠨᠤᠴᠠᠳᠠᠢ ᠬᠠᠪᠰᠤᠷᠤᠨ ᠲᠡᠳᠭᠦᠭᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠭᠢ ᠶᠢᠨ ᠬᠦᠴᠦᠲᠡᠢ ᠵᠢᠯᠣᠭᠤᠳᠤᠯᠭ᠎ᠠ ᠲᠤᠤᠷ᠎ᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠤᠨ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠡᠢ᠃        ᠳᠥᠷᠪᠡᠨ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠶᠢ ᠭᠤᠶᠢᠪᠢᠰᠢ ᠦᠭᠡᠢ ᠠᠳᠬᠤᠵᠤ᠂ ᠠᠭᠤᠰᠤᠯᠴᠠᠯ ᠢ ᠠᠬᠢᠭᠤᠯᠤᠭᠰᠠᠨ ᠢᠶᠠᠷ ᠪᠥᠬᠦ ᠣᠷᠣᠨ ᠪᠦᠰᠡ ᠶᠢᠨ ᠵᠤᠭᠠᠴᠠᠯ ᠥᠷᠨᠢᠩᠭᠦᠢ ᠬᠥᠭᠵᠢᠪᠡ᠃ ︽ᠷᠠᠰᠢᠶᠠᠨ ᠬᠤᠲᠠ ᠶᠢᠨ ᠵᠤᠭᠠᠴᠠᠯ ᠤᠨ ᠶᠡᠷᠦᠩᠬᠡᠢ ᠲᠥᠯᠦᠪᠵᠢᠭᠦᠯᠭᠡ︾ ︽ᠷᠠᠰᠢᠶᠠᠨ ᠬᠤᠲᠠ ᠶᠢᠨ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠦᠪᠵᠢᠭᠦᠯᠭᠡ︾ ᠵᠡᠷᠭᠡ 6 ᠵᠦᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠡᠢ᠃ ᠷᠠᠰᠢᠶᠠᠨ ᠤ ᠴᠠᠰᠤᠲᠤ ᠲᠣᠰᠬᠤᠨ᠂ ᠷᠠᠰᠢᠶᠠᠨ ᠪᠣᠭᠤᠮᠲᠠ  ᠵᠡᠷᠭᠡ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠤᠭᠠᠴᠠᠯ ᠤᠨ ᠵᠣᠷᠯᠣᠩ᠂ ᠵᠤᠭᠠᠴᠠᠯ ᠤᠨ ᠤᠯᠠᠭ᠎ᠠ ᠥᠷᠲᠡᠭᠡ᠂ ᠭᠡᠷᠳᠦ ᠲᠡᠷᠭᠡ  ᠪᠠᠭᠤᠴᠠ ᠵᠡᠷᠭᠡ   ᠬᠠᠳᠠᠭᠤ ᠲᠤᠨᠤᠭ ᠤᠨ ᠵᠦᠢᠯᠡᠰ ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ ᠤᠯᠠᠮ ᠢᠶᠠᠷ ᠰᠢᠰᠲ᠋ᠧᠮᠵᠢᠭᠦᠯᠪᠡ᠃ ᠤᠯᠠᠨᠪᠤᠷᠬᠠᠨ᠂ ᠪᠣᠭᠤᠮᠲᠠ ᠶᠢᠨ ᠦᠵᠡᠮᠵᠢ ᠶᠢᠨ ᠣᠷᠣᠨ᠂ ᠪᠠᠢ ᠯᠠᠩ  ᠦᠵᠡᠮᠵᠢ ᠶᠢᠨ ᠣᠷᠣᠨ ᠵᠡᠷᠭᠡ 6 ᠭᠤᠣᠯ ᠪᠣᠯᠬᠤ ᠦᠵᠡᠮᠵᠢ ᠶᠢᠨ ᠣᠷᠣᠨ ᠪᠦᠬᠦᠨ ᠢᠶᠠᠷ ᠢᠶᠠᠨ A ᠲᠠᠰ ᠤᠨ ᠦᠵᠡᠮᠵᠢ ᠶᠢᠨ ᠣᠷᠣᠨ ᠤ ᠡᠩᠨᠡᠭᠡᠨ ᠳᠤ ᠣᠷᠣᠵᠤ᠂ ᠰᠢ ᠺᠧᠦ ᠲᠣᠰᠬᠤᠨ᠂ ᠤᠢ ᠶᠢᠨ ᠢᠷᠭᠡᠳ ᠤᠨ ᠵᠠᠩ ᠦᠢᠯᠡ ᠶᠢᠨ ᠲᠣᠰᠬᠤᠨ ᠪᠥᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ  ᠦᠨᠡᠯᠡᠭᠳᠡᠪᠡ᠃ ᠬᠤᠷᠴᠠ ᠤᠯᠠᠭᠠᠨ ᠴᠡᠴᠡᠭ ᠤᠨ ᠨᠠᠶᠢᠷ᠂ ᠷᠠᠰᠢᠶᠠᠨ ᠤ ᠨᠠᠶᠢᠷ᠂ ᠮᠥᠰᠥ ᠴᠠᠰᠤᠨ ᠤ ᠨᠠᠶᠢᠷ ᠵᠡᠷᠭᠡ ᠪᠠᠶᠠᠷ ᠤᠨ ᠡᠳᠦᠷ ᠤᠨ ᠨᠡᠷᠡᠲᠦ ᠲᠡᠮᠳᠡᠭ ᠠᠭᠠᠵᠢᠮ ᠢᠶᠠᠷ ᠪᠣᠯᠪᠠᠰᠤᠷᠠᠪᠠ᠃ ᠷᠠᠰᠢᠶᠠᠨ ᠤ ᠶᠠᠷᠢᠶᠠᠨ ᠤ ᠲᠠᠪᠴᠠᠩ ᠢ ᠪᠠᠶᠢᠭᠤᠯᠵᠤ᠂ ᠬᠤᠷᠠᠯ ᠦᠵᠡᠰᠬᠦᠯᠡᠩ ᠤᠨ ᠠᠵᠤ ᠠᠬᠤᠢ ᠲᠦᠷᠭᠡᠨ ᠬᠥᠭᠵᠢᠵᠦ᠂ ᠳᠤᠮᠳᠠᠳᠤ ᠤᠯᠤᠰ ᠤᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠬᠤᠷᠠᠯ ᠦᠵᠡᠰᠬᠦᠯᠡᠩ ᠤᠨ ᠨᠡᠷᠡᠳᠦ ᠬᠤᠳᠠ ᠪᠠᠷ ᠦᠨᠡᠯᠡᠭᠳᠡᠪᠡ᠃ ᠲᠥᠪ ᠤᠨ ᠲᠧᠯᠸᠢᠰ ᠬᠤᠷᠢᠶ᠎ᠠ᠂ ᠠᠷᠠᠳ ᠤᠨ ᠡᠳᠦᠷ ᠤᠨ ᠰᠣᠨᠢᠨ᠂ ᠰᠢᠨᠬᠤᠸᠠ ᠰᠦᠯᠵᠢᠶ᠎ᠡ ᠵᠡᠷᠭᠡ ᠭᠤᠣᠯ ᠵᠠᠭᠤᠴᠢᠯᠠᠭᠤᠷ ᠤᠳ ᠷᠠᠰᠢᠶᠠᠨ ᠤ ᠥᠩᠭᠡ ᠦᠵᠡᠮᠵᠢ ᠶᠢ ᠪᠥᠬᠦ ᠲᠠᠯ᠎ᠠ ᠪᠠᠷ ᠤᠬᠠᠭᠤᠯᠵᠤ᠂ ᠨᠠᠷᠠᠲᠤ ᠲᠡᠮᠳᠡᠭ ᠤᠨ ᠬᠠᠯᠠᠮᠰᠢᠯ ᠲᠠᠰᠤᠷᠠᠯᠲᠠ ᠦᠭᠡᠢ ᠳᠡᠭᠡᠭᠰᠢᠯᠡᠪᠡ᠃ ᠳᠥᠷᠪᠡᠨ ᠵᠢᠯ ᠤᠨ ᠲᠤᠷᠰᠢ᠂ ᠨᠡᠶᠢᠲᠡ 1414.86 ᠲᠦᠮᠡᠨ  ᠵᠤᠭᠠᠴᠠᠬᠴᠢ ᠶᠢ ᠭᠥᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ 172.64 ᠳ᠋ᠦᠩᠰᠢᠭᠤᠷ ᠲᠥᠭᠦᠷᠢᠭ ᠲᠤ ᠬᠥᠷᠪᠡ᠃        ᠳᠥᠷᠪᠡᠨ ᠵᠢᠯ ᠤᠨ ᠲᠤᠷᠰᠢ᠂ ᠪᠢᠳᠡ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠰᠠᠭᠤᠷᠢ ᠪᠠᠨ ᠪᠠᠲᠤᠳᠬᠠᠭᠰᠠᠨ ᠢᠶᠠᠷ ᠬᠤᠲᠠ ᠶᠢᠨ ᠬᠥᠭᠵᠢᠯᠲᠡ ᠡᠳᠦᠷ ᠠᠴᠠ ᠡᠳᠦᠷ ᠰᠢᠨᠡᠳᠪᠡ᠃ ᠨᠡᠶᠢᠳᠡ 15.32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠸᠧᠨᠴᠢᠤᠸᠠᠨ ᠵᠡᠭᠡᠯᠢ᠂ ᠢᠷᠪᠢᠰ ᠲᠥᠪᠯᠡᠷᠡᠭᠦᠯᠦᠨ ᠢᠯᠴᠢ ᠬᠠᠩᠭᠠᠬᠤ᠂ ᠯᠢᠨ ᠬᠠᠢ ᠵᠡᠭᠡᠯᠢ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠵᠡᠷᠭᠡ 38 ᠵᠦᠢᠯ ᠤᠨ ᠢᠨᠵᠧᠨᠧᠷᠢᠩ ᠢ ᠪᠠᠶᠢᠭᠤᠯᠵᠤ᠂ ᠲᠢᠶᠠᠨ ᡂᠢ᠂ ᠶᠢᠨ ᠵᠢᠶᠠᠩ ᠭᠧᠦ ᠦᠢᠯᠡᠴᠢᠯᠡᠭᠡᠨ ᠤ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠥᠮᠥᠰ ᠤᠨ ᠣᠷᠣᠰᠢᠨ  ᠰᠠᠭᠤᠷᠢᠰᠢᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠰᠢᠨᠡᠳᠬᠡᠵᠦ᠂ ᠤᠰᠤ ᠬᠠᠩᠭᠠᠬᠤ᠂ ᠤᠰᠤ ᠵᠠᠯᠠᠬᠤ᠂ ᠪᠣᠬᠢᠷ ᠤᠰᠤᠨ ᠤ ᠬᠤᠭᠤᠯᠠᠢ ᠶᠢ 30 ᠺᠢᠯᠣᠮᠧᠲᠷ ᠤᠬᠰᠠᠷᠠᠵᠦ᠂ 31.2 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ  ᠪᠠᠶᠢᠭᠤᠯᠤᠭᠠᠳ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 42% ᠲᠤ  ᠬᠦᠷᠬᠡᠵᠡᠢ᠃ ᠵᠠᠮ ᠬᠠᠷᠢᠯᠴᠠᠭᠠᠨ ᠤ ᠲᠦᠬᠦᠭᠡᠷᠦᠮᠵᠢ ᠶᠢ ᠲᠠᠰ ᠳᠡᠪᠰᠢᠭᠦᠯᠬᠦ᠂ ᠷᠠᠰᠢᠶᠠᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ᠂ ᠦ᠋ ᠴᠠ ᠭᠧᠦ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠲᠣᠰ ᠲᠣᠰ ᠥᠪᠡᠷᠲᠡᠭᠡᠨ ᠵᠠᠰᠠᠬᠤ ᠣᠷᠣᠨ ᠪᠠ ᠬᠢᠩᠭᠠᠨ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠤᠷᠤᠯᠠᠭᠤᠯᠪᠠ︔ ᠤᠯᠠᠭᠠᠨᠬᠤᠳᠠ —— ᠷᠠᠰᠢᠶᠠᠨ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠵᠤ᠂ ᠤᠯᠤᠰ ᠤᠨ ᠳᠡᠰ ᠤᠨ ᠪᠠ ᠮᠤᠵᠢ ᠶᠢᠨ ᠳᠡᠰ ᠤᠨ ᠭᠤᠣᠯ ᠪᠤᠯᠬᠤ ᠵᠠᠰᠠᠮᠠᠯ ᠵᠠᠮ ᠪᠦᠬᠦᠨ ᠢᠶᠠᠷ ᠢᠶᠠᠨ ᠲᠡᠷᠭᠡ ᠨᠡᠪᠲᠡᠷᠡᠵᠦ᠂ ᠬᠤᠲᠠ ᠪᠠᠯᠭᠠᠰᠤ ᠭᠠᠴᠠᠭ᠎ᠠ ᠲᠣᠰᠬᠤᠨ ᠤ ᠳᠡᠰ ᠤᠨ ᠵᠠᠰᠠᠮᠠᠯ ᠵᠠᠮ ᠢ 283 ᠺᠢᠯᠣᠮᠧᠲᠷ ᠳᠡᠪᠢᠰᠴᠦ᠂ ᠵᠤᠭᠠᠴᠠᠯ ᠤᠨ ᠤᠷᠤᠨ  ᠳᠤ ᠰᠢᠭᠤᠳ ᠨᠡᠪᠲᠡᠷᠡᠬᠦ ᠴᠢᠨᠠᠷ ᠢ ᠢᠯᠡᠳᠲᠡ ᠳᠡᠭᠡᠭᠰᠢᠯᠡᠭᠦᠯᠪᠡ᠃        ᠲᠦᠷᠪᠡᠨ ᠵᠢᠯ ᠤᠨ ᠲᠤᠷᠰᠢ᠂ ᠪᠢᠳᠡ ᠬᠥᠬᠡᠮᠳᠦᠭ ᠠᠭᠤᠯᠠ ᠶᠢ ᠤᠷᠳᠤ ᠬᠤᠭᠤᠴᠠᠭ᠎ᠠ ᠪᠠᠷ ᠰᠠᠬᠢᠵᠤ᠂ ᠨᠣᠭᠤᠭᠠᠨ ᠤᠰᠤ ᠶᠢ ᠬᠠᠮᠠᠭᠠᠯᠠᠭᠰᠠᠨ ᠢᠶᠠᠷ ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠪᠡᠶᠡᠯᠡᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠠ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠲᠤᠰᠬᠠᠢ ᠴᠡᠭᠴᠡᠯᠡᠨ ᠵᠠᠰᠠᠯᠲᠠ ᠶᠢ ᠪᠥᠬᠦ ᠠᠶᠢᠮᠠᠭ ᠲᠤ ᠤᠷᠢᠳᠠᠪᠠᠷ ᠪᠡᠶᠡᠯᠡᠭᠦᠯᠪᠡ᠃ ᠬᠥᠬᠡ ᠣᠭᠲᠠᠷᠭᠤᠢ᠂  ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠤᠯᠠᠭᠠᠨ ᠱᠤᠭᠤᠮ᠂ ᠪᠣᠬᠢᠷᠳᠤᠯ ᠶᠡᠬᠡᠲᠡᠢ ᠰᠢᠳᠠᠭᠠᠯᠭ᠎ᠠ ᠶᠢ ᠴᠠᠭᠠᠵᠠᠯᠠᠬᠤ ᠣᠷᠣᠨ ᠢ ᠵᠠᠭᠠᠭᠯᠠᠨ ᠲᠣᠭᠲᠠᠭᠠᠬᠤ ᠪᠠ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠬᠤ ᠶᠢ ᠪᠡᠶᠡᠯᠡᠭᠦᠯᠵᠦ᠂ ᠲᠥᠪᠯᠡᠷᠡᠭᠦᠯᠦᠨ ᠢᠯᠴᠢ ᠬᠠᠩᠭᠠᠬᠤ ᠲᠥᠪ ᠢ ᠪᠦᠬᠦᠨ ᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠡᠶᠡᠯᠡᠭᠦᠯᠵᠦ᠂ ᠪᠦᠬᠦ ᠬᠤᠳᠠ ᠶᠢᠨ ᠠᠭᠠᠷ ᠤᠨ ᠶᠠᠰᠤ ᠴᠢᠨᠠᠷ ᠤᠨ ᠳᠤᠮᠳᠠᠴᠢ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 98% ᠳᠤ ᠬᠦᠷᠭᠡᠪᠡ᠃ ᠭᠤᠣᠯ ᠪᠣᠯᠬᠤ ᠭᠤᠣᠯ  ᠭᠤᠷᠤᠬ᠎ᠠ ᠶᠢ ᠵᠠᠰᠠᠬᠤ ᠢᠨᠵᠧᠨᠧᠷᠢᠩ ᠵᠢᠴᠢ ᠬᠠᠷᠢᠶ᠎ᠠ ᠣᠷᠣᠨ ᠤ ᠳᠣᠲᠣᠷᠠᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤ ᠶᠢ Ⅲ ᠲᠥᠷᠥᠯ ᠤᠨ ᠪᠠᠷᠢᠮᠵᠢᠶ᠎ᠠ ᠳᠤ ᠬᠦᠷᠦᠭᠦᠯᠪᠡ᠃ ᠲᠠᠪᠠᠭᠠᠨ ᠤ ᠡᠮᠦᠨᠡᠬᠢ ᠭᠤᠷᠪᠠᠨ ᠪᠠᠯᠭᠠᠰᠤᠨ ᠤ ᠬᠤᠭ ᠨᠣᠪᠰᠢ ᠶᠢ ᠵᠠᠳᠠᠷᠠᠭᠤᠯᠬᠤ ᠵᠤᠤᠬ᠎ᠠ᠂ ᠢᠷᠪᠢᠰ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠦᠷ᠎ᠡ ᠪᠦᠲᠦᠮᠵᠢ ᠣᠯᠵᠠᠢ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ 21.28 ᠲᠦᠮᠡᠨ ᠮᠦ ᠨᠡᠶᠢᠲᠡ  ᠶᠢᠨ ᠣᠶ ᠶᠢᠨ ᠬᠠᠮᠢᠶᠠᠷᠤᠯᠲᠠ ᠬᠠᠮᠠᠭᠠᠯᠠᠯᠲᠠ ᠶᠢ ᠪᠡᠶᠡᠯᠡᠭᠦᠯᠵᠦ᠂ 21.6 ᠲᠦᠮᠡᠨ ᠮᠦ ᠣᠶᠢᠵᠢᠭᠤᠯᠵᠤ᠂ 33.34 ᠲᠦᠮᠡᠨ ᠮᠦ ᠬᠥᠷᠥᠰᠥ ᠰᠢᠷᠣᠢ ᠶᠢᠨ ᠢᠳᠡᠭᠳᠡᠯ ᠢ ᠵᠠᠰᠠᠪᠠ᠃         ᠲᠦᠷᠪᠡᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠴᠥᠬᠦᠷᠡᠰᠢ ᠦᠭᠡᠢ ᠲᠦᠯᠬᠢᠨ ᠠᠬᠢᠭᠤᠯᠵᠤ᠂ ᠨᠡᠭᠡᠭᠡᠯᠲᠡ ᠶᠢ ᠥᠷᠭᠡᠳᠬᠡᠨ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠡᠩ ᠡᠷᠴᠢᠮᠲᠡᠢ ᠪᠣᠯᠭᠠᠪᠠ᠃ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠵᠦ᠂ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠱᠢᠯᠲᠡ ᠪᠠᠷ ᠡᠯ᠎ᠡ ᠲᠦᠷᠦᠯ ᠤᠨ ᠭᠠᠶᠢᠯᠢ ᠶᠢᠨ ᠰᠦᠢᠳᠬᠡᠯ ᠢ 1.38 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠬᠤᠶᠠᠷ ᠢ ᠳᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠪᠡ᠃ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠰᠢᠰᠲ᠋ᠧᠮ ᠢ ᠬᠡᠷᠡᠭᠵᠢᠭᠦᠯᠵᠦ᠂ ᠡᠯ᠎ᠡ ᠲᠥᠷᠥᠯ ᠤᠨ ᠬᠡᠷᠡᠭ ᠶᠠᠪᠤᠳᠠᠯ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 93.1% ᠳᠤ ᠬᠦᠷᠦᠭᠦᠯᠵᠦ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠪᠥᠬᠦ ᠲᠠᠯ᠎ᠠ ᠪᠠᠷ ᠴᠣᠮᠬᠠᠳᠬᠠᠨ᠂ ᠬᠢᠨᠠᠨ ᠵᠥᠪᠰᠢᠶᠡᠷᠡᠬᠦ ᠢ ᠪᠥᠬᠦ ᠲᠠᠯ᠎ᠠ ᠪᠠᠷ ᠪᠠᠭᠠᠰᠬᠠᠪᠠ᠃ ︽ᠠᠵᠤ ᠠᠬᠤᠶᠢᠯᠠᠯ ᠳᠤ ᠤᠷᠤᠵᠤ ᠬᠡᠷᠡᠭᠴᠡᠭᠡ ᠶᠢ ᠠᠰᠠᠭᠤᠬᠤ︾ ᠶᠢ ᠪᠥᠬᠦ ᠠᠵᠢᠯᠲᠠᠨ ᠢᠶᠠᠷ ᠲᠦᠯᠬᠢᠨ ᠠᠬᠢᠭᠤᠯᠵᠤ᠂ ᠪᠣᠭᠤᠮᠲᠠ ᠶᠢᠨ ᠤᠰᠤᠨ ᠭᠠᠷᠤᠯᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠴᠢᠩᠭᠠᠷᠠᠵᠤ᠂ ᠮᠣᠩᠭᠤᠯ ᠤᠯᠤᠰ ᠤᠨ ᠡᠮᠦᠨ᠎ᠡ ᠬᠠᠩᠭᠠᠢ ᠠᠶᠢᠮᠠᠭ᠂ ᠶᠦᠨᠨᠠᠨ ᠤ ᠯᠢᠵᠢᠶᠠᠩ ᠤᠨ ᠡᠷᠲᠡᠨ ᠤ ᠬᠤᠲᠠ ᠯᠤᠭ᠎ᠠ ᠨᠥᠬᠦᠷᠰᠡᠭ ᠢᠶᠠᠷ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠣᠷᠣᠰ ᠮᠣᠩᠭᠤᠯ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ︾ ᠵᠡᠷᠭᠡ ᠭᠠᠳᠠᠭᠠᠳᠤ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠠᠮᠢ ᠠᠬᠤᠢ ᠶᠢᠨ ᠰᠣᠶᠣᠯ ᠵᠤᠭᠠᠴᠠᠯ ᠤᠨ ᠪᠣᠭᠤᠮᠲᠠ ᠶᠢᠨ ᠪᠠᠶᠢᠷᠢ ᠲᠣᠭᠲᠠᠭᠠᠯᠲᠠ ᠶᠢ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠣᠷᠣᠭᠤᠯᠵᠤ᠂ ᠪᠣᠭᠤᠮᠲᠠ ᠶᠢᠨ ᠪᠠᠶᠢᠩᠭᠤ ᠶᠢᠨ ᠨᠡᠭᠡᠭᠡᠯᠲᠡ ᠨᠢ ᠤᠯᠤᠰ ᠤᠨ ᠵᠥᠪᠰᠢᠶᠡᠷᠡᠯ ᠢ ᠣᠯᠪᠠ᠃ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠶᠡᠭᠡ ᠲᠢᠩᠬᠢᠮ ᠢ ᠠᠰᠢᠭᠯᠠᠯᠲᠠ ᠳᠤ ᠣᠷᠣᠭᠤᠯᠵᠤ᠂ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠲᠠᠰᠤᠷᠠᠯᠲᠠ ᠦᠭᠡᠢ ᠲᠦᠷᠭᠡᠳᠪᠡ᠃        ᠲᠦᠷᠪᠡᠨ ᠵᠢᠯ ᠤᠨ ᠲᠤᠷᠰᠢ᠂ ᠪᠢᠳᠡ ᠡᠷᠡᠰ ᠭᠤᠶᠢᠪᠢᠰᠢ ᠦᠭᠡᠢ ᠪᠠᠷ ᠦᠨᠳᠦᠰᠦᠨ ᠵᠦᠢᠯ ᠢ ᠪᠠᠲᠤᠳᠬᠠᠵᠤ᠂ ᠰᠠᠶᠢᠵᠢᠷᠠᠭᠤᠯᠤᠯᠲᠠ ᠶᠢ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠬᠢᠵᠦ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠦᠷᠪᠢᠰᠬᠦ ᠶᠢ ᠰᠡᠷᠭᠡᠶᠢᠯᠡᠬᠦ︾ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠥᠬᠦ ᠬᠤᠲᠠ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠭᠠᠷᠤᠭᠰᠠᠨ ᠦᠭᠡᠢ᠃ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠲᠠᠷᠬᠠᠭᠠᠵᠤ᠂ ᠬᠦᠴᠢᠷᠳᠡᠯᠲᠡᠢ  ᠡᠳᠡᠭᠡᠳ ᠢ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠷ ᠠᠪᠤᠷᠠᠨ ᠲᠤᠰᠠᠯᠠᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠡᠮᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠵᠦ᠂ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠤᠷᠢᠳ ᠬᠤᠵᠢᠳ ᠷᠠᠰᠢᠶᠠᠨ ᠬᠤᠲᠠ ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠨᠠᠶᠢᠳᠠᠨ ᠬᠠᠮᠢᠶᠠᠷᠤᠭᠤᠯᠵᠤ ᠠᠰᠢᠭᠯᠠᠯᠲᠠ ᠳᠤ ᠣᠷᠣᠭᠤᠯᠤᠭᠠᠳ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠᠲᠠᠢ ᠵᠦᠪᠰᠢᠶᠡᠷᠡᠭᠦᠯᠪᠡ᠃ ᠰᠤᠷᠭᠠᠨ ᠬᠥᠮᠦᠵᠢᠯ ᠤᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ 17 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠡᠭᠡᠵᠢᠩ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠠᠰᠢᠶᠠᠨ ᠤ ᠬᠤᠪᠢᠶᠠᠷᠢ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠪᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠯᠠᠪᠳᠠᠭᠤᠨ ᠢᠶᠠᠷ ᠬᠡᠷᠡᠭᠵᠢᠭᠦᠯᠵᠦ᠂ ︽ᠬᠤᠶᠠᠷ ᠢ ᠪᠠᠭᠠᠰᠬᠠᠬᠤ︾ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠭᠦᠯᠬᠦ ᠰᠢᠶᠠᠨ ᠤ  ᠲᠡᠰ ᠤᠨ ᠬᠤᠳᠠ ᠶᠢ ᠰᠢᠯᠭᠠᠨ ᠠᠪᠬᠤ ᠪᠠᠶᠢᠴᠠᠭᠠᠯᠳᠠ ᠶᠢ ᠤᠷᠢᠳᠠᠪᠠᠷ ᠥᠩᠭᠡᠷᠡᠭᠦᠯᠪᠡ᠃ ᠥᠪᠥᠷ ᠮᠣᠩᠭᠤᠯ ᠤᠨ ᠨᠣᠮ ᠤᠨ ᠰᠠᠩ ᠤᠨ ᠷᠠᠰᠢᠶᠠᠨ ᠤ ᠬᠤᠪᠢᠶᠠᠷᠢ ᠰᠠᠩ ᠢ ᠪᠠᠶᠢᠭᠤᠯᠵᠤ᠂ ᠤᠯᠠᠭᠠᠨᠮᠥ᠋ᠴᠢᠷ ᠤᠨ ᠪᠠᠶᠢᠭᠤᠯᠤᠮᠵᠢ ᠶᠢᠨ ᠳᠦᠷᠢᠮ ᠢ ᠰᠡᠷᠭᠦᠭᠡᠪᠡ᠃ ᠪᠠᠢ ᠯᠠᠩ ᠤᠶᠢᠰᠤᠨ ᠵᠢᠷᠤᠭ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠬᠦ ᠦᠢᠯᠡᠳᠬᠡᠯ ᠤᠨ ᠭᠠᠵᠠᠷ ᠪᠣᠯᠭᠠᠪᠠ᠃     ᠲᠦᠷᠪᠡᠨ ᠵᠢᠯ ᠤᠨ ᠲᠤᠷᠰᠢ᠂ ᠪᠢᠳᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠣᠭᠲᠠᠭᠤᠨ ᠪᠠᠶᠢᠳᠠᠯ ᠢ ᠪᠠᠲᠤᠯᠠᠵᠤ᠂ ᠡᠶ᠎ᠡ ᠵᠣᠬᠢᠴᠠᠯ ᠢ ᠠᠬᠢᠭᠤᠯᠤᠭᠰᠠᠨ ᠢᠶᠠᠷ ᠨᠡᠶᠢᠭᠡᠮ ᠤᠨ ᠶᠡᠭᠡ ᠲᠠᠯ᠎ᠠ ᠠᠮᠤᠷ ᠲᠣᠭᠲᠠᠭᠤᠨ ᠡᠶ᠎ᠡ ᠨᠠᠶᠢᠷᠠᠮᠳᠠᠭᠤ ᠪᠣᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ ︾ ᠶᠢ ᠰᠤᠷᠤᠯᠴᠠᠨ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠭᠦᠨᠵᠡᠭᠡᠢ ᠦᠷᠨᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠭᠤᠷᠪᠠᠨ ᠵᠢᠯ ᠤᠨ ᠠᠵᠢᠯᠯᠠᠭ᠎ᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠦᠮᠦᠵᠢᠯ ᠴᠡᠭᠴᠡᠯᠡᠯᠳᠡ ᠶᠢ ᠤᠷᠤᠭᠰᠢᠲᠠᠢ ᠪᠡᠶᠡᠯᠡᠭᠦᠯᠪᠡ᠃ ︽ᠵᠠᠮ ᠬᠠᠷᠢᠯᠴᠠᠭ᠎ᠠ ᠪᠠ ᠴᠠᠭᠳᠠᠨ ᠪᠠᠶᠢᠴᠠᠭᠠᠯᠲᠠ ᠶᠢ ᠨᠢᠭᠡᠳᠬᠡᠬᠦ︾ ᠪᠠ ︽135︾ ᠴᠠᠭᠳᠠᠭ᠎ᠠ ᠶᠢᠨ ᠬᠦᠷᠢᠶ᠎ᠡ ᠠᠴᠠ ᠭᠠᠷᠬᠤ ᠠᠵᠢᠯ ᠤᠨ ᠬᠡᠪ ᠵᠠᠭᠪᠤᠷ ᠠᠯᠬᠤᠮ ᠠᠯᠬᠤᠮ ᠢᠶᠠᠷ ᠪᠣᠯᠪᠠᠰᠤᠷᠠᠩᠭᠤᠢ ᠪᠣᠯᠵᠤ᠂ ︽ᠬᠤᠶᠠᠷ ᠵᠦᠢᠯ ᠤᠨ ᠪᠤᠯᠢᠶᠠᠬᠤ︾ ᠬᠡᠷᠡᠭ 4 ᠵᠢᠯ ᠳᠠᠷᠠᠭᠠᠯᠠᠨ ᠭᠠᠷᠤᠭᠰᠠᠨ ᠦᠭᠡᠢ  ᠪᠦᠭᠡᠳ ᠨᠡᠶᠢᠭᠡᠮ ᠤᠨ ᠪᠠᠶᠢᠳᠠᠯ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠤᠭᠴᠠᠯᠠᠪᠠ᠃ ᠮᠥᠩᠭᠦᠨ ᠭᠦᠢᠯᠭᠡᠭᠡᠨ ᠤ ᠡᠮᠬᠢ ᠵᠢᠷᠤᠮ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ  ᠢᠶᠠᠷ ᠰᠢᠢᠳᠪᠤᠷᠢᠯᠡᠪᠡ᠃ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠤᠯᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ︽ᠲᠤᠯᠤᠭᠠᠨ  ᠵᠦᠢᠯ ᠤᠨ ᠬᠦᠮᠦᠰ ᠲᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾᠂ ︽ᠲᠦᠷᠪᠡᠨ ᠠᠵᠤ ᠠᠬᠤᠢ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠠᠵᠢᠯ ᠢ ᠤᠷᠤᠭᠰᠢᠲᠠᠢ ᠪᠡᠶᠡᠯᠡᠭᠦᠯᠪᠡ᠃ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ︽2020 ᠣᠨ ᠤ ᠥᠪᠥᠷ ᠮᠣᠩᠭᠤᠯ ᠤᠨ ᠠᠷᠪᠠᠨ ᠶᠡᠭᠡ ᠬᠠᠤᠯᠢ ᠪᠠᠷ ᠵᠠᠰᠠᠬᠤ ᠶᠠᠪᠤᠳᠠᠯ︾  ᠤᠨ ᠵᠢᠱᠢᠶᠡᠴᠢ ᠪᠠᠷ ᠦᠨᠡᠯᠡᠭᠳᠡᠪᠡ᠃        ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠵᠡᠪᠰᠡᠭᠲᠦ ᠬᠦᠴᠦᠨ᠂ ᠦᠨᠳᠦᠰᠦᠲᠡᠨ ᠱᠠᠰᠢᠨ ᠰᠤᠷᠲᠠᠬᠤᠨ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠬᠢᠨᠠᠨ ᠪᠣᠳᠣᠯᠲᠠ᠂ ᠲᠤᠭ᠎ᠠ ᠪᠦᠷᠢᠳᠬᠡᠯ᠂ ᠬᠠᠩᠭᠠᠨ ᠪᠣᠷᠤᠯᠠᠭᠤᠯᠭ᠎ᠠ᠂ ᠴᠠᠭ ᠠᠭᠤᠷ᠂ ᠲᠡᠦᠬᠡ ᠣᠶᠢᠯᠠᠯᠭ᠎ᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂  ᠪᠠᠭᠠᠴᠤᠳ ᠬᠡᠦᠬᠡᠳ ᠤᠨ ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠵᠤ᠂ ᠪᠦᠬᠦ ᠬᠤᠳᠠ ᠶᠢᠨ ᠡᠯ᠎ᠡ ᠠᠵᠢᠯ ᠲᠦᠷᠦᠯ ᠤᠷᠬᠢᠯ ᠳᠠᠭᠠᠨ ᠲᠤᠯᠵᠤ᠂ ᠥᠷᠨᠢᠩᠭᠦᠢ ᠬᠦᠭᠵᠢᠭᠡᠳ᠂ ᠷᠠᠰᠢᠶᠠᠨ ᠡᠳᠦᠷ ᠪᠦᠷᠢ ᠰᠢᠨ᠎ᠡ ᠬᠦᠰᠡᠯ ᠡᠷᠡᠮᠡᠯᠵᠡᠯ ᠲᠠᠢ ᠪᠣᠯᠵᠤ᠂ ᠡᠳᠦᠷ ᠪᠦᠷᠢ ᠰᠢᠨ᠎ᠡ ᠬᠤᠪᠢᠷᠠᠯᠲᠠ ᠲᠠᠢ ᠪᠣᠯᠪᠠ᠃       ᠲᠥᠯᠥᠭᠡᠯᠡᠭᠴᠢᠳ ᠠ᠋᠂ ᠲᠦᠷᠪᠡᠨ ᠵᠢᠯ ᠡᠷᠡᠮᠡᠬᠡᠶᠢᠯᠡᠨ ᠳᠠᠪᠰᠢᠵᠤ᠂ ᠠᠮᠵᠢᠯᠲᠠ ᠪᠦᠲᠦᠮᠵᠢ ᠨᠢ ᠬᠥᠮᠥᠰ ᠤᠨ ᠰᠡᠳᠬᠢᠯ ᠢ ᠵᠣᠷᠢᠭᠵᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠵᠠᠮ ᠳᠡᠭᠡᠷ᠎ᠡ ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠤ ᠰᠢᠯᠭᠠᠯᠲᠠ ᠶᠢ ᠲᠠᠭᠠᠭᠠᠭᠰᠠᠨ ᠪᠠᠶᠢᠨ᠎ᠠ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠴᠢᠭᠯᠡᠯ ᠲᠣᠭᠲᠠᠭᠠᠭᠰᠠᠨ ᠤ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠩᠭᠡᠷᠡᠭᠰᠡᠨ ᠳᠤ ᠲᠤᠰᠢᠶᠠᠯ ᠬᠠᠷᠢᠭᠤᠴᠠᠵᠤ ᠪᠠᠶᠢᠭᠰᠠᠨ ᠤᠳᠤᠷᠢᠳᠬᠤ ᠪᠠᠭ ᠪᠦᠯᠬᠦᠮᠳᠡᠨ ᠬᠠᠮᠵᠢᠯᠴᠠᠵᠤ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠴᠢᠷᠮᠠᠶᠢᠨ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠠᠵᠢᠯᠯᠠᠵᠤ ᠪᠣᠳᠠᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠡ᠊ᠨᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠡᠯ᠎ᠡ ᠹᠷᠣᠨᠲ᠂ ᠡᠯ᠎ᠡ ᠠᠵᠢᠯ ᠤᠨ ᠪᠠᠶᠢᠷᠢ ᠳᠡᠭᠡᠷ᠎ᠡ ᠪᠠᠨ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ᠂ ᠪᠢᠳᠡᠨ ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ ᠪᠠ ᠠᠬᠠᠮᠠᠳ ᠨᠥᠬᠦᠳ᠂ ᠷᠠᠰᠢᠶᠠᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ᠂ ᠷᠠᠰᠢᠶᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠷᠠᠰᠢᠶᠠᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠰᠠᠭᠤᠭ᠎ᠠ ᠨᠢᠭᠡᠴᠢ᠂ ᠠᠵᠤ ᠠᠬᠤᠶᠢᠯᠠᠯᠲᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕        ᠠᠮᠵᠢᠯᠲᠠ ᠪᠠᠨ ᠨᠤᠲᠠᠯᠠᠬᠤ ᠶᠢᠨ ᠬᠠᠮᠲᠤ᠂ ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ ᠶᠢᠨ ᠴᠢᠨᠠᠷ ᠴᠢᠨᠰᠠᠭ᠎ᠠ ᠥᠨᠳᠥᠷ ᠪᠢᠰᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡᠳᠦᠢ᠂ ᠠᠵᠤ ᠠᠬᠤᠢ ᠶᠢᠨ ᠪᠦᠲᠦᠴᠡ ᠶᠢ ᠮᠥᠨ ᠰᠢᠯᠢᠳᠡᠭᠵᠢᠭᠦᠯᠬᠦ ᠴᠢᠬᠤᠯᠠᠲᠠᠢ᠂ ᠳᠠᠪᠠᠭᠤᠯᠢᠭ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠴᠢᠬᠤᠯᠠᠲᠠᠢ᠂ ᠰᠢᠨ᠎ᠡ ᠶᠢ ᠡᠭᠦᠳᠬᠦ ᠴᠢᠳᠠᠪᠤᠷᠢᠲᠠᠨ ᠤ ᠲᠤᠯᠭᠠᠭᠤᠷᠢᠯᠠᠯ ᠬᠦᠷᠦᠯᠴᠡᠬᠦ ᠦᠭᠡᠢ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠴᠢᠩᠭᠠᠷᠠᠭᠤᠯᠬᠤ ᠴᠢᠬᠤᠯᠠᠲᠠᠢ︔ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠤᠯᠠᠨ ᠪᠢᠰᠢ᠂ ᠨᠡᠭᠡᠭᠡᠯᠲᠡ ᠬᠥᠭᠵᠢᠯᠲᠡ ᠪᠠᠷ ᠳᠤᠲᠠᠮᠠᠭ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠳᠡᠭᠡᠭᠰᠢᠯᠡᠭᠦᠯᠬᠦ ᠴᠢᠬᠤᠯᠠᠲᠠᠢ︔ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ ᠪᠠᠶᠢᠬᠤ︔ ᠵᠠᠰᠠᠭ ᠤᠨ ᠣᠷᠳᠣᠨ ᠤ ᠠᠵᠢᠯᠲᠠᠨ ᠤ ᠴᠢᠳᠠᠪᠤᠷᠢ᠂ ᠣᠪᠣᠷ ᠰᠤᠷᠲᠠᠯ ᠨᠢ ᠤᠯᠠᠨ ᠲᠦᠮᠡᠨ ᠤ ᠱᠠᠭᠠᠷᠳᠠᠯᠭ᠎ᠠ ᠲᠠᠢ ᠪᠠᠰᠠ ᠵᠥᠷᠢᠶ᠎ᠡ ᠲᠠᠢ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠡᠭᠦᠨ ᠳᠤ ᠪᠢᠳᠡ ᠵᠠᠪᠠᠯ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠦᠰᠡᠷᠳᠡᠭᠦᠯᠵᠦ ᠪᠤᠯᠬᠤ ᠦᠭᠡᠢ᠃     ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ        ᠰᠢᠨ᠎ᠡ ᠴᠠᠭ ᠦᠶ᠎ᠡ ᠳᠤ ᠰᠢᠨ᠎ᠡ ᠵᠢᠷᠤᠭ ᠲᠥᠰᠥᠪ ᠢ ᠵᠢᠷᠤᠭᠯᠠᠵᠤ᠂ ᠰᠢᠨ᠎ᠡ ᠠᠶᠠᠨ ᠵᠠᠮ ᠳᠤ ᠤᠷᠤᠬᠰᠢᠯᠠᠯᠳᠠ ᠶᠢᠨ ᠪᠦᠷᠢᠶ᠎ᠡ ᠶᠢ ᠬᠠᠩᠭᠢᠨᠠᠭᠤᠯᠤᠨ᠎ᠠ᠃ ᠷᠠᠰᠢᠶᠠᠨ ᠴᠢᠨᠠᠷ ᠰᠠᠶᠢᠲᠠᠢ ᠬᠥᠭᠵᠢᠯᠲᠡ ᠶᠢᠨ ᠠᠵᠠ ᠲᠣᠬᠢᠶᠠᠯ ᠳᠠᠪᠬᠤᠴᠠᠬᠤ ᠬᠤᠭᠤᠴᠠᠭ᠎ᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠠᠨᠳᠤᠰᠢ ᠪᠠᠳᠠᠷᠠᠬᠤ ᠬᠤᠭᠤᠴᠠᠭ᠎ᠠ᠂ ᠬᠤᠳᠠ ᠪᠠᠯᠭᠠᠰᠤᠨ ᠤ ᠠᠭᠤᠰᠤᠯᠴᠠᠨ ᠬᠥᠭᠵᠢᠬᠦ ᠶᠢ ᠭᠦᠨᠵᠡᠭᠡᠢ ᠥᠷᠭᠡᠳᠬᠡᠬᠦ ᠬᠤᠭᠤᠴᠠᠭ᠎ᠠ ᠶᠢ ᠤᠭᠲᠤᠨ ᠠᠪᠴᠢᠷᠠᠵᠤ᠂ ᠴᠢᠨᠠᠷ ᠰᠠᠶᠢᠲᠠᠢ ᠬᠥᠭᠵᠢᠯᠲᠡ ᠶᠢ ᠡᠬᠢᠯᠡᠭᠦᠯᠬᠦ ᠴᠠᠭ ᠨᠢᠭᠡᠨᠲᠡ ᠬᠦᠷᠴᠦ ᠢᠷᠡᠪᠡ᠂ ᠬᠠᠨᠳᠤᠰᠢ ᠨᠢᠭᠡᠨᠲᠡ ᠪᠦᠷᠢᠯᠳᠦᠪᠡ᠃         ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ  ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠲᠤᠮᠳᠠ ᠵᠡᠷᠭᠡᠪᠡᠷ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ︽ᠲᠥᠷᠥ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠥᠷᠥ ᠵᠠᠰᠠᠭ ᠮᠦᠨ︾ ᠭᠡᠬᠦ ᠦᠨᠳᠦᠰᠦᠨ ᠵᠣᠭᠰᠣᠯᠲᠠ ᠳᠤ ᠪᠠᠲᠤ ᠵᠣᠭᠰᠣᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠭᠤᠷᠢ ᠶᠢ ᠪᠠᠲᠤᠳᠬᠠᠵᠤ᠂ ᠠᠵᠤ ᠦᠢᠯᠡᠰ ᠢ ᠪᠣᠶᠢᠵᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠥᠭᠵᠢᠯᠲᠡ ᠶᠢ ᠲᠦᠷᠭᠡᠳᠬᠡᠬᠦ︾ ᠠᠵᠢᠯ ᠤᠨ ᠰᠡᠳᠬᠢᠴᠡ ᠶᠣᠰᠣᠭᠠᠷ᠂ ︽ᠵᠤᠭᠠᠴᠠᠯ ᠢᠶᠠᠷ ᠭᠤᠣᠯ ᠪᠣᠯᠭᠠᠵᠤ᠂ ᠵᠤᠭᠠᠴᠠᠯ ᠤᠨ ᠦᠢᠯᠡᠰ ᠲᠤ ᠦᠢᠯᠡᠴᠢᠯᠡᠬᠦ︾ ᠬᠥᠭᠵᠢᠯᠲᠡ ᠶᠢᠨ ᠠᠷᠭ᠎ᠠ ᠵᠠᠮ ᠢ ᠪᠠᠷᠢᠮᠲᠠᠯᠠᠵᠤ᠂ ︽ᠨᠢᠭᠡ ᠬᠤᠳᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ ᠬᠥᠭᠵᠢᠯᠲᠡ ᠶᠢᠨ ᠴᠢᠭᠯᠡᠯ ᠳᠤ ᠰᠠᠭᠤᠷᠢᠯᠠᠵᠤ᠂ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠢ ᠬᠤᠪᠢᠷᠠᠭᠤᠯᠵᠤ᠂ ᠨᠡᠭᠡᠭᠡᠯᠲᠡ ᠶᠢᠨ ᠠᠯᠬᠤᠴᠠ ᠶᠢ ᠲᠦᠷᠭᠡᠳᠬᠡᠵᠦ᠂ ᠬᠤᠳᠠ ᠶᠢᠨ ᠳᠦᠷᠰᠦ ᠪᠠᠶᠢᠳᠠᠯ ᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕        ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠶᠢ 4.5% ᠣᠷᠴᠢᠮ ᠳᠤ ᠬᠦᠷᠭᠡᠵᠦ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 7.5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 4.5 ᠲᠦᠮᠡᠨ ᠲᠥᠭᠦᠷᠢᠭ᠂ 2 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠵᠦ᠂ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃     ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠴᠢᠭᠯᠡᠯ ᠪᠣᠯ᠄        —— ᠦᠵᠡᠮᠵᠢ ᠪᠤᠯᠤᠨ ᠬᠤᠳᠠ ᠶᠢ ᠨᠢᠭᠡ ᠴᠣᠭᠴᠠᠵᠢᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ ᠤᠨ ᠬᠠᠯᠠᠮᠰᠢᠯ ᠣᠷᠣᠨ ᠢ ᠴᠣᠭᠴᠠᠯᠠᠨ᠎ᠠ᠃ ︽ᠵᠤᠭᠠᠴᠠᠯ ᠤᠨ ᠬᠥᠭᠵᠢᠯᠲᠡᠢ ᠤᠯᠠᠷᠢᠯ ᠢ ᠤᠷᠲᠤᠳᠬᠠᠵᠤ᠂ ᠬᠥᠭᠵᠢᠯ ᠦᠭᠡᠢ ᠤᠯᠠᠷᠢᠯ ᠢ ᠬᠦᠭᠵᠢᠭᠡᠵᠦ᠂  ᠲᠦᠷᠪᠡᠨ ᠤᠯᠠᠷᠢᠯ  ᠳᠤ ᠬᠦᠭᠵᠢᠶᠡᠨ ᠲᠠᠢ ᠪᠠᠶᠢᠬᠤ ᠶᠢ ᠪᠡᠶᠡᠯᠡᠭᠦᠯᠬᠦ︾ ᠪᠠᠶᠢᠯᠳᠤᠬᠤ ᠪᠣᠳᠣᠯᠭ᠎ᠠ ᠶᠢᠨ ᠶᠣᠰᠣᠭᠠᠷ᠂ ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ ᠬᠥᠭᠵᠢᠯᠲᠡ ᠶᠢᠨ ᠴᠢᠭᠯᠡᠯ ᠳᠤ ᠰᠠᠭᠤᠷᠢᠯᠠᠨ᠂ ︽ᠵᠤᠭᠠᠴᠠᠯ +︾ ︽+ ᠵᠤᠭᠠᠴᠠᠯ︾ ᠤᠨ ᠵᠠᠭᠪᠤᠷ ᠢ ᠬᠡᠷᠡᠭᠵᠢᠭᠦᠯᠵᠦ᠂ ᠤᠯᠤᠰ ᠤᠨ ᠪᠥᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ᠂ ᠤᠯᠤᠰ ᠤᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ᠂ ᠤᠯᠤᠰ ᠤᠨ ᠲᠠᠰ ᠤᠨ ᠵᠤᠭᠠᠴᠠᠯ ᠰᠡᠯᠡᠭᠦᠴᠡᠯ ᠤᠨ ᠬᠤᠲᠠ ᠶᠢ ᠪᠥᠬᠦ ᠲᠠᠯ᠎ᠠ ᠪᠠᠷ ᠡᠭᠦᠳᠦᠨ ᠪᠠᠶᠢᠭᠤᠯᠤᠨ᠎ᠠ᠃ ᠬᠠᠯᠬ᠎ᠠ  ᠭᠤᠤᠯ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠲᠥᠪᠯᠡᠷᠡᠯ ᠤᠨ ᠪᠦᠰᠡ᠂ ᠷᠠᠰᠢᠶᠠᠨ ᠤ ᠡᠷᠡᠭᠦᠯ ᠮᠡᠨᠳᠦ ᠶᠢᠨ ᠬᠥᠨᠳᠡᠢ ᠪᠠ ᠵᠤᠭᠠᠴᠠᠯ ᠤᠨ ᠵᠠᠮ ᠳᠠᠭᠠᠤ ᠶᠢᠨ ᠦᠵᠡᠮᠵᠢ ᠶᠢᠨ ᠤᠷᠤᠨ ᠢ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠠᠵᠤ ᠦᠢᠯᠡᠰ ᠤᠨ ᠬᠥᠭᠵᠢᠯᠲᠡ ᠪᠠᠷ ᠬᠤᠲᠠ ᠶᠢᠨ ᠰᠢᠯᠢᠳᠡᠭᠵᠢᠭᠦᠯᠦᠯᠲᠡ ᠶᠢ ᠠᠬᠢᠭᠤᠯᠵᠤ᠂ ᠡᠴᠦᠰ ᠲᠡᠭᠡᠨ ︽ᠦᠵᠡᠮᠵᠢ ᠬᠤᠲᠠ ᠶᠢ ᠨᠢᠭᠡᠳᠬᠡᠬᠦ︾ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠦᠨ᠎ᠡ᠃ ᠳᠥᠷᠪᠡᠨ ᠤᠯᠠᠷᠢᠯ ᠤᠨ ᠵᠤᠭᠠᠴᠠᠯ ᠤᠨ ᠨᠡᠷᠡᠲᠦ ᠲᠡᠮᠳᠡᠭ ᠢ ᠲᠦᠷᠭᠡᠨ ᠪᠤᠢ ᠪᠤᠯᠭᠠᠵᠦ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠬᠤ ᠶᠢ ᠠᠬᠢᠭᠤᠯᠵᠤ᠂ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ︽ᠬᠤᠶᠠᠷ ᠫᠠᠶᠢᠰᠠ︾ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠲᠥᠪ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠪ ᠢᠶᠠᠷ ᠭᠤᠣᠯ ᠪᠣᠯᠭᠠᠭᠰᠠᠨ᠂ ᠶᠢᠨ ᠵᠢᠶᠠᠩ ᠭᠧᠦ᠂ ᠶᠢᠨ ᠵᠢᠶᠠᠩ ᠭᠧᠦ ᠶᠢᠨ ᠳᠡᠭᠡᠳᠦ ᠳᠡᠰ ᠤᠨ ᠬᠠᠯᠠᠭᠤᠨ ᠷᠠᠰᠢᠶᠠᠨ ᠤ ᠪᠠᠭᠤᠳᠠᠯ ᠪᠠ ᠲᠠᠢ ᠫᠢᠩ ᠯᠢᠩ᠂ ᠪᠠᠢ ᠯᠠᠩ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠪᠠᠷ ᠲᠤᠯᠭᠠᠭᠤᠷᠢ ᠪᠣᠯᠭᠠᠭᠰᠠᠨ ᠳᠥᠷᠪᠡᠨ ᠤᠯᠠᠷᠢᠯ ᠤᠨ ᠵᠤᠭᠠᠴᠠᠯ ᠤᠨ ᠪᠦᠲᠦᠭᠡᠭᠳᠡᠬᠦᠨ ᠢ  ᠪᠠᠶᠢᠭᠤᠯᠤᠨ᠂ ︽ᠬᠦᠭᠵᠢᠯᠳᠡᠢ ᠵᠣᠨ ᠤ ᠤᠯᠠᠷᠢᠯ︾ ᠠᠴᠠ ︽ᠬᠦᠭᠵᠢᠯᠳᠡᠢ ᠡᠪᠦᠯ ᠤᠨ ᠤᠯᠠᠷᠢᠯ ︾ ᠪᠣᠯᠭᠠᠵᠤ᠂ ᠳᠠᠬᠢᠭᠠᠳ ︽ᠬᠦᠭᠵᠢᠯᠳᠡᠢ ᠪᠥᠬᠦ ᠤᠯᠠᠷᠢᠯ︾ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠠᠮᠢ ᠠᠬᠤᠢ ᠶᠢᠨ ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ᠂ ᠦᠪᠡᠰᠦᠪᠡᠨ ᠲᠡᠷᠭᠡ ᠵᠢᠯᠤᠭᠤᠳᠬᠤ ᠵᠤᠭᠠᠴᠠᠯ᠂ ᠵᠤᠰᠠᠯᠠᠩ ᠤᠨ ᠵᠤᠭᠠᠴᠠᠯ᠂ ᠪᠡᠶ᠎ᠡ ᠶᠢᠨ ᠲᠠᠮᠢᠷ ᠤᠨ ᠵᠤᠭᠠᠴᠠᠯ᠂ ᠬᠠᠮ ᠦᠵᠡᠰᠬᠦᠯᠡᠩ ᠤᠨ ᠵᠤᠭᠠᠴᠠᠯ ᠪᠠ ᠬᠤᠲᠠ ᠶᠢᠨ ᠰᠣᠶᠣᠯ ᠰᠡᠯᠡᠭᠦᠴᠡᠯ ᠤᠨ ᠵᠤᠭᠠᠴᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠬᠢᠭᠤᠯᠤᠨ ᠬᠥᠭᠵᠢᠭᠦᠯᠵᠦ᠂ ︽ᠰᠦᠷᠯᠢᠭ  ᠬᠢᠩᠭᠠᠨ · ᠰᠢᠳᠢᠳᠦ ᠷᠠᠰᠢᠶᠠᠨ᠂ ᠭᠠᠯᠲᠤ ᠠᠭᠤᠯᠠ ᠶᠢᠨ ᠬᠠᠯᠠᠭᠤᠨ ᠷᠠᠰᠢᠶᠠᠨ ᠰᠢᠶᠠᠩ · ᠪᠡᠶ᠎ᠡ ᠶᠢᠨ ᠲᠠᠮᠢᠷ ᠤᠨ ᠡᠷᠡᠭᠦᠯᠵᠢᠯ ᠰᠤᠪᠢᠯᠠᠯᠲᠠ ᠶᠢᠨ ᠭᠠᠵᠠᠷ︾ ᠤᠨ ᠨᠠᠷᠠᠲᠤ ᠲᠡᠮᠳᠡᠭᠲᠦ ᠶᠢ ᠬᠠᠩᠭᠢᠨᠠᠭᠤᠯᠵᠤ᠂ ︽ᠤᠯᠤᠰ ᠤᠨ ᠳᠣᠲᠣᠭᠠᠳᠤ ᠳᠤ ᠲᠡᠷᠢᠭᠦᠨ ᠳᠡᠰ ᠤᠨ᠂ ᠳᠡᠯᠡᠬᠡᠢ ᠳᠤ ᠠᠯᠳᠠᠷᠲᠠᠢ︾ ᠠᠮᠢ ᠠᠬᠤᠢ ᠶᠢᠨ ᠡᠷᠡᠭᠦᠯᠵᠢᠯ ᠰᠤᠪᠢᠯᠠᠯᠲᠠ ᠶᠢᠨ ᠵᠤᠭᠠᠴᠠᠯ ᠤᠨ ᠵᠣᠷᠢᠭᠰᠠᠨ ᠭᠠᠵᠠᠷ ᠢ ᠪᠠᠶᠢᠭᠤᠯᠤᠨ᠎ᠠ᠃        —— ᠦᠷᠭᠦᠯᠵᠢᠯᠡᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠣᠪᠤᠶᠢᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠤᠭᠠᠴᠠᠯ ᠤᠨ ᠭᠤᠣᠯᠯᠠᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠤ ᠰᠢᠰᠲ᠋ᠧᠮ ᠢ ᠪᠦᠷᠢᠨᠰᠢᠭᠦᠯᠦᠨ᠂ ᠰᠡᠯᠡᠭᠦᠴᠡᠯ ᠡᠷᠡᠭᠦᠯᠵᠢᠯ ᠰᠤᠪᠢᠯᠠᠯᠲᠠ᠂ ᠬᠥᠳᠡᠭᠡ ᠲᠣᠰᠬᠤᠨ ᠤ ᠵᠤᠭᠠᠴᠠᠨ ᠰᠤᠷᠤᠯᠴᠠᠬᠤ᠂ ᠠᠷᠠᠳ ᠤᠨ ᠲᠤᠮᠳᠠᠬᠢ ᠠᠮᠲᠠᠲᠤ ᠢᠳᠡᠭᠡᠨ᠂ ᠨᠤᠲᠤᠭ ᠤᠨ ᠣᠨᠴᠠ ᠭᠠᠷᠤᠯᠲᠠ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠴᠢᠨᠠᠷ ᠰᠠᠶᠢᠲᠠᠢ ᠪᠣᠶ ᠪᠣᠯᠭᠠᠵᠤ᠂ ᠲᠤᠸ ᠶᠤᠸᠠᠨ ᠰᠢᠨ᠎ᠡ ᠲᠣᠰᠬᠤᠨ᠂ ᠰᠢ ᠺᠧᠦ ᠠᠷᠠᠳ ᠤᠨ ᠣᠷᠣᠨ ᠰᠠᠭᠤᠴᠠ ᠵᠡᠷᠭᠡ ᠣᠲᠣ ᠶᠢᠨ ᠪᠠᠶᠢᠭ᠎ᠠ ᠠᠷᠠᠳ ᠤᠨ ᠣᠷᠣᠨ ᠰᠠᠭᠤᠴᠠ ᠶᠢ ᠠᠮᠢᠯᠠᠭᠤᠯᠵᠤ᠂ ᠨᠢᠭᠡ ᠪᠦᠯᠦᠭ ᠲᠠᠷᠢᠶᠠᠨ ᠭᠠᠵᠠᠷ᠂  ᠰᠢᠭᠤᠶᠢᠳᠤ ᠤᠷᠤᠨ ᠤ ᠵᠠᠩ ᠳᠠᠳᠬᠠᠯ᠂ ᠮᠥᠰᠥ ᠴᠠᠰᠤ ᠵᠡᠷᠭᠡ ᠪᠠᠷ ᠭᠤᠣᠯ ᠰᠡᠳᠦᠪ ᠪᠣᠯᠭᠠᠭᠰᠠᠨ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠲᠠᠷᠢᠶᠠᠯᠠᠭ᠎ᠠ ᠰᠤᠳᠤᠯᠤᠯ ᠤᠨ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ ᠵᠡᠷᠭᠡ ᠰᠣᠳᠣᠨ ᠵᠤᠭᠠᠴᠠᠯ ᠤᠨ ᠵᠠᠮ ᠱᠤᠭᠤᠮ ᠢ ᠥᠷᠭᠡᠳᠬᠡᠨ᠂ ᠪᠠᠯᠭᠠᠰᠤ ᠲᠣᠰᠬᠤᠨ ᠤ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠰᠣᠶᠣᠯ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ ᠡᠷᠭᠢᠯᠡᠬᠦ ᠶᠢ ᠵᠣᠷᠢᠭᠵᠢᠭᠤᠯᠤᠨ᠎ᠠ᠃ ᠵᠤᠭᠠᠴᠠᠯ ᠬᠢᠭᠡᠳ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠤᠷᠢᠨ ᠵᠤᠭᠠᠴᠠᠬᠤ ᠲᠠᠷᠢᠶᠠᠯᠠᠩ ᠮᠠᠯ ᠠᠵᠤ ᠠᠬᠤᠢ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠳᠡᠭᠡᠷ᠎ᠡ ᠬᠦᠴᠦ ᠲᠠᠯᠪᠢᠵᠤ᠂ ᠬᠢᠵᠠᠭᠠᠷ ᠲᠠᠢ ᠭᠠᠵᠠᠷ ᠰᠢᠷᠣᠢ ᠶᠢᠨ ᠡᠬᠢ ᠪᠠᠶᠠᠯᠢᠭ ᠪᠠ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠵᠤᠭᠠᠴᠠᠯ ᠤᠨ ᠪᠦᠲᠦᠭᠡᠭᠳᠡᠬᠦᠨ ᠪᠣᠯᠭᠠᠨ᠎ᠠ᠃ ᠣᠷᠣᠨ ᠪᠦᠰᠡ ᠶᠢᠨ ᠡᠬᠢ ᠪᠠᠶᠠᠯᠢᠭ ᠪᠠ ᠰᠣᠶᠣᠯ ᠤᠨ ᠣᠨᠴᠠᠯᠢᠭ ᠢ ᠲᠣᠪᠤᠶᠢᠯᠭᠠᠨ᠂ ᠪᠠᠯᠭᠠᠰᠤ ᠲᠣᠰᠬᠤᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠪᠠᠯᠭᠠᠰᠤ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ ᠂ ᠬᠤᠭ ᠨᠣᠪᠰᠢ ᠶᠢ ᠵᠠᠰᠠᠬᠤ᠂ ᠪᠣᠬᠢᠷ ᠤᠰᠤ ᠶᠢ ᠵᠠᠰᠠᠬᠤ᠂  ︽ᠵᠣᠷᠯᠣᠩ ᠤᠨ ᠬᠤᠪᠢᠰᠬᠠᠯ︾ ᠬᠢᠬᠦ ᠵᠡᠷᠭᠡ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠪᠠᠯᠭᠠᠰᠤ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠵᠤ᠂ ᠪᠠᠯᠭᠠᠰᠤ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃     —— ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠢᠯᠢ ᠬᠢᠵᠠᠭᠠᠷ ᠤᠨ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠨᠢᠭᠡ ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠰᠠᠭᠤᠷᠢᠯᠠᠨ᠂ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ᠎ᠠ᠃ ᠪᠣᠭᠤᠮᠲᠠ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ  ᠲᠡᠬᠦᠯᠳᠡᠷᠵᠢᠬᠦᠯᠦᠨ᠂ ᠪᠣᠭᠤᠮᠲᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠪᠣᠭᠤᠮᠲᠠ ᠶᠢ ᠪᠠᠶᠢᠩᠭᠤ ᠨᠡᠬᠡᠬᠡᠬᠦ ᠶᠢ ᠪᠡᠶᠡᠯᠡᠭᠦᠯᠦᠨ᠎ᠡ᠃  ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠢᠯᠢ ᠪᠠᠷ ᠣᠷᠣᠭᠤᠯᠬᠤ ᠮᠢᠬᠠᠨ ᠤ ᠵᠦᠢᠯ᠂ ᠲᠡᠵᠢᠭᠡᠯ ᠡᠪᠡᠰᠦ ᠵᠡᠷᠭᠡ ᠶᠢᠨ ᠪᠣᠭᠤᠮᠲᠠ ᠶᠢᠨ ᠬᠢᠷᠢ ᠬᠡᠮ ᠢ ᠲᠤᠭᠳᠠᠭᠠᠬᠤ ᠶᠢ ᠭᠤᠶᠤᠴᠢᠯᠠᠨ ᠪᠠᠶᠢᠭᠤᠯᠵᠤ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ᠂ ᠪᠣᠭᠤᠮᠲᠠ ᠶᠢᠨ ᠣᠯᠠᠨ ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠣᠭᠤᠮᠲᠠ ᠶᠢᠨ ᠣᠯᠠᠨ ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠭᠠᠶᠢᠯᠢ ᠪᠠᠲᠤᠯᠠᠬᠤ ᠲᠣᠭᠤᠷᠢᠭ᠂ ᠬᠢᠯᠢ ᠠᠯᠤᠰᠯᠠᠭᠰᠠᠨ ᠬᠤᠭᠤᠰᠤᠨ ᠴᠢᠩᠭᠡᠯᠢᠭ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠥᠨᠳᠥᠷ ᠪᠦᠲᠦᠮᠵᠢᠲᠡᠶ ᠲᠦᠷᠭᠡᠨ ᠨᠡᠪᠲᠡᠷᠡᠬᠦ ᠵᠠᠮ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠷᠠᠰᠢᠶᠠᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠦ᠋ ᠴᠠ ᠭᠧᠦ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠶᠠᠯᠠᠯ ᠤᠨ ᠱᠤᠭᠤᠮ ᠢ ᠨᠡᠭᠡᠭᠡᠨ ᠬᠥᠭᠵᠢᠭᠦᠯᠵᠦ  ᠪᠤᠵᠠᠭᠠᠶᠢᠷᠠᠭᠤᠯᠬᠤ ᠡᠷᠴᠢᠮ ᠢ ᠴᠢᠩᠭᠠᠷᠠᠭᠤᠯᠤᠨ᠎ᠠ︔ ᠤᠯᠠᠭᠠᠨᠬᠤᠳᠠ —— ᠷᠠᠰᠢᠶᠠᠨ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠶᠢ ᠰᠦᠪᠡᠭᠴᠢᠯᠡᠨ ᠠᠬᠢᠭᠤᠯᠵᠤ᠂ ᠬᠤᠲᠠ ᠶᠢᠨ ᠬᠡᠪᠴᠢᠶᠡᠨ ᠳᠠᠬᠢ ᠵᠠᠰᠠᠮᠠᠯ ᠵᠠᠮ ᠢ ᠥᠨᠳᠥᠷ ᠪᠦᠲᠦᠮᠵᠢᠲᠡᠶ ᠪᠠᠷ ᠬᠤᠯᠪᠣᠬᠤ ᠶᠢ ᠠᠬᠢᠭᠤᠯᠤᠨ᠂ ᠬᠤᠲᠠ ᠳᠤ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃        —— ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠬᠥᠭᠵᠢᠯᠲᠡ ᠶᠢᠨ ᠳᠠᠪᠠᠭᠤᠯᠢᠭ ᠢ ᠶᠡᠬᠡᠰᠬᠡᠨ᠎ᠡ᠃ ᠢᠮᠠᠭᠲᠠ ᠪᠣᠬᠢᠷᠳᠤᠯ ᠦᠭᠡᠢ ᠪᠠᠶᠢᠬᠤ ᠶᠢ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠥᠩᠭᠡ ᠪᠣᠯᠭᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠤᠨ᠎ᠠ᠃ ᠠᠮᠢ ᠠᠬᠤᠢ ᠶᠢᠨ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠶᠡᠬᠡᠰᠬᠡᠵᠦ᠂ ︽ᠠᠯᠳᠠ ᠮᠦᠩᠬᠦᠨ ᠬᠤᠶᠠᠷ ᠠᠭᠤᠯᠠ︾ ᠶᠢᠨ ᠤᠨᠤᠯᠵᠢᠬᠤᠨ ᠢ ᠬᠢᠨᠠᠮᠠᠭᠠᠢ ᠦᠢᠯᠡᠳᠦᠯᠭᠡᠵᠢᠭᠦᠯᠦᠨ᠂ ︽ᠤᠯᠤᠰ ᠤᠨ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠠᠰᠢᠭ ᠢ ᠭᠦᠨ ᠠᠭᠤᠳᠠᠯᠵᠤ᠂ ︽ ᠠᠯᠳᠠ  ᠮᠦᠩᠬᠦᠨ ᠬᠤᠶᠠᠷ ᠠᠭᠤᠯᠠ︾ ᠶᠢᠨ ᠤᠨᠤᠯᠵᠢᠬᠤᠨ ᠤ ᠰᠢᠨ᠎ᠡ ᠶᠢ ᠡᠭᠦᠳᠬᠦ ᠦᠢᠯᠡᠳᠦᠯᠭᠡ ᠶᠢᠨ ᠣᠷᠳᠣᠨ ᠢ ᠪᠠᠶᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠵᠠᠰᠠᠯᠲᠠ ᠶᠢᠨ ︽ᠷᠠᠰᠢᠶᠠᠨ ᠤ ᠲᠤᠷᠰᠢᠯᠭ᠎ᠠ︾ ᠶᠢ ᠪᠣᠶ ᠪᠣᠯᠭᠠᠬᠤ ᠶᠢ ᠠᠬᠢᠭᠤᠯᠤᠨ᠎ᠠ᠃ ᠠᠮᠢ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠰᠡᠷᠭᠦᠭᠡᠨ ᠵᠠᠰᠠᠬᠤ ᠶᠢ ᠨᠢᠭᠡᠳᠦᠯᠲᠡᠢ ᠲᠥᠯᠥᠪᠯᠡᠨ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ᠂ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ  ᠲᠤ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠬᠠᠯᠬ᠎ᠠ ᠭᠤᠣᠯ ᠤᠨ ᠤᠰᠤᠨ ᠰᠢᠰᠲ᠋ᠧᠮ ᠢ ᠡᠬᠢ ᠡᠭᠦᠰᠦᠯ ᠠᠴᠠ ᠨᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠠᠭᠤᠷᠬᠠᠢ ᠮᠠᠯᠲᠠᠬᠤ ᠨᠦᠬᠡ᠂ ᠮᠠᠲ᠋ᠧᠷᠢᠶᠠᠯ ᠠᠪᠬᠤ ᠲᠠᠯᠠᠪᠠᠶ ᠪᠠ  ᠬᠤᠪᠬᠠᠢ ᠠᠭᠤᠯᠠ ᠶᠢ ᠵᠠᠰᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠤᠨ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠣᠪᠴᠢᠶ᠎ᠠ ᠶᠢᠨ ᠠᠵᠢᠯ ᠡᠷᠭᠢᠯᠡᠬᠦ ᠣᠷᠣᠨ ᠤ ᠳᠣᠲᠣᠷᠠᠬᠢ ᠭᠡᠷ ᠪᠦᠯᠢ ᠶᠢᠨ ᠠᠮᠢ ᠠᠬᠤᠢ ᠶᠢᠨ ᠣᠶ ᠰᠢᠭᠤᠢ ᠶᠢᠨ ᠲᠠᠯᠠᠪᠠᠶ ᠠᠴᠠ ᠤᠬᠤᠷᠢᠨ ᠭᠠᠷᠬᠤ ᠠᠵᠢᠯ ᠢ ᠰᠦᠪᠡᠭᠴᠢᠯᠡᠨ ᠠᠬᠢᠭᠤᠯᠤᠨ᠎ᠠ᠃ ᠪᠣᠬᠢᠷᠳᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ︽ᠨᠡᠭᠦᠷᠡᠰᠦᠲᠥ᠋ᠷᠥᠭᠴᠢ ᠦᠭᠡᠢ ᠵᠢᠵᠢᠭ ᠪᠠᠯᠭᠠᠰᠤ︾ ︵ᠲᠤᠮᠳᠠᠳᠤ ᠤᠯᠤᠰ ᠤᠨ ᠭᠤᠸᠠᠩ ᠾᠧ︶ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠮᠢ ᠠᠬᠤᠢ ᠶᠢᠨ ᠪᠠᠩᠬᠢ᠂ ᠨᠤᠭᠤ ᠭᠠᠵᠠᠷ ᠤᠨ ᠪᠠᠩᠬᠢ ᠶᠢ ᠪᠠᠶᠢᠭᠤᠯᠵᠤ᠂ GEP ᠶᠢ GDP ᠳᠠᠰᠢ ᠬᠤᠪᠢᠷᠠᠭᠤᠯᠬᠤ ᠵᠠᠮ ᠮᠥᠷ ᠢ ᠨᠡᠪᠲᠡᠷᠡᠭᠦᠯᠦᠨ᠂ ᠣᠶ ᠰᠢᠭᠤᠢ ᠶᠢᠨ ᠬᠤᠲᠠ᠂ ᠣᠶ ᠰᠢᠭᠤᠢ ᠶᠢᠨ ᠵᠢᠵᠢᠭ ᠪᠠᠯᠭᠠᠰᠤ ᠪᠠ ᠣᠶ ᠰᠢᠭᠤᠢ ᠶᠢᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︽ᠬᠤᠰᠢᠭᠤᠴᠢ ᠬᠤᠲᠠ︾ ᠶᠢ ᠴᠢᠷᠮᠠᠶᠢᠨ ᠪᠠᠶᠢᠭᠤᠯᠤᠨ᠎ᠠ᠃       —— ᠠᠷᠠᠳ ᠲᠦᠮᠡᠨ ᠢᠶᠠᠷ ᠭᠤᠣᠯ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠳᠠᠯᠳᠠ ᠬᠦᠴᠦᠨ ᠢ ᠭᠦᠨ ᠠᠭᠤᠳᠠᠯᠵᠤ᠂ ᠲᠤᠰᠬᠠᠢ ᠮᠡᠷᠭᠡᠵᠢᠯᠲᠡᠨ ᠤ ᠰᠤᠷᠭᠠᠨ ᠬᠥᠮᠦᠵᠢᠯ ᠢ ᠳᠡᠮᠵᠢᠬᠦ ᠪᠦᠯᠬᠦᠮ ᠢ ᠣᠷᠣᠭᠤᠯᠤᠨ ᠠᠪᠴᠢᠷᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠣᠶᠤᠨᠴᠢ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠢ ᠪᠡᠶᠡᠯᠡᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ︽ᠡᠷᠡᠭᠦᠯ ᠡᠩᠬᠡ ᠷᠠᠰᠢᠶᠠᠨ︾ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠮᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ︽ᠷᠠᠰᠢᠶᠠᠨ ᠤ ᠡᠮᠴᠢᠯᠡᠭᠡᠨ ᠤ ᠠᠷᠭ᠎ᠠ︾ ᠶᠢ ᠳᠡᠯᠭᠡᠷᠡᠭᠦᠯᠦᠨ ᠲᠡᠭᠦᠯᠳᠡᠷᠵᠢᠭᠦᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠠᠭᠤᠷᠢ ᠲᠦᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠪᠡᠶᠡᠯᠡᠭᠦᠯᠵᠦ᠂ ᠤᠯᠤᠰ ᠤᠨ ᠲᠠᠰ ᠤᠨ ᠡᠷᠡᠭᠦᠯ ᠮᠡᠨᠳᠦ ᠶᠢ ᠠᠬᠢᠭᠤᠯᠬᠤ ᠬᠤᠲᠠ᠂ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠨᠠᠷᠢᠯᠢᠭ ᠠᠳᠬᠤᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ᠂ ᠥᠪᠥᠷ ᠮᠣᠩᠭᠤᠯ ᠤᠨ ᠨᠣᠮ ᠤᠨ ᠰᠠᠩ ᠤᠨ ᠷᠠᠰᠢᠶᠠᠨ ᠬᠤᠪᠢᠶᠠᠷᠢ ᠰᠠᠩ᠂ ᠤᠯᠤᠰ ᠤᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠵᠡᠷᠭᠡ ᠡᠬᠢ ᠪᠠᠶᠠᠯᠢᠭ ᠢ ᠰᠠᠶᠢᠲᠤᠷ ᠬᠡᠷᠡᠭᠯᠡᠨ᠂ ︽ᠷᠠᠰᠢᠶᠠᠨ ᠤ ᠥᠯᠢᠭᠡᠷ︾ ᠢ ᠰᠠᠶᠢᠲᠤᠷ ᠶᠠᠷᠢᠨ᠎ᠠ᠃ ᠪᠡᠶ᠎ᠡ ᠶᠢᠨ ᠲᠠᠮᠢᠷ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠦᠨ᠂ ᠬᠤᠲᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠪᠠᠶᠢᠩᠭᠤᠵᠢᠭᠤᠯᠤᠨ ᠡᠷᠭᠢᠯᠡᠵᠦ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠤᠷᠤᠯᠳᠤᠭᠠᠨ ᠤ ᠠᠵᠢᠯᠯᠠᠭ᠎ᠠ ᠶᠢ ᠳᠠᠭᠠᠭᠠᠨ ᠡᠷᠭᠢᠯᠡᠬᠦ ᠪᠠᠷ ᠴᠢᠷᠮᠠᠶᠢᠵᠤ᠂ ᠡᠷᠡᠭᠦᠯ ᠴᠢᠭᠢᠷᠠᠭ ᠠᠮᠢᠳᠤᠷᠠᠯ ᠤᠨ ᠣᠨᠣᠯᠵᠢᠬᠤᠨ ᠢ ᠬᠦᠮᠦᠰ  ᠤᠨ ᠰᠡᠳᠭᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃     ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ        2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠨᠡᠩ ᠴᠤ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃     ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠤᠷᠮ᠎ᠠ ᠶᠢ 6% ᠶᠢᠨ ᠳᠣᠲᠣᠷ᠎ᠠ ᠬᠢᠵᠠᠭᠠᠷᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠪᠠᠶᠢᠭᠤᠯᠭ᠎ᠠ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠭᠤᠯᠤᠯ ᠢ 3% ᠣᠷᠴᠢᠮ ᠪᠠᠭᠤᠷᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠶᠤᠯᠭᠦᠢ ᠦᠢᠯᠡᠳᠪᠦᠷᠢᠯᠡᠯ ᠵᠡᠷᠭᠡ ᠳᠤ ᠠᠶᠢᠮᠠᠭ ᠠᠴᠠ ᠲᠣᠭᠲᠠᠭᠠᠭᠰᠠᠨ ᠬᠠᠷᠠᠯᠲᠠ ᠶᠢ ᠪᠡᠶᠡᠯᠡᠭᠦᠯᠦᠨ᠎ᠡ᠃     ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄       ︵ᠨᠢᠭᠡ︶ ᠭᠤᠣᠯᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠥᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ         ᠪᠥᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢ ᠲᠦᠷᠭᠡᠳᠬᠡᠨ᠎ᠡ᠃ ︽ᠷᠠᠰᠢᠶᠠᠨ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ︽ᠷᠠᠰᠢᠶᠠᠨ ᠬᠤᠲᠠ ᠶᠢᠨ ᠪᠥᠬᠦ ᠤᠷᠤᠨ ᠪᠦᠰᠡ ᠶᠢᠨ ᠵᠤᠭᠠᠴᠠᠯ ᠤᠨ ᠲᠤᠰᠬᠠᠢ ᠵᠦᠢᠯ ᠤᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ ᠪᠥᠬᠦ ᠣᠷᠣᠨ ᠪᠦᠰᠡ ᠶᠢᠨ ᠵᠤᠭᠠᠴᠠᠯ ᠤᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠷᠠᠰᠢᠶᠠᠨ ᠤ ᠵᠤᠭᠠᠴᠠᠭᠰᠠᠳ  ᠢ ᠲᠦᠪᠯᠡᠷᠡᠭᠦᠯᠦᠨ ᠲᠠᠷᠬᠠᠭᠠᠬᠤ ᠲᠥᠪ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠂ ᠬᠠᠯᠬ᠎ᠠ ᠭᠤᠣᠯ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠴᠤᠭᠯᠠᠷᠠᠯ ᠤᠨ ᠪᠦᠰᠡ᠂ ᠬᠠᠯᠠᠭᠤᠨ ᠷᠠᠰᠢᠶᠠᠨ ᠤ ᠴᠠᠰᠤᠲᠤ ᠬᠤᠲᠠ ᠶᠢᠨ ᠠᠮᠠᠷᠠᠯᠲᠠ ᠶᠢᠨ ᠣᠷᠣᠨ᠂ ᠣᠶ ᠰᠢᠭᠤᠢ ᠶᠢᠨ ᠤᠬᠢᠶᠠᠯᠭ᠎ᠠ ᠶᠢᠨ ᠵᠠᠮ᠂ ︽ᠯᠦ ᠵᠢᠶᠣᠣ ᠸᠠᠨ︾ ᠬᠤᠪᠢ ᠶᠢᠨ ᠮᠠᠰᠢᠨ ᠲᠡᠷᠭᠡᠨ ᠤ ᠪᠠᠭᠤᠴᠠ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠪᠠᠢ ᠯᠠᠩ ᠣᠶ ᠰᠢᠭᠤᠢ ᠶᠢᠨ ᠦᠵᠡᠮᠵᠢ ᠶᠢᠨ ᠣᠷᠣᠨ᠂ ᠮᠢᠩ ᠱᠦᠢ ᠾᠧ ᠪᠠᠯᠭᠠᠰᠤ ᠶᠢᠨ ᠰᠢ ᠺᠧᠦ ᠲᠣᠰᠬᠤᠨ ᠳᠤ 2A ᠪᠠ ᠬᠤᠭᠤᠰᠤᠨ ᠭᠤᠤ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠪᠣᠭᠤᠮᠲᠠ ᠶᠢᠨ ᠦᠵᠡᠮᠵᠢ ᠶᠢᠨ ᠣᠷᠣᠨ ᠢ 3A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠪᠤᠯᠭᠠᠨ ᠳᠡᠪᠰᠢᠭᠦᠯᠬᠦ ᠠᠵᠢᠯ ᠢ ᠥᠷᠨᠢᠭᠦᠯᠦᠨ᠎ᠡ︔ ᠷᠠᠰᠢᠶᠠᠨ ︱ ᠴᠠᠢ ᠾᠧ ᠶᠢᠨ ᠵᠤᠭᠠᠴᠠᠯ ᠤᠨ ᠦᠵᠡᠮᠵᠢ ᠶᠢᠨ ᠣᠷᠣᠨ ᠤ 5A ᠳᠡᠰ ᠤᠨ ᠦᠵᠡᠮᠵᠢ ᠶᠢᠨ ᠣᠷᠣᠨ ᠤ ᠳᠠᠬᠢᠨ ᠬᠢᠨᠠᠯᠲᠠ ᠶᠢ ᠥᠩᠭᠡᠷᠡᠭᠡᠬᠦ ᠶᠢ ᠠᠬᠢᠭᠤᠯᠤᠨ᠎ᠠ︔ ᠦ᠋ ᠴᠠ ᠭᠧᠦ ᠪᠠᠯᠭᠠᠰᠤᠨ ᠤ ᠨᠢᠦ ᠹᠧᠨ ᠲᠠᠢ ᠲᠣᠰᠬᠤᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢ ︽ᠤᠯᠤᠰ ᠤᠨ ᠪᠥᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ︾ ︽ᠤᠯᠤᠰ ᠤᠨ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ︾ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠤᠨ᠎ᠠ᠃        ᠪᠥᠬᠦ ᠠᠵᠢᠯ ᠲᠥᠷᠥᠯ ᠤᠨ ᠵᠤᠭᠠᠴᠠᠯ ᠤᠨ ᠬᠥᠭᠵᠢᠯ ᠪᠠᠳᠠᠷᠠᠯ ᠢ ᠠᠬᠢᠭᠤᠯᠤᠨ᠎ᠠ᠃ ᠵᠤᠭᠠᠴᠠᠯ ᠤᠨ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ︽ᠷᠠᠰᠢᠶᠠᠨ ᠤ ᠡᠮᠴᠢᠯᠡᠭᠡᠨ ᠤ ᠠᠷᠭ᠎ᠠ︾ ᠶᠢᠨ ᠰᠢᠷᠢᠰ ᠡᠷᠡᠭᠦᠯᠵᠢᠯ ᠤᠨ ᠪᠦᠲᠦᠭᠡᠭᠳᠡᠬᠦᠨ ᠢ ᠨᠡᠭᠡᠭᠡᠨ ᠲᠡᠭᠦᠯᠳᠡᠷᠵᠢᠭᠦᠯᠵᠦ᠂ ᠷᠠᠰᠢᠶᠠᠨ ᠤ ᠡᠷᠡᠭᠦᠯ ᠮᠡᠨᠳᠦ ᠶᠢᠨ ᠬᠥᠨᠳᠡᠢ ᠂ ᠬᠠᠯᠠᠭᠤᠨ ᠷᠠᠰᠢᠶᠠᠨ ᠤ ᠡᠷᠡᠭᠦᠯᠵᠢᠯ ᠤᠨ ᠠᠮᠠᠷᠠᠯᠲᠠ ᠶᠢᠨ ᠲᠥᠪ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠲᠦ ᠤᠬᠢᠶᠠᠯᠭ᠎ᠠ ᠶᠢᠨ ᠲᠥᠪ᠂ ᠮᠣᠩᠭᠤᠯ ᠬᠢᠲᠠᠳ ᠡᠮ ᠡᠮᠨᠡᠯᠭᠡ ᠶᠢᠨ ᠮᠦᠽᠧᠢ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠶᠢᠨ ᠵᠢᠶᠠᠩ ᠭᠧᠦ᠂ ᠲᠠᠢ ᠶᠠᠩ ᠭᠦ᠋ ᠬᠠᠯᠠᠭᠤᠨ ᠷᠠᠰᠢᠶᠠᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠂ ᠡᠷᠡᠭᠦᠯᠵᠢᠯ ᠤᠨ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠪ ᠢ  ᠡᠬᠢᠯᠡᠭᠦᠯᠦᠨ ᠪᠠᠶᠢᠭᠤᠯᠵᠤ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠤᠭᠠᠴᠠᠯ ᠤᠨ ᠠᠮᠠᠷᠠᠯᠲᠠ ᠶᠢᠨ ᠭᠠᠵᠠᠷ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠪᠣᠯᠪᠠᠰᠤᠷᠠᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠮᠥᠰᠥ ᠴᠠᠰᠤᠨ ᠤ ᠵᠤᠭᠠᠴᠠᠯ ᠤᠨ ᠰᠢᠨ᠎ᠡ ᠬᠢᠯᠠᠰ ᠴᠡᠭ ᠢ ᠪᠣᠶᠢᠵᠢᠭᠤᠯᠤᠨ᠎ᠠ᠃ ᠵᠤᠭᠠᠴᠠᠯ ᠤᠨ ︽ᠬᠤᠶᠠᠳᠠᠭᠢ ᠬᠡᠷᠡᠭᠯᠡᠭᠡ︾ ᠶᠢ ᠴᠢᠷᠮᠠᠶᠢᠨ ᠠᠬᠢᠭᠤᠯᠵᠤ᠂ ᠠᠩᠬᠠᠨ ᠤ ᠵᠤᠭᠠᠴᠠᠯ ᠤᠨ ᠪᠦᠯᠦᠭᠯᠡᠯ᠂ ᠺᠠᠢ ᠶᠤᠸᠠᠨ ᠪᠠᠭᠤᠳᠠᠯ᠂ ᠬᠤᠸᠠ ᠵᠧᠩ ᠰᠤᠶᠤᠯ ᠵᠤᠭᠠᠴᠠᠯ ᠵᠡᠷᠭᠡ ᠠᠵᠤ ᠠᠬᠤᠶᠢᠯᠠᠯ ᠲᠠᠢ ᠵᠣᠯᠭᠠᠭᠤᠯᠬᠤ ᠶᠢ ᠴᠢᠩᠭᠠᠳᠬᠠᠨ᠂ ᠸᠧᠨᠴᠢᠤᠸᠠᠨ ᠵᠡᠭᠡᠯᠢ ᠶᠢᠨ ᠰᠣᠶᠣᠯ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠲᠣᠭᠤᠷᠢᠭ᠂ ᠬᠤᠲᠠ ᠶᠢᠨ ᠡᠮᠦᠨᠡᠬᠢ ᠪᠡᠶ᠎ᠡ ᠶᠢᠨ ᠲᠠᠮᠢᠷ ᠤᠨ ᠴᠡᠴᠡᠷᠯᠢᠭ᠂ ᠬᠢᠩᠭᠠᠨ ᠤ ᠮᠠᠭᠳᠠᠭᠠᠯ ᠰᠣᠶᠣᠯ ᠵᠤᠭᠠᠴᠠᠯ ᠤᠨ ᠶᠠᠪᠠᠭᠠᠨ ᠵᠡᠭᠡᠯᠢ ᠵᠡᠷᠭᠡ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠬᠤᠷᠴᠠ ᠤᠯᠠᠭᠠᠨ ᠴᠡᠴᠡᠭ ᠤᠨ ᠨᠠᠶᠢᠷ᠂ ᠷᠠᠰᠢᠶᠠᠨ ᠭᠤᠣᠯ ᠤᠨ ᠨᠠᠶᠢᠷ᠂ ᠳᠠᠭᠤᠤ ᠬᠥᠭᠵᠢᠮ ᠤᠨ ᠨᠠᠶᠢᠷ᠂ ᠮᠥᠰᠥ ᠴᠠᠰᠤᠨ ᠤ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠶᠠᠷᠢᠶᠠᠨ ᠤ ᠲᠠᠪᠴᠠᠩ ᠳᠤ ᠬᠤᠷᠠᠯ ᠦᠵᠡᠰᠬᠦᠯᠡᠩ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ︽ᠰᠠᠷ᠎ᠠ ᠪᠣᠯᠭᠠᠨ ᠠᠵᠢᠯᠯᠠᠭ᠎ᠠ ᠲᠠᠢ᠂ ᠤᠯᠠᠷᠢᠯ ᠪᠣᠯᠭᠠᠨ ᠪᠠᠶᠠᠷ ᠳᠤᠷᠠᠰᠬᠠᠯ ᠲᠠᠢ︾ ᠪᠠᠶᠢᠬᠤ ᠶᠢ ᠪᠠᠲᠤᠯᠠᠨ᠎ᠠ᠃ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠪᠠ ᠪᠣᠳᠠᠰ ᠤᠨ ᠪᠤᠰᠤ ᠰᠣᠶᠣᠯ ᠤᠨ ᠪᠣᠯᠪᠠᠰᠤᠷᠠᠯ ᠤᠨ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠵᠤ᠂ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃        ᠪᠦᠬᠦ ᠠᠷᠠᠳ ᠢᠶᠠᠷ ᠢᠶᠠᠨ ᠵᠤᠭᠠᠴᠠᠯ ᠳᠤ ᠣᠷᠤᠯᠴᠠᠬᠤ ᠶᠢ ᠪᠠᠷᠢᠮᠳᠠᠯᠠᠨ᠎ᠠ᠃ ︽ᠵᠤᠭᠠᠴᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠤᠭᠠᠴᠠᠯ ᠤᠨ ᠡᠬᠢ ᠪᠠᠶᠠᠯᠢᠭ ᠤᠨ ᠬᠥᠮᠥᠷᠭᠡ᠂ ᠲᠥᠷᠥᠯ ᠵᠦᠢᠯ ᠤᠨ ᠬᠥᠮᠥᠷᠭᠡ᠂ ᠲᠤᠰᠬᠠᠢ ᠮᠡᠷᠭᠡᠵᠢᠯᠲᠡᠨ ᠤ ᠬᠥᠮᠥᠷᠭᠡ ᠪᠠ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠵᠤ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠱᠠᠩᠨᠠᠨ ᠲᠡᠳᠬᠦᠬᠦ ᠠᠷᠭ᠎ᠠ ᠪᠠ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠨ᠎ᠡ᠃ ᠭᠤᠣᠯᠳᠠᠯᠭ᠎ᠠ ᠲᠠᠢ ᠵᠤᠭᠠᠴᠠᠯ ᠤᠨ ᠵᠦᠢᠯᠡᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠬᠡᠷᠡᠭᠵᠢᠭᠦᠯᠵᠦ᠂ ᠵᠤᠭᠠᠴᠠᠯ ᠤᠨ ᠠᠵᠢᠯᠳᠠᠨ ᠤ ᠡᠩᠨᠡᠭᠡ ᠳᠤ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠵᠤᠭᠠᠴᠠᠯ ᠤᠨ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠰᠣᠶᠣᠯ ᠵᠤᠭᠠᠴᠠᠯ ᠤᠨ ᠶᠠᠮᠤᠨ᠂ ᠪᠡᠭᠡᠵᠢᠩ ᠬᠤᠳᠠ ᠶᠢᠨ  ᠳ᠋ᠦᠩ ᠴᠧᠩ ᠲᠣᠭᠤᠷᠢᠭ  ᠯᠤᠭ᠎ᠠ ᠶᠢᠨ ᠵᠤᠭᠠᠴᠠᠯ ᠤᠨ ᠬᠠᠮᠵᠢᠯᠴᠠᠭᠠᠨ ᠤ ᠬᠠᠷᠢᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠬᠤᠳᠠ ᠶᠢᠨ ᠵᠤᠭᠠᠴᠠᠯ ᠳᠤ ᠣᠷᠤᠯᠴᠠᠬᠤ᠂ ᠵᠤᠭᠠᠴᠠᠯ ᠤᠨ ᠦᠢᠯᠡᠰ ᠲᠤ ᠦᠢᠯᠡᠴᠢᠯᠡᠬᠦ᠂ ᠵᠤᠭᠠᠴᠠᠯ ᠢ ᠪᠤᠵᠠᠭᠠᠶᠢᠷᠠᠭᠤᠯᠬᠤ ᠠᠵᠢᠯ ᠤᠨ  ᠬᠠᠮᠳᠦᠷᠠᠯ ᠬᠦᠴᠦᠨ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠤᠭᠠᠴᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠤᠳᠤᠷᠢᠳᠤᠮᠵᠢ ᠪᠠ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠠᠳᠠᠯᠵᠤ᠂ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠳᠤ ᠲᠤᠯᠭᠠᠭᠤᠷᠢᠯᠠᠯ ᠬᠠᠩᠭᠠᠨ᠎ᠠ᠃    ︵ᠬᠤᠶᠠᠷ︶ ᠦᠵᠡᠮᠵᠢ ᠬᠤᠲᠠ ᠶᠢ ᠠᠭᠤᠰᠤᠯᠴᠠᠭᠤᠯᠤᠨ ᠪᠦᠲᠦᠭᠡᠨ ᠪᠠᠶᠢᠭᠤᠯᠬᠤ ᠠᠷᠭ᠎ᠠ ᠵᠠᠮ ᠢ ᠪᠠᠷᠢᠮᠲᠠᠯᠠᠵᠤ  ᠬᠤᠲᠠ ᠶᠢᠨ ᠬᠥᠭᠵᠢᠯᠲᠡ ᠶᠢᠨ ᠰᠢᠨ᠎ᠡ ᠳᠦᠷᠢ ᠲᠥᠷᠬᠦ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ        ᠬᠤᠳᠠ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ︽ᠦᠵᠡᠮᠵᠢ ᠬᠤᠲᠠ ᠶᠢ ᠨᠢᠭᠡᠳᠬᠡᠬᠦ ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠷᠠᠰᠢᠶᠠᠨ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2020 ︱ 2035︶︾ ︽ᠷᠠᠰᠢᠶᠠᠨ ᠬᠤᠲᠠ ᠶᠢᠨ ᠬᠤᠲᠠ ᠶᠢ ᠳᠡᠰ ᠳᠡᠪᠰᠢᠭᠦᠯᠦᠨ ᠥᠭᠡᠷᠡᠴᠢᠯᠡᠬᠦ ᠲᠥᠯᠦᠪᠵᠢᠭᠦᠯᠭᠡ︾ ᠶᠢ ᠴᠢᠨᠠᠷ ᠰᠠᠶᠢᠲᠠᠢ ᠪᠡᠶᠡᠯᠡᠭᠦᠯᠵᠦ᠂ ︽ᠬᠤᠶᠠᠷ ᠲᠣᠭᠤᠷᠢᠭ ᠭᠤᠷᠪᠠᠨ ᠪᠠᠯᠭᠠᠰᠤ︾ ᠶᠢᠨ ᠬᠤᠲᠠ ᠶᠢᠨ ᠦᠵᠡᠮᠵᠢ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠡᠬᠢᠯᠡᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠡᠪᠴᠢᠶ᠎ᠡ ᠪᠠ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ︽ᠷᠠᠰᠢᠶᠠᠨ ᠬᠤᠲᠠ ᠶᠢᠨ ᠳᠥᠷᠪᠡᠳᠦᠭᠡᠷ ᠡᠭᠡᠯᠵᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 ︱ 2025 ᠣᠨ︶︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ ᠬᠤᠳᠠ ᠬᠥᠳᠡᠭᠡ ᠶᠢᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠵᠥᠪᠰᠢᠶᠡᠷᠡᠭᠦᠯᠦᠭᠰᠡᠨ ᠦᠭᠡᠢ ᠪᠠᠷ ᠤᠷᠢᠳᠠᠪᠠᠷ ᠪᠠᠶᠢᠭᠤᠯᠬᠤ᠂ ᠵᠦᠪᠰᠢᠶᠡᠷᠡᠭᠦᠯᠦᠭᠰᠡᠨ ᠬᠡᠪᠴᠢᠶ᠎ᠡ ᠠᠴᠠ ᠪᠠᠨ ᠢᠯᠡᠭᠦᠦ ᠪᠠᠶᠢᠭᠤᠯᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠭᠦᠨᠵᠡᠭᠡᠢ ᠲᠦᠯᠬᠢᠨ ᠠᠬᠢᠭᠤᠯᠵᠤ᠂ ᠰᠤᠯᠠ ᠬᠡᠷᠡᠭᠯᠡᠬᠦ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ︔ ᠳᠣᠣᠷ᠎ᠠ ᠠᠰᠢᠭᠯᠠᠮᠵᠢ ᠲᠠᠢ ᠰᠤᠯᠠ ᠪᠠᠶᠢᠬᠤ ᠠᠵᠤ ᠦᠢᠯᠡᠰ ᠤᠨ ᠣᠷᠣᠨ ᠵᠠᠢ ᠶᠢ ᠠᠮᠢᠳᠤᠯᠢᠭ ᠪᠣᠯᠭᠠᠵᠤ᠂ ᠶᠠᠨ ᠶᠤᠸᠠᠨ ᠢᠯᠴᠢ ᠶᠢᠨ ᠬᠦᠴᠦᠨ᠂ ᠰᠢᠤᠸᠠᠢ ᠶᠤᠸᠠᠨ ᠢᠯᠴᠢ ᠶᠢᠨ ᠬᠦᠴᠦᠨ ᠵᠡᠷᠭᠡ ᠬᠠᠭᠤᠴᠢᠨ ᠦᠢᠯᠡᠳᠪᠦᠷᠢ ᠶᠢᠨ ᠲᠣᠭᠤᠷᠢᠭ᠂ ᠬᠠᠭᠤᠴᠢᠨ ᠬᠤᠳᠠᠯᠳᠤᠭᠠᠨ ᠤ ᠲᠣᠭᠤᠷᠢᠭ ᠂ ᠬᠠᠭᠤᠴᠢᠨ ᠠᠯᠪᠠᠯᠠᠬᠤ ᠠᠰᠠᠷ ᠢ ᠣᠷᠭᠠᠨᠢᠭ ᠢᠶᠠᠷ ᠰᠢᠨᠡᠳᠬᠡᠨ᠎ᠡ᠃ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠪᠣᠶ ᠪᠣᠯᠭᠠᠨ᠎ᠠ︔ ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠠᠭᠤᠴᠢᠨ ᠪᠠ ᠬᠠᠭᠤᠴᠢᠷᠠᠭᠰᠠᠨ ᠪᠠᠭ᠎ᠠ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠳᠣᠲᠣᠷ᠎ᠠ 2.52 ᠲᠦᠮᠡᠨ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠨ᠎ᠡ᠃ ᠬᠤᠲᠠ ᠶᠢᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠢᠷᠪᠢᠰ ᠢᠯᠴᠢ ᠬᠠᠩᠭᠠᠬᠤ ᠬᠤᠭᠤᠯᠠᠢ᠂ ᠸᠧᠨᠴᠢᠤᠸᠠᠨ ᠵᠡᠭᠡᠯᠢ ᠶᠢᠨ ᠲᠦᠭᠡᠭᠡᠯ ᠤᠰᠤᠨ ᠤ ᠬᠤᠭᠤᠯᠠᠢ ᠶᠢ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 28 ᠺᠢᠯᠣᠮᠧᠲᠷ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ ᠬᠤᠭᠤᠯᠠᠢ ᠶᠢ ᠰᠢᠨᠡᠳᠭᠡᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠢᠷᠪᠢᠰ ᠲᠥᠪᠯᠡᠷᠡᠭᠦᠯᠦᠨ ᠢᠯᠴᠢ ᠬᠠᠩᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠸᠧᠨᠴᠢᠤᠸᠠᠨ ᠵᠡᠭᠡᠯᠢ ᠶᠢᠨ ᠭᠤᠣᠯ ᠵᠠᠮ ᠤᠨ ᠬᠤᠶᠠᠷ ᠬᠠᠵᠠᠭᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ᠂ ᠬᠤᠲᠠ ᠶᠢᠨ ᠵᠡᠭᠡᠯᠢ ᠭᠤᠳᠤᠮᠵᠢ ᠶᠢᠨ ᠵᠠᠮ ᠢ ᠬᠤᠯᠪᠣᠬᠤ ᠢᠨᠵᠧᠨᠧᠷᠢᠩ ᠢ ᠡᠬᠢᠯᠡᠭᠦᠯᠦᠨ᠎ᠡ᠃ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠵᠤ᠂ ᠬᠥᠨᠥᠭᠡᠯ ᠲᠠᠢ ᠬᠤᠭ ᠨᠣᠪᠰᠢ ᠶᠢ ᠲᠦᠷ ᠬᠠᠳᠠᠭᠠᠯᠠᠬᠤ ᠴᠡᠭ᠂ ᠲᠣᠮᠣ ᠵᠦᠢᠯ ᠤᠨ ᠬᠤᠭ ᠨᠣᠪᠰᠢ ᠶᠢ ᠵᠠᠳᠠᠯᠬᠤ ᠲᠥᠪ ᠢ ᠪᠦᠲᠦᠭᠡᠨ ᠪᠠᠶᠢᠭᠤᠯᠵᠤ᠂ 20 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠂ ᠡᠷᠡᠭᠦᠯ ᠮᠡᠨᠳᠦ ᠶᠢᠨ ᠬᠥᠨᠳᠡᠢ ᠶᠢᠨ ᠦᠵᠡᠮᠵᠢ ᠶᠢ ᠪᠣᠶ ᠪᠣᠯᠭᠠᠨ᠎ᠠ᠃ ᠤᠰᠤᠨ ᠤ ᠰᠣᠶᠣᠯ ᠤᠨ ᠮᠦᠽᠧᠢ ᠵᠡᠷᠭᠡ ᠲᠥᠷᠥᠯ ᠵᠦᠢᠯ ᠢ ᠡᠬᠢᠯᠡᠭᠦᠯᠵᠦ᠂ ︽ᠮᠦᠽᠧᠢ︾ ᠶᠢᠨ ᠬᠤᠳᠠ ᠶᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃     ᠬᠤᠳᠠ ᠶᠢᠨ ᠨᠠᠷᠢᠯᠢᠭ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠡᠳᠦᠷ ᠲᠤᠲᠤᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠩᠭᠤᠵᠢᠭᠤᠯᠬᠤ ᠠᠵᠢᠯᠯᠠᠭ᠎ᠠ ᠶᠢ ᠥᠷᠨᠢᠭᠦᠯᠵᠦ᠂  ᠲᠤᠭᠠᠴᠠᠯᠠᠬᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ︽ᠵᠡᠭᠡᠯᠢ ᠶᠢᠨ ᠳᠠᠷᠤᠭ᠎ᠠ ᠶᠢᠨ ᠳᠦᠷᠢᠮ︾ ᠤᠨ ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠵᠤ᠂ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠵᠢᠷᠤᠮ᠂ ᠪᠠᠷᠢᠯᠭ᠎ᠠ ᠶᠢᠨ ᠠᠵᠢᠯ ᠤᠨ ᠭᠠᠵᠠᠷ ᠤᠨ ᠴᠡᠭᠴᠡᠯᠡᠯᠲᠡ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢ ᠵᠣᠬᠢᠴᠠᠭᠤᠯᠤᠨ ᠬᠠᠮᠲᠤᠪᠠᠷ ᠵᠠᠰᠠᠬᠤ ᠲᠣᠭᠲᠠᠴᠠ ᠶᠢ ᠪᠠᠶᠢᠭᠤᠯᠵᠤ᠂ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠲᠤᠰᠬᠠᠶᠢᠵᠢᠭᠤᠯᠬᠤ ᠶᠢ ᠠᠬᠢᠭᠤᠯᠤᠨ᠎ᠠ᠃ ᠷᠠᠰᠢᠶᠠᠨ ᠤ ᠡᠮᠦᠨ᠎ᠡ ᠲᠠᠯ᠎ᠠ ᠶᠢᠨ ᠣᠷᠣᠬᠤ ᠡᠭᠦᠳᠡ ᠪᠠ ᠵᠤᠭᠠᠴᠠᠯ ᠤᠨ ᠵᠠᠰᠠᠮᠠᠯ ᠵᠠᠮ ᠳᠠᠭᠠᠤ ᠶᠢᠨ ᠦᠵᠡᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠰᠠᠶᠢᠲᠤᠷ ᠬᠢᠵᠦ᠂ ᠬᠤᠲᠠ ᠶᠢᠨ ᠪᠠᠷᠢᠮᠵᠢᠶ᠎ᠠ᠂ ᠬᠤᠲᠠ ᠶᠢᠨ ᠮᠣᠳᠣ᠂ ᠬᠤᠲᠠ ᠶᠢᠨ ᠴᠡᠴᠡᠭ᠂ ᠬᠤᠲᠠ ᠶᠢᠨ ᠵᠣᠷᠢᠭ ᠰᠠᠨᠠᠭ᠎ᠠ ᠶᠢ ᠰᠣᠩᠭᠤᠨ ᠦᠨᠡᠯᠡᠵᠦ᠂ ᠬᠤᠲᠠ ᠶᠢ ᠨᠠᠩ ᠢᠯᠡᠭᠦᠦ ᠳᠤᠯᠠᠭᠠᠬᠠᠨ ᠪᠣᠯᠭᠠᠨ᠎ᠠ᠃     ︵ᠭᠤᠷᠪᠠ︶ ᠪᠠᠯᠭᠠᠰᠤ ᠲᠣᠰᠬᠤᠨ ᠤ ᠶᠡᠷᠦᠩᠬᠡᠶᠢᠯᠡᠭᠰᠡᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠯᠬᠤᠮ ᠢ ᠪᠦᠬᠦ ᠬᠦᠴᠦᠨ ᠢᠶᠠᠷ ᠢᠶᠠᠨ ᠠᠯᠬᠤᠨ᠎ᠠ         ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ  ᠲᠠᠶᠠᠬᠳᠠᠬᠤ ᠦᠭᠡᠢ︾ ᠲᠦᠷᠦ ᠶᠢᠨ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠠᠯᠭᠠᠰᠤ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠬᠡᠪᠴᠢᠶᠡᠲᠦ ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠷᠠᠰᠢᠶᠠᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ︾ ︽ᠷᠠᠰᠢᠶᠠᠨ ᠬᠤᠲᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ︾ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠴᠡᠭᠴᠡᠯᠡᠨ ᠰᠠᠶᠢᠵᠢᠷᠠᠭᠤᠯᠵᠤ ᠬᠡᠷᠡᠭᠯᠡᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠨ᠎ᠡ᠃       ᠪᠠᠯᠭᠠᠰᠤ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠠᠭᠤ ᠮᠢᠩᠭ᠎ᠠ ᠲᠦᠮᠡ︾ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ ᠪᠠᠯᠭᠠᠰᠤ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠦ᠋ ᠴᠠ ᠭᠧᠦ ᠪᠠᠯᠭᠠᠰᠤ ᠶᠢᠨ ᠪᠥᠬᠦ ᠠᠷᠠᠳ ᠤᠨ ᠠᠵᠢᠯᠯᠠᠭᠠᠨ ᠤ ᠲᠥᠪ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠢᠶᠠᠨ ᡂᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠲᠠᠰᠤᠭ ᠵᠡᠷᠭᠡ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠪᠠᠯᠭᠠᠰᠤ ᠲᠣᠰᠬᠤᠨ ᠤ ᠵᠠᠮ ᠢ 180 ᠭᠠᠷᠤᠢ ᠺᠢᠯᠣᠮᠧᠲᠷ ᠳᠡᠭᠡᠭᠰᠢᠯᠡᠭᠦᠯᠦᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ  ᠤ ᠲᠡᠰ ᠤᠨ ᠬᠤᠳᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠪᠠᠯᠭᠠᠰᠤ ᠲᠣᠰᠬᠤᠨ ᠤ ᠬᠥᠮᠥᠰ ᠤᠨ ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠠᠢ ᠯᠠᠩ ᠪᠠᠯᠭᠠᠰᠤ ᠶᠢᠨ ᠤᠰᠤ ᠬᠠᠩᠭᠠᠬᠤ ᠤᠰᠤ ᠵᠠᠯᠠᠬᠤ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠲᠥᠷᠥᠯ ᠬᠤᠪᠢᠶᠠᠨ ᠠᠬᠢᠭᠤᠯᠵᠤ᠂ ᠪᠠᠯᠭᠠᠰᠤ ᠲᠣᠰᠬᠤᠨ ᠤ ᠠᠮᠢᠳᠤᠷᠠᠯ ᠤᠨ ᠪᠣᠬᠢᠷ ᠤᠰᠤ ᠪᠣᠬᠢᠷ ᠪᠣᠳᠠᠰ ᠢ ᠵᠠᠰᠠᠬᠤ ᠶᠢ ᠱᠠᠲᠤ ᠱᠠᠲᠤ ᠪᠠᠷ ᠠᠬᠢᠭᠤᠯᠵᠤ᠂ ᠪᠠᠯᠭᠠᠰᠤ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠡᠶᠢᠳᠡᠮ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃       ᠪᠠᠯᠭᠠᠰᠤ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠬᠠᠷ᠎ᠠ ᠬᠥᠷᠥᠰᠥ ᠶᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠠᠵᠢᠯ ᠢ ᠴᠢᠩᠭᠠᠳᠬᠠᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠵᠦ᠂ ᠲᠢᠶᠠᠨ ᡂᠢ ᠪᠠᠯᠭᠠᠰᠤᠨ ᠤ ᠵᠤᠭᠠᠴᠠᠯ ᠤᠨ ᠰᠤᠳᠤᠯᠭᠠᠨ ᠤ ᠰᠠᠭᠤᠷᠢᠨ ᠭᠠᠵᠠᠷ᠂ ᠪᠠᠢ ᠯᠠᠩ ᠪᠠᠯᠭᠠᠰᠤᠨ ᠤ ᠳ᠋ᠥᠸᠧ ᠫᠦ᠋ ᠯᠧ ᠷᠠᠳᠠᠷ᠂ ᠮᠢᠩ ᠱᠦᠢ ᠾᠧ ᠪᠠᠯᠭᠠᠰᠤᠨ ᠤ ᠣᠳᠣᠨ ᠣᠭᠲᠠᠷᠭᠤᠢ ᠶᠢᠨ ᠰᠤᠳᠤᠯᠭᠠᠨ ᠤ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠎ᠠ᠃ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠢᠶᠠᠨ ᡂᠢ ᠪᠠᠯᠭᠠᠰᠤ ᠶᠢᠨ ᠣᠨᠴᠠᠯᠢᠭᠲᠤ ᠲᠠᠷᠢᠶᠠᠯᠠᠩ ᠤᠨ ᠶᠡᠷᠦᠩᠬᠡᠶᠢᠯᠡᠭᠰᠡᠨ ᠰᠠᠭᠤᠷᠢᠨ ᠭᠠᠵᠠᠷ᠂ ᠪᠠᠢ ᠯᠠᠩ ᠪᠠᠯᠭᠠᠰᠤ ᠪᠠ ᠦ᠋ ᠴᠠ ᠭᠧᠦ ᠪᠠᠯᠭᠠᠰᠤ ᠶᠢᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ ᠮᠢᠩ ᠱᠦᠢ ᠾᠧ ᠪᠠᠯᠭᠠᠰᠤ ᠶᠢᠨ ᠣᠶ ᠶᠢᠨ ᠬᠤᠷᠮᠣᠢ ᠶᠢᠨ ᠪᠦᠲᠦᠭᠡᠭᠳᠡᠬᠦᠨ ᠡᠳ᠋ᠰᠢᠭᠦᠯᠬᠦ ᠦᠢᠯᠡᠳᠪᠦᠷᠢ ᠶᠢᠨ ᠲᠠᠰᠤᠭ ᠵᠡᠷᠭᠡ ᠠᠵᠤ ᠦᠢᠯᠡᠰ ᠤᠨ ᠲᠥᠷᠥᠯ ᠵᠦᠢᠯ ᠢ ᠪᠡᠶᠡᠯᠡᠭᠦᠯᠬᠦ ᠶᠢ ᠠᠬᠢᠭᠤᠯᠵᠤ᠂ ᠲᠠᠷᠢᠶᠠᠯᠠᠩ ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ᠂ ᠴᠢᠴᠠᠷᠭᠠᠨ᠎ᠠ ᠶᠢᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ᠂ ᠵᠢᠷᠤᠮᠵᠢᠭᠰᠠᠨ ᠬᠤᠷᠰᠢᠶ᠎ᠠ ᠶᠢ 41  ᠪᠤᠢ ᠪᠤᠯᠭᠠᠨ᠎ᠠ᠃ ᠨᠠᠷᠠᠲᠤ ᠲᠡᠮᠳᠡᠭᠲᠦ ᠶᠢ  ᠪᠤᠢ ᠪᠤᠯᠭᠠᠬᠤ ᠢᠨᠵᠧᠨᠧᠷᠢᠩ ᠢ ᠬᠡᠷᠡᠭᠵᠢᠭᠦᠯᠵᠦ᠂ ︽ᠪᠣᠬᠢᠷᠳᠤᠯ ᠦᠭᠡᠢ︾ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠭᠡᠷᠡᠴᠢᠯᠡᠵᠦ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 2 ᠠᠴᠠ ᠳᠡᠭᠡᠭᠰᠢ ᠪᠤᠯᠭᠠᠨ᠎ᠠ᠃ ᠠᠵᠢᠯ ᠣᠯᠭᠤᠯᠲᠠ ᠶᠢ ᠲᠡᠳᠬᠦᠬᠦ ᠲᠥᠯᠥᠪᠯᠡᠭᠡ ᠶᠢ ᠦᠷᠭᠦᠯᠵᠢᠯᠡᠨ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠪᠣᠯᠣᠨ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ  ᠬᠦᠳᠡᠯᠭᠡᠬᠦ ᠬᠦᠴᠦᠨ ᠢ ᠦᠨᠡᠨ ᠬᠦ ᠴᠢᠩᠭᠠᠳᠬᠠᠨ᠎ᠠ᠃       ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ  ᠪᠤᠬᠢᠷᠳᠦᠯ ᠦᠭᠡᠢ ᠴᠢᠨᠡᠭᠡᠯᠢᠭ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠡᠭᠦᠳᠦᠨ ᠨᠡᠭᠡᠭᠡᠨ᠎ᠡ       ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠤᠨ ᠤᠯᠠᠨ ᠡᠬᠢᠲᠦ ᠪᠣᠬᠢᠷᠳᠤᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠭᠦᠷᠡᠰᠦ ᠲᠦᠯᠡᠵᠦ ᠰᠢᠲᠠᠭᠠᠬᠤ ᠵᠢᠵᠢᠭ ᠵᠤᠤᠬ᠎ᠠ ᠶᠢ ᠦᠷᠭᠦᠯᠵᠢᠯᠡᠨ ᠴᠠᠭᠠᠵᠠᠯᠠᠵᠤ᠂ ᠢᠯᠴᠢ ᠬᠠᠩᠭᠠᠬᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠠᠵᠢᠯ ᠢ ᠲᠦᠷᠭᠡᠪᠴᠢᠯᠡᠨ ᠠᠬᠢᠭᠤᠯᠤᠨ᠎ᠠ᠃ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠮᠢᠩ ᠱᠦᠢ ᠾᠧ ᠪᠠᠯᠭᠠᠰᠤ ᠶᠢᠨ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠨ᠎ᠡ᠃ ᠬᠥᠷᠥᠰᠥ ᠰᠢᠷᠣᠢ ᠶᠢᠨ ᠪᠣᠬᠢᠷᠳᠤᠯ ᠢ ᠵᠠᠰᠠᠨ ᠰᠡᠷᠭᠦᠭᠡᠬᠦ ᠶᠢ ᠴᠢᠩᠭᠠᠳᠬᠠᠵᠤ᠂ ᠲᠠᠪᠠᠭᠠᠨ ᠤ ᠡᠮᠦᠨᠡᠬᠢ ᠭᠤᠷᠪᠠᠨ ᠪᠠᠯᠭᠠᠰᠤ ᠶᠢᠨ ᠬᠤᠭ ᠨᠣᠪᠰᠢ ᠶᠢ ᠲᠥᠷᠥᠯ ᠬᠤᠪᠢᠶᠠᠬᠤ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠲᠢᠶᠠᠨ ᡂᠢ ᠦᠢᠯᠡᠴᠢᠯᠡᠭᠡᠨ ᠤ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠬᠡᠷᠡᠭᠯᠡᠵᠦ᠂ ᠬᠤᠲᠠ ᠶᠢᠨ ᠲᠣᠭᠤᠷᠢᠭ ᠤᠨ ᠤᠰᠤ ᠲᠠᠲᠠᠷᠠᠭᠤᠯᠬᠤ ᠬᠤᠭᠤᠯᠠᠢ ᠶᠢ ᠰᠡᠯᠪᠢᠨ ᠵᠠᠰᠠᠵᠤ ᠥᠭᠡᠷᠡᠴᠢᠯᠡᠬᠦ ᠶᠢ ᠪᠡᠶᠡᠯᠡᠭᠦᠯᠦᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠳᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠰᠢᠯᠭᠠᠨ ᠪᠠᠶᠢᠴᠠᠭᠠᠬᠤ ︵ᠲᠠᠬᠢᠨ ᠪᠠᠶᠢᠴᠠᠭᠠᠬᠤ︶ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃        ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠡᠷᠡᠰ ᠬᠡᠷᠡᠭᠵᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠣᠶ ᠰᠢᠭᠤᠢ ᠨᠤᠳᠤᠭ ᠪᠡᠯᠴᠢᠭᠡᠷ ᠤᠨ ᠣᠷᠳᠣ ᠬᠤᠭᠤᠴᠠᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠣᠷᠳᠣ ᠬᠤᠭᠤᠴᠠᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠡᠷ ᠤᠨ ᠰᠡᠷᠭᠡᠶᠢᠯᠡᠯᠲᠡ ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠰᠤᠳᠤᠯᠤᠨ ᠨᠡᠭᠡᠭᠡᠬᠦ ᠪᠠ ᠲᠥᠪᠯᠡᠷᠡᠭᠦᠯᠦᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ ᠪᠠ ᠤᠢ ᠰᠢᠭᠤᠢ ᠶᠢ ᠠᠷᠠᠴᠢᠯᠠᠨ  ᠤᠶᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ 8 ᠲᠦᠮᠡᠨ ᠮᠦ ᠤᠢ ᠮᠣᠳᠣ ᠲᠠᠷᠢᠵᠤ ᠣᠶᠢᠵᠢᠭᠤᠯᠬᠤ᠂ ᠠᠷᠠᠴᠢᠯᠠᠨ ᠪᠣᠶᠢᠵᠢᠭᠤᠯᠬᠤ ᠤᠢ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠢ ᠵᠠᠰᠠᠨ ᠰᠡᠷᠭᠦᠭᠡᠵᠦ᠂ ᠭᠤᠣᠯ ᠤᠨ ᠲᠠᠩ ᠢ ᠳᠤᠷ᠎ᠠ ᠪᠠᠷ ᠢᠶᠠᠨ ᠮᠠᠯᠲᠠᠬᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠬᠤ ᠠᠵᠢᠯ ᠢ ᠴᠢᠩᠭ᠎ᠠ ᠠᠳᠬᠤᠵᠤ᠂ ᠮᠠᠲ᠋ᠧᠷᠢᠶᠠᠯ ᠠᠪᠬᠤ ᠲᠠᠯᠠᠪᠠᠢ ᠶᠢ ᠰᠡᠷᠭᠦᠭᠡᠨ ᠵᠠᠰᠠᠬᠤ ᠪᠠ ᠬᠤᠪᠠᠭ᠋ᠠᠢ ᠠᠭᠤᠯᠠ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠳᠡᠰ ᠤᠨ ᠴᠡᠴᠡᠷᠯᠢᠭ ᠤᠨ ᠪᠠᠶᠢᠭᠤᠯᠤᠮᠵᠢ ᠶᠢᠨ ᠲᠤᠷᠰᠢᠯᠲᠠ ᠶᠢ ᠢᠳᠡᠪᠬᠢᠲᠡᠢ ᠪᠠᠷ ᠲᠡᠮᠡᠴᠡᠨ ᠣᠯᠵᠤ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠠᠷᠢᠮᠲᠠᠯᠠᠨ᠎ᠠ᠃ ᠨᠡᠭᠦᠷᠡᠰᠦᠲᠥ᠋ᠷᠥᠭᠴᠢ ᠶᠢ ᠣᠷᠭᠢᠯ ᠳᠤ  ᠬᠦᠷᠬᠡᠵᠦ ᠲᠠᠬᠢᠨ ᠰᠠᠭᠠᠷᠮᠠᠭᠵᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠡᠵᠡᠮᠳᠡᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠬᠤᠶᠠᠷ ᠥᠨᠳᠥᠷ︾ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠶᠢ ᠡᠷᠡᠰ ᠴᠠᠭᠠᠵᠠᠯᠠᠵᠤ᠂ ︽ᠨᠡᠭᠦᠷᠡᠰᠦᠲᠥ᠋ᠷᠥᠭᠴᠢ ᠦᠭᠡᠢ ᠵᠢᠵᠢᠭ ᠪᠠᠯᠭᠠᠰᠤ︾ ︵ᠲᠤᠮᠳᠠᠳᠤ ᠤᠯᠤᠰ ᠤᠨ ᠭᠤᠸᠠᠩ ᠾᠧ︶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ ᠦᠷᠳᠡᠭ ᠤᠨ ᠰᠣᠯᠢᠭᠳᠠᠯ ᠢ ᠲᠦᠷᠭᠡᠳᠬᠡᠵᠦ᠂ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠤᠯᠤᠰ ᠤᠨ ᠥᠮᠴᠢᠯᠡᠯ ᠤᠨ ᠳᠦᠷᠢᠮᠲᠦ ᠺᠣᠮᠫᠠᠨᠢ ᠪᠠᠶᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠬᠢᠷᠠᠭᠤᠯᠤᠯᠲᠠ ᠶᠢᠨ ᠲᠤᠭ᠎ᠠ ᠶᠢ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠠᠷᠠᠯᠵᠢᠶᠠᠯᠠᠬᠤ ᠶᠢ ᠠᠬᠢᠭᠤᠯᠤᠨ᠎ᠠ᠃ ︽ᠠᠯᠳᠠ ᠮᠦᠩᠬᠦᠨ ᠬᠤᠶᠠᠷ ᠠᠭᠤᠯᠠ︾ ᠶᠢᠨ ᠤᠨᠤᠯᠵᠢᠬᠤᠨ ᠤ ᠰᠢᠨ᠎ᠡ ᠶᠢ ᠡᠭᠦᠳᠬᠦ ᠦᠢᠯᠡᠳᠦᠯᠭᠡ ᠶᠢᠨ ᠣᠷᠳᠣᠨ᠂ ᠶᠡᠭᠡ ᠬᠢᠩᠭᠠᠨ ᠳᠠᠪᠠᠭ᠎ᠠ ᠶᠢᠨ ᠤᠳᠤᠮᠰᠢᠯ ᠭᠧᠨ ᠤ ᠬᠥᠮᠥᠷᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠬᠦᠳᠡᠯᠭᠡᠬᠦ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠤᠨ᠎ᠠ᠃       ︵ᠲᠠᠪᠤ︶ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠶᠢ ᠡᠭᠦᠳᠬᠦ ᠶᠢ ᠭᠦᠨᠵᠡᠭᠡᠢ ᠲᠦᠯᠬᠢᠨ ᠠᠬᠢᠭᠤᠯᠵᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠦᠬᠦ ᠬᠦᠴᠦᠨ ᠢᠶᠠᠷ ᠢᠶᠠᠨ ᠠᠮᠢᠯᠠᠭᠤᠯᠤᠨ᠎ᠠ        ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠢᠩᠭᠠᠨ ᠠᠶᠢᠮᠠᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ︾ ᠤᠨ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠦᠷᠭᠦᠯᠵᠢᠯᠡᠨ ᠪᠠᠶᠢᠭᠤᠯᠬᠤ᠂ ᠰᠢᠨ᠎ᠡ ᠪᠠᠷ ᠨᠡᠭᠡᠭᠡᠬᠦ᠂ ᠨᠦᠬᠡᠴᠡᠯᠡᠨ ᠬᠠᠳᠠᠭᠠᠯᠠᠬᠤ︾ ᠲᠥᠷᠥᠯ ᠵᠦᠢᠯ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠤᠭᠤᠮᠳᠠ ᠰᠢᠪᠳᠤᠯᠤᠯᠳᠠ ᠶᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠵᠢᠯ ᠤᠨ ᠳᠣᠲᠣᠷ᠎ᠠ 60 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠡᠷᠡᠭᠵᠢᠭᠦᠯᠵᠦ᠂ ᠪᠥᠬᠦ ᠶᠠᠪᠤᠴᠠ ᠳᠤ ᠳᠠᠭᠠᠭᠤᠯᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠮᠥᠷᠳᠡᠨ ᠬᠢᠨᠠᠨ ᠵᠢᠯᠤᠭᠤᠳᠬᠤ ᠦᠢᠯᠡᠴᠢᠯᠡᠭᠡᠨ ᠤ ᠳᠦᠷᠢᠮ ᠢ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠦᠨ᠎ᠡ ᠃ ᠲᠥᠷᠥᠯ ᠵᠦᠢᠯ ᠤᠨ ︽ᠵᠠᠬᠢᠶᠠᠯᠠᠨ ᠦᠶᠯᠡᠳᠬᠦ + ᠤᠷᠢᠳᠴᠢᠯᠠᠨ ᠬᠤᠳᠠᠯᠳᠤᠭᠠᠴᠢᠨ ᠤᠷᠢᠬᠤ︾ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠡᠷᠭᠡ ᠪᠠᠷ ᠶᠠᠪᠤᠭᠤᠯᠬᠤ ᠶᠢ ᠠᠬᠢᠭᠤᠯᠤᠨ᠂ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠤᠨ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠨ᠎ᠡ᠃        ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠣᠨ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ︔ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠠᠶᠤᠯ ᠲᠦᠭᠰᠢᠭᠦᠷᠢ ᠶᠢᠨ ᠰᠠᠨᠠᠭᠤᠯᠤᠮᠵᠢ᠂ ᠠᠩᠬ᠎ᠠ ᠵᠥᠷᠢᠴᠡᠪᠡᠯ ᠦᠯᠦ ᠲᠣᠷᠭᠠᠬᠤ᠂ ᠵᠠᠰᠠᠭ ᠵᠠᠬᠢᠷᠭᠠᠨ ᠤ ᠰᠠᠨᠠᠭᠤᠯᠭ᠎ᠠ ᠭᠠᠷᠭᠠᠬᠤ ᠵᠡᠷᠭᠡ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠪᠠ ᠶᠠᠪᠤᠴᠠ ᠶᠢ ᠴᠣᠮᠬᠠᠳᠬᠠᠨ᠎ᠠ᠃ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ︾ ᠶᠢ ᠥᠪᠡᠷᠲᠡᠭᠡᠨ ᠵᠠᠰᠠᠬᠤ ᠣᠷᠣᠨ ᠤ ᠬᠡᠪ ᠳᠠᠭᠤᠷᠢᠶᠠᠯ ᠤᠨ ᠬᠢᠷᠢ ᠲᠦᠪᠰᠢᠨ ᠳᠤ ᠬᠦᠷᠦᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠨᠡᠭᠦᠯᠭᠡᠬᠦ ᠠᠵᠢᠯ ᠢ ᠪᠡᠶᠡᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃        ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠰᠠᠭᠤᠷᠢ ᠲᠦᠬᠦᠭᠡᠷᠦᠮᠵᠢ ᠶᠢ ᠪᠦᠲᠦᠭᠡᠨ ᠪᠠᠶᠢᠭᠤᠯᠤᠨ ᠲᠡᠭᠦᠯᠳᠡᠷᠵᠢᠭᠦᠯᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠤᠨ ᠨᠡᠪᠲᠡᠷᠡᠬᠦ ᠵᠠᠮ ᠪᠠ ᠬᠢᠯᠢ ᠶᠢᠨ ᠪᠠᠶᠢᠴᠠᠭᠠᠯᠲᠠ ᠶᠢᠨ ᠲᠤᠰᠠᠭᠠᠷᠯᠠᠬᠤ ᠲᠦᠬᠦᠭᠡᠷᠦᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠂ ᠷᠠᠰᠢᠶᠠᠨ ᠪᠣᠭᠤᠮᠲᠠ ᠶᠢᠨ ᠪᠠᠶᠢᠩᠭᠤ ᠨᠡᠭᠡᠭᠡᠯᠲᠡ ᠶᠢ ᠡᠬᠢᠯᠡᠭᠦᠯᠵᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠬᠥᠭᠵᠢᠯᠲᠡ ᠶᠢ ᠠᠬᠢᠭᠤᠯᠤᠨ᠎ᠠ᠃ ATA ᠬᠠᠭᠤᠳᠠᠰᠤ ᠦᠨᠡᠮᠯᠡᠯ ᠤᠨ ᠳᠡᠪᠲᠡᠷ᠂ ᠬᠢᠯᠢ ᠶᠢᠨ ᠠᠷᠠᠳ ᠤᠨ ᠦᠨᠡᠮᠯᠡᠯ ᠤᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠪᠥᠬᠦ ᠤᠯᠤᠰ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢᠨ ᠬᠤᠲᠠ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ᠪᠣᠭᠤᠮᠲᠠ ᠰᠢᠯᠵᠢᠭᠦᠯᠬᠦ ᠲᠤᠷᠰᠢᠯᠲᠠ ᠶᠢᠨ ᠴᠡᠭ ᠪᠠ ᠳᠤᠮᠳᠠᠳᠤ ᠮᠣᠩᠭᠤᠯ ᠤᠨ ᠠᠮᠤ ᠪᠤᠳᠠᠭ᠎ᠠ ᠭᠠᠳᠠᠭᠠᠳᠤ  ᠠᠴᠠ ᠣᠷᠣᠭᠤᠯᠬᠤ ᠵᠢᠭᠠᠨ ᠲᠣᠭᠲᠠᠭᠠᠭᠰᠠᠨ ᠪᠣᠭᠤᠮᠲᠠ ᠶᠢ ᠴᠢᠷᠮᠠᠶᠢᠨ ᠪᠣᠶ ᠪᠣᠯᠭᠠᠨ᠎ᠠ᠃ ᠨᠡᠪᠲᠡᠷᠡᠬᠦ ᠵᠠᠮ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠬᠢᠯᠢ ᠶᠢᠨ ᠬᠠᠮᠠᠭᠠᠯᠠᠯᠲᠠ ᠶᠢᠨ ᠭᠠᠯ ᠲᠤᠶᠢᠮᠡᠷ ᠢ ᠰᠡᠷᠭᠡᠶᠢᠯᠡᠬᠦ ᠵᠠᠰᠠᠮᠠᠯ ᠵᠠᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠬᠤᠳᠠ —— ᠷᠠᠰᠢᠶᠠᠨ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ ᠂ ᠳᠣᠲᠣᠨ᠎ᠠ ᠭᠠᠳᠠᠨ᠎ᠠ ᠬᠤᠯᠪᠤᠭᠠᠯᠠᠨ ᠬᠥᠳᠡᠯᠦᠯᠴᠡᠬᠦ ᠨᠡᠭᠡᠭᠡᠯᠲᠡ ᠶᠢᠨ ᠪᠠᠶᠢᠷᠢᠰᠢᠯ ᠢ  ᠴᠢᠷᠮᠠᠶᠢᠨ ᠪᠠᠶᠢᠭᠤᠯᠤᠨ᠎ᠠ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠦᠢᠯᠡᠰ ᠢ ᠰᠡᠳᠬᠢᠯ ᠲᠠᠯᠪᠢᠨ ᠰᠠᠶᠢᠵ᠊ᠵᠷᠠᠭᠤᠯᠵᠤ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠬᠦᠴᠦᠨ ᠢᠶᠠᠷ ᠢᠶᠠᠨ ᠬᠠᠩᠭᠠᠨ᠎ᠠ      ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ᠃ ᠪᠠᠭ᠎ᠠ ᠲᠣᠭᠠᠨ ᠤ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠶᠢ 1000 ᠲᠦᠮᠡᠨ ᠲᠥᠭᠦᠷᠢᠭ ᠠᠴᠠ ᠳᠡᠭᠡᠭᠰᠢ ᠲᠠᠯᠪᠢᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠵᠤᠷᠢᠭᠵᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠭᠤᠷᠠᠢ  ᠡᠳᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠦᠷᠳᠡᠭᠡ ᠶᠢ ᠪᠦᠬᠦᠨ ᠢ ᠪᠦᠷᠬᠦᠬᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠣᠷᠣᠰᠢᠭᠤᠯᠭ᠎ᠠ ᠶᠢᠨ ᠭᠠᠵᠠᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠪᠠᠳᠤᠳᠠᠢ ᠰᠠᠶᠢᠳᠤᠷ ᠬᠢᠨ᠎ᠡ᠃      ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠠᠢ ᠯᠠᠩ᠂ ᠮᠢᠩ ᠱᠦᠢ ᠪᠠᠭ᠎ᠠ ᠰᠤᠷᠭᠠᠭᠤᠯᠢ ᠶᠢᠨ ᠬᠦᠷᠢᠶᠡᠨ ᠤ ᠲᠠᠮᠢᠷ ᠤᠨ ᠲᠠᠯᠠᠪᠠᠶ ᠶᠢ ᠪᠠᠶᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ᠂ ᠦ᠋ ᠴᠠ ᠭᠧᠦ ᠰᠤᠷᠭᠠᠭᠤᠯᠢ ᠶᠢᠨ ᠴᠢᠳᠠᠮᠵᠢ ᠶᠢᠨ ᠬᠢᠴᠢᠶᠡᠯ ᠤᠨ ᠭᠡᠷ ᠢ ᠥᠭᠡᠷᠡᠴᠢᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠰᠢᠶᠠᠨ ᠢ ᠯᠠᠪᠳᠠᠭᠤᠨ ᠪᠠᠲᠤᠲᠠᠢ ᠪᠠᠷ ᠡᠭᠦᠳᠦᠨ ᠪᠠᠶᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠯᠠᠭᠤᠷᠠᠯ ᠤᠨ ᠡᠭᠦᠳᠡᠨ ᠡᠮᠨᠡᠯᠭᠡ᠂ ᠬᠠᠯᠳᠠᠪᠤᠷᠢᠲᠤ ᠡᠪᠡᠳᠴᠢᠨ ᠤ ᠦᠷᠦᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠭᠤᠷᠪᠠᠨ ᠡᠮᠴᠢᠯᠡᠭᠡᠨ ᠤ ᠦᠢᠯᠡᠰ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠲᠦᠷᠭᠡᠳᠬᠡᠨ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ  ᠦᠵᠡᠭᠦᠯᠭᠡ ᠲᠣᠭᠯᠠᠯᠲᠠ᠂ ᠰᠣᠶᠣᠯ ᠤᠨ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠡᠮᠦᠨ᠎ᠡ ᠬᠢᠩᠭᠠᠨ ᠨᠦᠭᠡᠨ ᠵᠠᠮ ᠤᠨ ᠪᠠᠬᠢᠯᠡᠯᠲᠡ᠂  ᠬᠤᠸᠠᠫᠤᠤᠲᠠᠢ ᠪᠠᠬᠢᠯᠡᠯᠲᠡ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠪᠡᠶᠡᠯᠡᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠨᠢᠭᠦᠯᠵᠦ᠂ ᠬᠤᠳᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠲᠦᠯᠦᠪᠵᠢᠭᠦᠯᠦᠨ ᠡᠷᠬᠢᠯᠡᠨ᠎ᠡ᠃ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠯᠠᠪᠳᠠᠭᠤᠨ ᠪᠠᠲᠤᠲᠠᠢ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃      ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠡᠳᠡᠭᠡᠳ ᠪᠠ ᠭᠤᠣᠯᠳᠠᠯᠭ᠎ᠠ ᠲᠠᠢ ᠬᠥᠮᠥᠰ ᠤᠨ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠨ᠎ᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ  ᠤᠨ ᠪᠠᠶᠢᠭᠤᠯᠤᠯᠲᠠ ᠶᠢ ᠴᠢᠩᠭᠠᠳᠬᠠᠵᠤ᠂ ᠷᠠᠰᠢᠶᠠᠨ ᠬᠤᠲᠠ ᠶᠢᠨ ᠴᠢᠮᠡᠭᠡ ᠬᠤᠯᠪᠤᠭᠠᠨ ᠤ ᠵᠢᠯᠣᠭᠤᠳᠤᠯᠭ᠎ᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠢ ᠡᠬᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠭᠲᠠᠴᠠ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠠᠵᠤ ᠠᠬᠤᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠴᠠᠬᠢᠯᠭᠠᠨ ᠬᠤᠯᠪᠤᠭᠠᠨ ᠤ ᠮᠡᠬᠡᠯᠡᠯ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠥᠷᠢ ᠥᠭᠴᠡᠭᠡ ᠶᠢ ᠠᠷᠢᠯᠭᠠᠬᠤ ᠲᠤᠷᠰᠢᠯᠲᠠ ᠶᠢᠨ ᠬᠤᠲᠠ ᠳᠤ ᠣᠷᠣᠭᠤᠯᠬᠤ ᠪᠠᠷ ᠴᠢᠷᠮᠠᠶᠢᠨ᠎ᠠ᠃     ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ       ᠲᠥᠯᠥᠭᠡᠯᠡᠭᠴᠢᠳ ᠠ᠋᠂ ᠷᠠᠰᠢᠶᠠᠨ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠭᠦᠷᠭᠡ ᠬᠦᠨᠳᠦ ᠮᠦᠷᠳᠡᠭᠡᠨ ᠥᠩᠭᠡ ᠭᠡᠷᠡᠯᠲᠡᠢ ᠶᠤᠮ᠃ ᠪᠢᠳᠠ ᠪᠣᠳᠠᠲᠠᠢ ᠠᠵᠢᠯᠯᠠᠬᠤ ᠪᠠᠷ ᠬᠠᠷᠢᠭᠤᠴᠠᠯᠭ᠎ᠠ ᠪᠠᠨ ᠡᠭᠦᠷᠭᠡᠯᠡᠵᠦ᠂ ᠦᠢᠯᠡ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠵᠠᠰᠠᠭ ᠤᠨ ᠣᠷᠳᠣᠨ ᠤ ︽ᠬᠠᠷᠢᠭᠤᠴᠠᠯᠭ᠎ᠠ ᠶᠢᠨ ᠵᠢᠭᠠᠯᠲᠠ ᠲᠤᠭ᠎ᠠ︾᠂ ᠺᠠᠳ᠋ᠷ ᠤᠨ ︽ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠬᠤ ᠬᠡᠷᠡᠭᠳᠡᠢ᠃            ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠭ ᠰᠠᠨᠠᠭ᠎ᠠ ᠪᠠᠨ ᠦᠯᠦ ᠮᠠᠷᠳᠠᠨ᠂ ᠤᠭ ᠴᠢᠨᠠᠷ ᠢᠶᠠᠨ ᠡᠭᠦᠷᠢᠳᠡ ᠬᠠᠳᠠᠭᠠᠯᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠢᠯᠡᠷᠡᠯ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠳᠤ ᠪᠠᠷᠠᠭᠳᠠᠰᠢ ᠦᠭᠡᠢ ᠬᠦᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃       ᠬᠠᠤᠯᠢ ᠪᠠᠷ ᠵᠠᠰᠠᠬᠤ ᠰᠡᠳᠬᠢᠬᠦᠢ ᠪᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠢᠯᠡ ᠲᠣᠳᠣ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃ ᠠᠷᠠᠳᠴᠢᠯᠠᠯ ᠲᠥᠪᠯᠡᠷᠡᠯ ᠤᠨ ᠶᠣᠰᠣ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ᠂ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ᠂ ᠬᠢᠨᠠᠨ ᠪᠣᠳᠣᠯᠲᠠ ᠶᠢᠨ ᠵᠠᠰᠠᠭ ᠵᠠᠬᠢᠷᠭᠠᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠢᠯᠡ ᠠᠵᠢᠯᠯᠠᠭᠠᠨ ᠢ ᠲᠦᠯᠬᠢᠨ ᠠᠬᠢᠭᠤᠯᠤᠨ᠎ᠠ᠃        ᠵᠤᠷᠢᠯᠳᠠ ᠶᠢᠨ ᠤᠬᠠᠮᠰᠠᠷ ᠢᠶᠠᠨ ᠴᠢᠩᠭᠠᠳᠬᠠᠵᠦ᠂ ᠬᠦᠮᠦᠨ ᠢᠶᠠᠷ ᠦᠨᠳᠦᠰᠦ  ᠪᠤᠯᠭᠠᠬᠰᠠᠨ᠂ ᠠᠷᠠᠳ ᠤᠨ ᠲᠦᠯᠦᠬᠡ ᠲᠦᠷᠦ ᠪᠠᠷᠢᠬᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠬᠡᠨ ᠰᠢᠢᠳᠪᠦᠷᠢᠯᠡᠵᠦ᠂ ᠠᠷᠠᠳ ᠲᠦᠮᠡᠨ ᠢ ᠳᠡᠭᠡᠳᠦᠯᠡᠬᠦ ᠬᠠᠮᠤᠭ ᠤᠨ ᠬᠦᠴᠦᠷᠬᠡᠭ ᠳᠠᠭᠤᠨ ᠢ ᠴᠢᠪᠬᠠᠳᠠᠨ᠎ᠠ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠨᠠᠩ ᠣᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠤᠲᠠ ᠶᠢᠨ ᠠᠷᠠᠳ ᠣᠯᠠᠨ ᠳᠤ ᠨᠠᠩ ᠣᠯᠠᠨ ᠨᠠᠩ ᠰᠠᠶᠢᠨ ᠨᠠᠩ ᠭᠤᠥᠯᠴᠢ ᠪᠠᠷ ᠬᠦᠷᠲᠡᠭᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠢᠩᠭᠠᠳᠬᠠᠵᠤ᠂ ᠵᠣᠷᠢᠭᠲᠠᠢ ᠪᠠᠷ ᠠᠳᠬᠤᠵᠤ ᠵᠣᠷᠢᠭᠲᠠᠢ ᠪᠠᠷ ᠬᠠᠮᠢᠶᠠᠷᠬᠤ᠂ ᠰᠠᠶᠢᠳᠦᠷ ᠴᠢᠷᠮᠠᠶᠢᠵᠤ ᠦᠢᠯᠡᠰ ᠪᠦᠲᠦᠭᠡᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ︽ᠠᠮᠢᠨ ᠰᠤᠳᠠᠰᠤ︾ ᠪᠣᠯᠭᠠᠵᠤ᠂ ᠪᠤᠰᠢᠭᠤ ᠱᠠᠯᠠᠮᠠᠭᠠᠢ ᠪᠠᠷ ᠠᠪᠤᠨ ᠳᠣᠣᠷ᠎ᠠ ᠪᠠᠨ ᠬᠢᠵᠦ᠂ ᠡᠴᠦᠰ ᠲᠤᠨᠢ ᠲᠤᠯᠲᠠᠯ᠎ᠠ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠤᠷᠲᠤ ᠬᠤᠭᠤᠴᠠᠭ᠎ᠠ ᠪᠠᠷ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ︽ᠴᠢᠳᠠᠪᠤᠷᠢ ᠲᠠᠢ ᠨᠢ ᠲᠡᠪᠰᠢᠬᠦᠯᠵᠦ᠂ ᠴᠢᠳᠠᠪᠤᠷᠢ ᠦᠭᠡᠢ ᠨᠢ ᠪᠠᠭᠤᠯᠭᠠᠨ᠂ ᠱᠠᠭᠠᠷᠠᠤ ᠶᠢ ᠨᠢ ᠰᠢᠭᠰᠢᠵᠦ᠂ ᠰᠢᠯᠢᠳᠡᠭ ᠢ  ᠨᠢ ᠱᠠᠩᠨᠠᠬᠤ︾ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠡᠭᠦᠷᠭᠡᠯᠡᠭᠴᠢ ᠶᠢᠨ ᠡᠮᠦᠨ᠎ᠡ ᠠᠴᠠ ᠡᠭᠦᠷᠭᠡᠯᠡᠵᠦ᠂ ᠬᠠᠷᠢᠭᠤᠴᠠᠭᠴᠢ ᠶᠢᠨ ᠡᠮᠦᠨ᠎ᠡ ᠠᠴᠠ ᠬᠠᠷᠢᠭᠤᠴᠠᠵᠤ᠂ ᠪᠣᠳᠠᠲᠠᠢ ᠠᠵᠢᠯᠯᠠᠭᠴᠢ ᠶᠢᠨ ᠡᠮᠦᠨ᠎ᠡ ᠠᠴᠠ ᠡᠷᠴᠢ ᠵᠣᠷᠢᠭ ᠢ ᠬᠥᠪᠴᠢᠯᠡᠨ᠎ᠡ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠪᠠ ᠬᠠᠷᠠᠯᠲᠠᠲᠤ ᠱᠠᠩᠨᠠᠵᠤ ᠲᠣᠷᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠠᠪᠤᠳᠠᠯ ᠢ ᠬᠤᠲᠠ ᠶᠢᠨ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠠᠮᠢᠳᠤᠯᠢᠭ ᠮᠥᠨ ᠴᠢᠨᠠᠷ ᠪᠣᠯᠭᠠᠨ᠎ᠠ᠃      ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠳᠬᠠᠵᠤ᠂ ᠺᠠᠳ᠋ᠷ ᠨᠢ ᠲᠥᠪ ᠴᠢᠬᠡᠴᠢ᠂ ᠤᠯᠤᠰ ᠲᠦᠷᠦ ᠨᠢ ᠭᠡᠭᠡᠨ ᠰᠠᠷᠠᠭᠤᠯ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠺᠠᠳ᠋ᠷ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠤᠨ ᠠᠷᠬᠠᠭ ᠭᠡᠮ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠴᠠᠭᠠᠵᠠ ᠶᠢᠨ ᠬᠢᠨᠠᠯᠲᠠ᠂ ᠪᠠᠶᠢᠴᠠᠭᠠᠯᠲᠠ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠲᠥᠯᠥᠨ ᠵᠢᠯᠤᠭᠤᠳᠴᠤ᠂ ᠠᠭᠤᠯᠠ ᠨᠢ ᠬᠦᠭᠡ ᠤᠰᠤ ᠨᠢ ᠲᠤᠩᠭᠠᠯᠠᠭ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤ ᠪᠠᠷ ᠪᠤᠢ ᠪᠣᠯᠭᠠᠨ᠎ᠠ᠃     ᠲᠥᠯᠥᠭᠡᠯᠡᠭᠴᠢᠳ ᠠ᠋᠂ ᠰᠢᠨ᠎ᠡ ᠠᠶᠠᠨ ᠳᠠᠭᠠᠨ ᠳᠠᠷᠪᠠᠭᠤᠯ ᠬᠡᠶᠢᠰᠬᠡᠨ ᠠᠯᠤᠰ ᠢ ᠵᠣᠷᠢᠨ  ᠤᠷᠤᠬᠰᠢᠯᠠᠵᠠᠭᠠᠶ᠎ᠠ ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠭᠠᠪᠰᠢᠭᠠᠶᠢᠯᠠᠬᠤ︾ ᠵᠣᠷᠢᠭ ᠰᠠᠨᠠᠭ᠎ᠠ᠂ ︽ᠡᠷᠡᠯᠬᠡᠭᠯᠡᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ ᠬᠠᠳᠠᠭᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕        ᠤᠯᠠᠨ ᠳᠤ ᠪᠠᠶᠠᠷᠯᠠᠯ᠎ᠠ︕          ᠨᠡᠷ᠎ᠡ ᠦᠭᠡᠰ ᠤᠨ ᠲᠠᠶᠢᠯᠪᠤᠷᠢ       1. ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾᠄ ︽ᠬᠤᠶᠠᠷ ᠲᠤ ᠵᠣᠪᠠᠭ᠋ᠤ ᠦᠭᠡᠢ︾ ᠭᠡᠳᠡᠭ ᠨᠢ  ᠢᠳᠡᠵᠦ ᠡᠮᠦᠰᠬᠦ ᠳᠤ ᠵᠣᠪᠠᠭ᠋ᠤ ᠦᠭᠡᠢ᠂ ︽ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢ ᠵᠢᠭᠠᠵᠤ ᠪᠠᠶᠢᠨ᠎ᠠ᠃       2. ︽ᠪᠥᠬᠦ ᠤᠷᠤᠨ ᠪᠦᠰᠡ ᠶᠢᠨ ᠵᠤᠭᠠᠴᠠᠯ + ᠲᠠᠪᠤᠨ ᠵᠢᠵᠢᠭ ᠠᠵᠤ ᠠᠬᠤᠢ︾᠄ ᠪᠥᠬᠦ ᠤᠷᠤᠨ ᠪᠦᠰᠡ  ᠶᠢᠨ ᠵᠤᠭᠠᠴᠠᠯ ᠤᠨ ᠪᠠᠶᠢᠷᠢᠰᠢᠯ ᠤᠨ ᠲᠣᠭᠤᠷᠢᠨ ᠳᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠭᠠᠵᠠᠷ ᠣᠷᠣᠨ ᠡᠷᠦᠬᠡ ᠬᠥᠮᠥᠨ ᠤ ᠪᠠᠶᠢᠳᠠᠯ ᠢ ᠦᠨᠳᠦᠰᠦᠯᠡᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠤᠭᠠᠴᠠᠯ ᠤᠨ ᠲᠣᠭᠤᠷᠢᠨ ᠳᠤ ᠵᠢᠵᠢᠭ ᠲᠠᠷᠢᠮᠠᠯ᠂ ᠵᠢᠵᠢᠭ ᠲᠡᠵᠢᠭᠡᠨ ᠦᠷᠡᠵᠢᠭᠦᠯᠬᠦ᠂ ᠵᠢᠵᠢᠭ ᠬᠤᠳᠠᠯᠳᠤᠭ᠎ᠠ᠂ ᠵᠢᠵᠢᠭ ᠬᠥᠳᠡᠯᠮᠦᠷᠢ ᠦᠢᠯᠡᠴᠢᠯᠡᠭᠡ᠂ ᠵᠢᠵᠢᠭ ᠬᠠᠮᠲᠤᠷᠠᠯᠴᠠᠭ᠎ᠠ ᠵᠡᠷᠭᠡ ᠲᠠᠪᠤᠨ ᠵᠦᠢᠯ ᠤᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠦᠷᠢᠨ ᠬᠠᠮᠤᠷᠬᠤ ᠶᠢ ᠪᠡᠶᠡᠯᠡᠭᠦᠯᠦᠨ᠎ᠡ᠃       3. ︽ᠤᠷᠢᠳᠠᠪᠠᠷ ᠵᠢᠭᠡᠯᠡᠵᠦ ᠬᠤᠶᠢᠨ᠎ᠠ ᠨᠢ ᠱᠠᠩᠨᠠᠬᠤ︾᠄ ᠶᠠᠳᠠᠭᠤ ᠬᠦᠴᠢᠷᠳᠡᠯᠲᠡᠢ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠠᠵᠤ ᠦᠢᠯᠡᠰ ᠤᠨ ᠬᠥᠭᠵᠢᠯᠲᠡ ᠳᠤ ᠣᠷᠤᠯᠴᠠᠬᠤ ᠶᠢ ᠵᠣᠷᠢᠭᠵᠢᠭᠤᠯᠤᠨ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠲᠡᠳᠡᠨ ᠳᠤ ᠦᠨ᠎ᠡ ᠲᠥᠯᠥᠪᠦᠷᠢ ᠦᠭᠡᠢ ᠪᠠᠷ ᠠᠵᠤ ᠦᠢᠯᠡᠰ ᠤᠨ ᠬᠥᠭᠵᠢᠯᠲᠡ ᠶᠢᠨ ᠡᠬᠢᠯᠡᠯᠲᠡ ᠶᠢᠨ ᠪᠡᠯᠡ ᠮᠥᠩᠭᠦ ᠪᠠ ᠱᠠᠩᠨᠠᠯ ᠤᠨ ᠪᠡᠯᠡ ᠮᠥᠩᠭᠦ ᠬᠠᠩᠭᠠᠵᠤ᠂ ᠡᠬᠢᠯᠡᠯᠲᠡ ᠶᠢᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠲᠡᠳᠡᠨ ᠤ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠪᠠᠷ 1:1 ᠪᠠᠷ ᠲᠣᠬᠢᠷᠠᠭᠤᠯᠤᠨ᠂ ᠬᠠᠮᠤᠭ ᠥᠨᠳᠥᠷ ᠲᠡᠭᠡᠨ 3 ᠲᠦᠮᠡᠨ ᠲᠥᠭᠦᠷᠢᠭ ᠲᠣᠬᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠷ ᠰᠠᠶᠢᠨ ᠲᠠᠩᠰᠠ  ᠺᠠᠷᠲ ᠡᠷᠦᠬᠡ ᠳᠤ ᠴᠢᠭᠯᠡᠭᠦᠯᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠰᠢᠯᠭᠠᠨ ᠠᠪᠤᠭᠰᠠᠨ ᠤ ᠳᠠᠷᠠᠭ᠎ᠠ ᠬᠠᠮᠤᠭ ᠥᠨᠳᠥᠷ ᠲᠡᠭᠡᠨ ᠡᠬᠢᠯᠡᠯᠲᠡ ᠶᠢᠨ ᠪᠡᠯᠡ ᠮᠥᠩᠭᠦ ᠶᠢᠨ 20% ᠶᠢᠨ ᠱᠠᠩᠨᠠᠯ ᠤᠯᠭᠤᠬᠤ ᠪᠣᠯᠣᠨ᠎ᠠ᠃       4. ᠪᠣᠬᠢᠷᠳᠤᠯ ᠶᠡᠬᠡᠲᠡᠢ ᠰᠢᠳᠠᠭᠠᠯᠭ᠎ᠠ ᠶᠢ ᠴᠠᠭᠠᠵᠠᠯᠠᠬᠤ ᠣᠷᠣᠨ᠄ ᠡᠨᠡ ᠨᠢ ᠬᠤᠳᠠ ᠶᠢᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠭᠰᠠᠨ ᠪᠣᠬᠢᠷᠳᠤᠯ ᠶᠡᠬᠡᠲᠡᠢ ᠲᠦᠯᠡᠰᠢ ᠶᠢ ᠪᠣᠷᠣᠯᠠᠭᠤᠯᠬᠤ᠂ ᠬᠡᠷᠡᠭᠯᠡᠬᠦ ᠶᠢ ᠴᠠᠭᠠᠵᠠᠯᠠᠭᠰᠠᠨ ᠣᠷᠣᠨ ᠪᠦᠰᠡ ᠶᠢ ᠵᠢᠭᠠᠵᠤ ᠪᠠᠶᠢᠨ᠎ᠠ᠂ ᠲᠤᠰ ᠣᠷᠣᠨ ᠪᠦᠰᠡ ᠶᠢᠨ ᠳᠣᠲᠣᠷᠠᠬᠢ ᠨᠢᠭᠡᠴᠢ ᠪᠠ ᠬᠤᠪᠢ ᠬᠥᠮᠥᠨ ᠨᠢ ᠬᠤᠳᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠣᠬᠢᠷᠳᠤᠯ ᠶᠡᠬᠡᠲᠡᠢ ᠲᠦᠯᠡᠰᠢ ᠶᠢ ᠲᠦᠯᠡᠬᠦ ᠪᠠᠨ ᠵᠣᠭᠰᠣᠵᠤ᠂ ᠴᠠᠬᠢᠯᠭᠠᠨ᠂ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠤᠰᠤᠨ ᠤ ᠬᠡᠢ ᠪᠤᠶᠤ ᠪᠤᠰᠤᠳ ᠴᠡᠪᠡᠷ ᠡᠨᠧᠷᠭᠢ ᠶᠢᠨ ᠰᠤᠷᠪᠤᠯᠵᠢ ᠶᠢ ᠥᠭᠡᠷᠡᠴᠢᠯᠡᠨ ᠬᠡᠷᠡᠭᠯᠡᠬᠦ ᠬᠡᠷᠡᠭᠲᠡᠢ᠃       5. ︽ᠬᠤᠶᠠᠷ ᠢ ᠳᠠᠰᠢᠷᠠᠮ ᠢᠶᠠᠷ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠲᠠᠰᠢᠷᠠᠮ ᠢᠶᠠᠷ ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠢ ᠲᠠᠰᠢᠷᠠᠮ ᠢᠶᠠᠷ ᠰᠣᠩᠭᠤᠨ ᠲᠣᠮᠢᠯᠠᠵᠤ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠬᠤ ᠶᠢ ᠵᠢᠭᠠᠵᠤ ᠪᠣᠶ᠃       6. ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ᠄ ᠢᠨᠲ᠋ᠧᠷ ᠰᠦᠯᠵᠢᠶ᠎ᠡ ᠪᠣᠯᠣᠨ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠠᠭᠤᠰᠤᠯᠴᠠᠭᠤᠯᠤᠨ᠂ ᠬᠥᠭᠵᠢᠯᠲᠡ ᠶᠢᠨ ᠰᠢᠨ᠎ᠡ ᠠᠮᠢ ᠠᠬᠤᠢ ᠶᠢ ᠪᠤᠶ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠠᠵᠢᠯ ᠤᠨ ᠡᠷᠴᠢᠮ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠵᠤ᠂ ᠠᠵᠤ ᠠᠬᠤᠶᠢᠯᠠᠯ ᠤᠨ ᠢᠲᠡᠭᠡᠯ ᠵᠣᠷᠢᠭ ᠪᠣᠯᠣᠨ ᠥᠷᠢᠰᠦᠯᠳᠦᠬᠦ ᠬᠦᠴᠦᠨ ᠢ ᠨᠡᠮᠡᠭᠳᠡᠭᠦᠯᠬᠦ ᠥᠭᠡᠷᠡᠴᠢᠯᠡᠯᠲᠡ ᠶᠢᠨ ᠴᠢᠬᠤᠯᠠ ᠶᠡᠭᠡ ᠡᠭᠦᠷᠭᠡ  ᠶᠢ ᠵᠢᠭᠠᠵᠤ ᠪᠠᠶᠢᠨ᠎ᠠ᠃ ᠪᠣᠳᠠᠲᠠᠢ ᠪᠦᠲᠦᠭᠡᠨ ᠪᠠᠶᠢᠭᠤᠯᠬᠤ ᠬᠠᠷᠠᠯᠲᠠ ᠪᠣᠯ ᠬᠢᠨᠠᠨ ᠬᠠᠮᠢᠶᠠᠷᠬᠤ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠵᠦ᠂ ᠬᠢᠨᠠᠨ ᠬᠠᠮᠢᠶᠠᠷᠬᠤ ᠵᠦᠢᠯᠡᠰ ᠤᠨ ᠬᠦᠴᠦᠨ ᠵᠦᠢᠯ ᠢ ᠨᠢᠭᠡᠳᠬᠡᠨ᠂ ᠬᠢᠨᠠᠨ ᠬᠠᠮᠢᠶᠠᠷᠬᠤ ᠲᠤᠭ᠎ᠠ ᠪᠠᠷᠢᠮᠲᠠ ᠶᠢᠨ ᠪᠠᠷᠢᠮᠵᠢᠶ᠎ᠠ ᠶᠢ ᠨᠢᠭᠡᠳᠬᠡᠵᠦ᠂ ᠬᠢᠨᠠᠨ ᠬᠠᠮᠢᠶᠠᠷᠬᠤ ᠦᠶᠯᠡ ᠠᠵᠢᠯᠯᠠᠭ᠎ᠠ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠵᠤ᠂ ᠬᠢᠨᠠᠯᠲᠠ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢᠨ ᠵᠠᠳᠠᠯᠤᠯᠲᠠ᠂ ᠬᠠᠷᠢᠴᠠᠭᠤᠯᠤᠯ ᠢᠶᠠᠷ ᠳᠠᠮᠵᠢᠭᠤᠯᠤᠨ᠂ ᠴᠤᠬᠤᠶᠢᠯᠲᠠ ᠶᠢᠨ ᠴᠢᠨᠠᠷᠲᠠᠢ᠂ ᠠᠵᠢᠯ ᠲᠥᠷᠥᠯ ᠪᠠ ᠣᠷᠣᠨ ᠪᠦᠰᠡ ᠠᠯᠤᠰᠯᠠᠭᠰᠠᠨ ᠲᠦᠭᠰᠢᠭᠦᠷᠢ ᠶᠢ ᠢᠯᠡᠷᠡᠭᠦᠯᠵᠦ᠂ ᠨᠠᠷᠢᠯᠢᠭ ᠣᠨᠣᠴᠠᠲᠠᠢ ᠪᠠᠷ ᠬᠢᠨᠠᠨ ᠬᠠᠮᠢᠶᠠᠷᠬᠤ ᠶᠢ ᠥᠷᠨᠢᠭᠦᠯᠦᠨ᠎ᠡ᠃       7. ︽ᠠᠵᠤ ᠠᠬᠤᠶᠢᠯᠠᠯ ᠳᠤ ᠣᠷᠣᠵᠤ ᠬᠡᠷᠡᠭᠴᠡᠭᠡ ᠶᠢ ᠨᠢ ᠠᠰᠠᠭᠤᠬᠤ︾᠄ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠬᠦᠷᠴᠦ ᠬᠡᠷᠡᠭᠴᠡᠭᠡ ᠶᠢ ᠨᠢ ᠠᠰᠠᠭᠤᠵᠤ᠂ ᠲᠥᠷᠥ ᠶᠢᠨ ᠪᠣᠳᠣᠯᠭ᠎ᠠ ᠶᠢ ᠬᠦᠷᠭᠡᠨ᠂ ᠬᠦᠴᠢᠷ ᠠᠰᠠᠭᠤᠳᠠᠯ ᠢ ᠰᠢᠢᠳᠪᠦᠷᠢᠯᠡᠨ᠎ᠡ᠃       8. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠄ ᠡᠨᠡ ᠨᠢ 20 ᠳ᠋ᠤᠭᠠᠷ ᠵᠠᠭᠤᠨ ᠤ ᠵᠢᠷᠠᠭᠠᠳ ᠣᠨ ᠳᠤ ᠵᠧᠵᠢᠶᠠᠩ ᠤᠨ ᠹᠧᠩᠴᠢᠶᠤᠤ ᠶᠢᠨ ᠺᠠᠳ᠋ᠷ ᠣᠯᠠᠨ ᠲᠦᠮᠡᠨ ᠤ ᠡᠭᠦᠳᠦᠨ ᠪᠦᠲᠦᠭᠡᠭᠰᠡᠨ ︽ᠹᠧᠩᠴᠢᠶᠤᠤ ᠶᠢᠨ ᠲᠤᠷᠰᠢᠯᠭ᠎ᠠ︾ ᠶᠢ ᠵᠢᠭᠠᠵᠤ ᠪᠣᠶ᠂ ᠪᠥᠬᠦ ᠤᠯᠤᠰ ᠤᠨ ᠡᠯ᠎ᠡ ᠭᠠᠵᠠᠷ ᠤᠨ ᠪᠠᠷᠢᠮᠲᠠᠯᠠᠯ ᠪᠠ ᠬᠥᠭᠵᠢᠯᠲᠡ ᠪᠠᠷ ᠳᠡᠮᠵᠢᠨ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠪᠥᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠷᠦᠩᠬᠡᠶᠢᠯᠡᠨ ᠵᠠᠰᠠᠬᠤ ᠹᠷᠣᠨᠲ ᠤᠨ ᠲᠤᠬᠴᠢ ᠪᠣᠯᠤᠭᠰᠠᠨ ᠪᠠᠶᠢᠨ᠎ᠠ᠃ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠴᠦ᠂ ᠬᠤᠷᠠᠮᠳᠤᠭᠤᠯᠤᠭᠰᠠᠨ ᠰᠠᠭᠤᠷᠢᠨ ᠳᠡᠭᠡᠷ᠎ᠡ ᠭᠦᠨᠵᠡᠭᠡᠶᠢᠷᠡᠭᠦᠯᠵᠦ᠂ ︽ᠹᠧᠩᠴᠢᠶᠤᠤ ᠶᠢᠨ ᠲᠤᠷᠰᠢᠯᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ︽ᠹᠧᠩᠴᠢᠶᠤᠤ ᠶᠢᠨ ᠲᠤᠷᠰᠢᠯᠭ᠎ᠠ︾ ᠠᠴᠠ ᠬᠤᠲᠠ ᠪᠠᠯᠭᠠᠰᠤ ᠨᠡᠶᠢᠭᠡᠮ ᠲᠣᠭᠤᠷᠢᠭ ᠤᠨ ︽ᠹᠧᠩᠴᠢᠶᠤᠤ ᠶᠢᠨ ᠲᠤᠷᠰᠢᠯᠭ᠎ᠠ︾᠂ ᠳᠠᠯᠠᠢ ᠳᠡᠭᠡᠷᠡᠬᠢ ︽ᠹᠧᠩᠴᠢᠶᠤᠤ ᠶᠢᠨ ᠲᠤᠷᠰᠢᠯᠭ᠎ᠠ︾᠂ ᠰᠦᠯᠵᠢᠶᠡᠨ ᠳᠡᠭᠡᠷᠡᠬᠢ ︽ᠹᠧᠩᠴᠢᠶᠤᠤ ᠶᠢᠨ ᠲᠤᠷᠰᠢᠯᠭ᠎ᠠ︾ ᠶᠢ ᠪᠤᠢ ᠪᠣᠯᠭᠠᠵᠤ᠂ ᠨᠡᠶᠢᠭᠡᠮ ᠤᠨ ᠠᠮᠤᠷ ᠲᠦᠪᠰᠢᠨ ᠤ ᠬᠦᠷᠢᠶᠡᠨ ᠠᠴᠠ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠬᠦᠷᠢᠶᠡᠨ ᠳᠤ ᠬᠦᠷᠲᠡᠯ᠎ᠡ  ᠦᠷᠭᠡᠳᠬᠡᠵᠦ ᠪᠤᠢ᠃       9. ︽ᠵᠠᠮ ᠬᠠᠷᠢᠯᠴᠠᠭ᠎ᠠ ᠪᠠ ᠴᠠᠭᠳᠠᠨ ᠪᠠᠶᠢᠴᠠᠭᠠᠬᠤ ᠶᠢ ᠨᠢᠭᠡᠳᠬᠡᠬᠦ︾᠄ ᠵᠠᠮ ᠬᠠᠷᠢᠯᠴᠠᠭᠠᠨ ᠤ ᠴᠠᠭᠳᠠᠭ᠎ᠠ ᠴᠠᠭᠳᠠᠨ ᠪᠠᠶᠢᠴᠠᠭᠠᠬᠤ ᠴᠠᠭᠳᠠᠭ᠎ᠠ ᠵᠡᠷᠭᠡ ᠶᠢ ᠨᠢᠭᠡᠳᠬᠡᠭᠰᠡᠨ ᠴᠠᠭᠳᠠᠭᠠᠨ ᠤ ᠶᠠᠪᠤᠳᠠᠯ ᠤᠨ ᠵᠠᠭᠪᠤᠷ᠂ ᠴᠠᠭᠳᠠᠭᠠᠨ ᠤ ᠬᠦᠴᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠷᠡᠭᠦᠦ ᠶᠢᠨ ᠬᠡᠷᠡᠭ ᠤᠨ ᠬᠠᠤᠯᠢ ᠬᠡᠷᠡᠭᠵᠢᠭᠦᠯᠬᠦ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠣᠯᠠᠨ ᠲᠦᠮᠡᠨ ᠳᠤ ᠦᠢᠯᠡᠴᠢᠯᠡᠬᠦ ᠳᠥᠷᠪᠡᠨ ᠶᠡᠭᠡ ᠡᠭᠦᠷᠭᠡ ᠴᠢᠳᠠᠪᠤᠷᠢ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠪᠤᠯᠤᠨ᠎ᠠ᠃ 1+1>2 ᠴᠢᠳᠠᠪᠤᠷᠢ ᠶᠢ ᠪᠡᠶᠡᠯᠡᠭᠦᠯᠦᠨ᠎ᠡ᠃       10. ︽135︾ ᠴᠠᠭᠳᠠᠭ᠎ᠠ ᠶᠢᠨ ᠬᠤᠸᠠᠷᠠᠨ ᠠᠴᠠ ᠭᠠᠷᠬᠤ ᠠᠵᠢᠯ ᠤᠨ ᠲᠣᠭᠲᠠᠴᠠ᠄ ᠴᠠᠭᠳᠠᠭᠠᠨ ᠤ ᠪᠠᠶᠢᠳᠠᠯ ᠲᠣᠬᠢᠶᠠᠯᠳᠤᠬᠤ ᠦᠶ᠎ᠡ ᠳᠤ ᠲᠣᠭᠲᠠᠭᠰᠠᠨ ᠴᠠᠭ ᠤᠨ ᠳᠣᠲᠣᠷ᠎ᠠ ᠴᠠᠭᠳᠠᠭ᠎ᠠ  ᠶᠢ ᠬᠦᠳᠡᠯᠬᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠴᠠᠭᠳᠠᠭ᠎ᠠ   ᠶᠢ ᠬᠦᠳᠡᠯᠬᠡᠬᠦ ᠶᠢ ᠣᠷᠣᠨ ᠤ ᠲᠤᠬᠠᠢ ᠰᠤᠳᠤᠯᠤᠨ ᠮᠠᠭᠠᠳᠯᠠᠵᠤ ᠡᠮᠬᠢᠯᠡᠨ ᠨᠡᠶᠢᠯᠡᠭᠦᠯᠵᠦ᠂ ᠴᠠᠭᠳᠠᠨ ᠲᠣᠭᠤᠷᠢᠬᠤ ᠵᠠᠮ ᠱᠤᠭᠤᠮ ᠢ ᠰᠢᠯᠢᠳᠡᠭᠵᠢᠭᠦᠯᠦᠨ᠂ ᠠᠮᠠᠷᠬᠠᠨ ᠡᠭᠦᠰᠬᠦ ᠴᠠᠭᠳᠠᠭᠠᠨ ᠤ ᠪᠠᠶᠢᠳᠠᠯ ᠤᠨ ᠴᠡᠭ ᠲᠤ ᠬᠠᠮᠤᠭ ᠤᠨ ᠰᠢᠯᠢᠳᠡᠭ ᠴᠠᠭᠳᠠᠭ᠎ᠠ   ᠶᠢ ᠬᠦᠳᠡᠯᠬᠡᠬᠦ ᠵᠠᠮ ᠱᠤᠭᠤᠮ ᠢ ᠵᠠᠭᠠᠭᠯᠠᠨ ᠲᠣᠭᠲᠠᠭᠠᠵᠤ ᠂ 1 ᠮᠢᠨᠦ᠋ᠲ᠂ 3 ᠮᠢᠨᠦ᠋ᠲ᠂ 5 ᠮᠢᠨᠦ᠋ᠲ ᠤᠨ ᠳᠣᠲᠣᠷ᠎ᠠ ᠴᠠᠭᠳᠠᠭ᠎ᠠ ᠶᠢ ᠬᠦᠳᠡᠯᠬᠡᠬᠦ ᠣᠷᠣᠨ ᠵᠢᠴᠢ ᠭᠠᠵᠠᠷ ᠲᠤ ᠬᠦᠷᠬᠦ ᠶᠢ ᠴᠢᠩᠭ᠎ᠠ ᠵᠠᠭᠠᠭᠯᠠᠨ ᠲᠣᠭᠲᠠᠭᠠᠵᠤ᠂ ᠡᠯ᠎ᠡ ᠲᠥᠷᠥᠯ ᠤᠨ ᠬᠡᠷᠡᠭ ᠢ ᠴᠠᠭ ᠲᠤᠬᠠᠢ ᠳᠤᠨᠢ᠂ ᠪᠦᠲᠦᠮᠵᠢᠲᠡᠶ᠂ ᠵᠢᠷᠤᠮᠵᠢᠯ ᠲᠠᠢ ᠰᠢᠢᠳᠪᠦᠷᠢᠯᠡᠵᠦ᠂ ︽1᠂ 3᠂ 5︾ ᠮᠢᠨᠦ᠋ᠲ ᠤᠨ ᠴᠠᠭᠳᠠᠭ᠎ᠠ ᠶᠢ ᠬᠦᠳᠡᠯᠬᠡᠬᠦ ᠬᠦᠷᠢᠶ᠎ᠡ ᠬᠡᠪᠴᠢᠶ᠎ᠡ ᠶᠢ ᠬᠦᠴᠦᠯᠡᠨ ᠪᠠᠶᠢᠭᠤᠯᠵᠤ᠂ ᠴᠠᠭᠳᠠᠭ᠎ᠠ   ᠶᠢ ᠬᠦᠳᠡᠯᠬᠡᠬᠦ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠶᠢ ᠵᠢᠭᠠᠵᠤ ᠪᠠᠶᠢᠨ᠎ᠠ᠃       11. ︽ᠬᠤᠶᠠᠷ ᠢ ᠪᠤᠯᠢᠶᠠᠭᠰᠠᠨ︾ ᠬᠡᠷᠡᠭ᠄  ᠪᠤᠯᠢᠶᠠᠵᠦ ᠳᠡᠭᠡᠷᠡᠮᠳᠡᠭᠰᠡᠨ ᠬᠡᠷᠡᠭ ᠢ ᠵᠢᠭᠠᠵᠤ ᠪᠠᠶᠢᠨ᠎ᠠ᠃       12. ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠄ ᠠᠷᠠᠳ ᠢᠷᠭᠡᠳ ᠤᠨ ᠳᠤᠮᠳᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠳᠣᠯᠣᠳᠤᠭᠠᠷ ᠲᠠᠪᠤᠨ ᠵᠢᠯ ᠤᠨ ᠲᠥᠯᠦᠪᠵᠢᠭᠦᠯᠭᠡ ︵2016— 2020 ᠣᠨ︶ ᠶᠢ ᠵᠢᠭᠠᠵᠤ ᠪᠠᠶᠢᠨ᠎ᠠ᠂ ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠪᠦᠬᠦ ᠠᠷᠠᠳ ᠢᠶᠠᠷ ᠢᠶᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠢ ᠰᠠᠬᠢᠬᠤ ᠪᠣᠯ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠤᠷᠲᠤ ᠬᠤᠭᠤᠴᠠᠭᠠᠨ ᠤ ᠦᠨᠳᠦᠰᠦᠨ ᠴᠢᠨᠠᠷᠲᠠᠢ ᠠᠵᠢᠯ ᠮᠥᠨ᠃       13. ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾᠄ ᠡᠨᠡ ᠨᠢ ᠬᠢᠩᠭᠠᠨ ᠤ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠶᠢ ᠡᠭᠦᠳᠦᠨ ᠬᠥᠭᠵᠢᠭᠦᠯᠦᠭᠰᠡᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠵᠢᠭᠠᠵᠤ ᠪᠣᠶ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠢ ᠬᠠᠮᠠᠭᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠠᠮᠤᠷ ᠢ ᠬᠠᠮᠠᠭᠠᠯᠠᠭᠴᠢ᠂ ᠲᠤᠤᠷᠵᠢᠭᠤᠯᠤᠭᠴᠢ᠂ ᠲᠦᠷᠭᠡᠨ ᠬᠦᠷᠭᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠠᠮᠤᠷ ᠲᠦᠪᠰᠢᠨ ᠤ ᠰᠠᠶᠢᠨ ᠲᠤᠷᠠᠴᠤᠤᠯ ᠵᠡᠷᠭᠡ ᠣᠯᠠᠨ ᠲᠦᠮᠡᠨ ᠤ ᠠᠮᠤᠷ ᠢ ᠬᠠᠮᠠᠭᠠᠯᠠᠬᠤ ᠬᠦᠴᠦᠨ ᠤ ᠵᠣᠬᠢᠶᠠᠨ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ᠂ ᠶᠡᠭᠡ ᠬᠡᠪᠴᠢᠶᠡᠨ ᠤ᠂ ᠠᠵᠢᠯ ᠲᠥᠷᠥᠯ ᠠᠯᠤᠰᠯᠠᠭᠰᠠᠨ ᠣᠯᠠᠨ ᠲᠦᠮᠡᠨ ᠤ ᠰᠡᠷᠭᠡᠶᠢᠯᠡᠨ ᠵᠠᠰᠠᠬᠤ ᠵᠣᠬᠢᠶᠠᠨ ᠪᠠᠶᠢᠭᠤᠯᠤᠯᠲᠠ  ᠶᠢᠨ ᠨᠢᠬᠡᠳᠦᠯ᠃       14. ᠨᠤᠭᠤ ᠭᠠᠵᠠᠷ ᠤᠨ ᠪᠠᠩᠬᠢ᠄ ︽ᠨᠤᠭᠤ ᠭᠠᠵᠠᠷ ᠤᠨ ᠪᠠᠩᠬᠢ︾ ᠪᠣᠯ ᠨᠤᠭᠤ ᠭᠠᠵᠠᠷ ᠤᠨ ᠪᠡᠯᠡᠳᠬᠡᠯ ᠡᠬᠢ ᠪᠠᠶᠠᠯᠢᠭ ᠢ ᠪᠦᠷᠢᠳᠬᠡᠬᠦ᠂ ᠳᠠᠩᠰᠠᠯᠠᠬᠤ ᠵᠢᠴᠢ ᠨᠤᠭᠤ ᠭᠠᠵᠠᠷ ᠤᠨ ᠡᠵᠡᠯᠡᠬᠦ ᠨᠦᠬᠦᠪᠤᠷᠢ ᠶᠢ ᠲᠡᠩᠴᠡᠭᠦᠯᠬᠦ ᠭᠦᠢᠴᠡᠳᠬᠡᠯ ᠲᠤᠭ᠎ᠠ ᠶᠢ ᠲᠣᠭᠠᠴᠠᠭ᠎ᠠ ᠬᠢᠬᠦ᠂ ᠠᠷᠠᠯᠵᠢᠶᠠᠯᠠᠬᠤ ᠲᠠᠪᠴᠠᠩ ᠪᠣᠯᠣᠨ᠎ᠠ᠃       15. ᠠᠮᠢ ᠠᠬᠤᠢ ᠶᠢᠨ ᠪᠠᠩᠬᠢ᠄ ᠡᠭᠦᠨ ᠢ ᠵᠠᠰᠠᠭ ᠤᠨ ᠣᠷᠳᠣᠨ ᠠᠴᠠ ᠰᠡᠳᠦᠵᠦ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠶ ᠰᠢᠭᠤᠢ ᠶᠢᠨ ᠠᠵᠤ ᠠᠬᠤᠶᠢᠯᠠᠯ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠣᠷᠣᠯᠴᠠᠭᠰᠠᠨ ᠪᠣᠳᠠᠲᠤ ᠴᠣᠭᠴᠠ ᠶᠢᠨ ᠴᠢᠨᠠᠷᠲᠠᠢ ᠪᠠᠩᠬᠢ —— ᠷᠠᠰᠢᠶᠠᠨ ᠤ ᠠᠮᠢ ᠠᠬᠤᠢ ᠶᠢᠨ ᠪᠠᠩᠬᠢ ᠶᠢ ᠪᠠᠶᠢᠭᠤᠯᠵᠤ᠂ ᠬᠤᠳᠠ ᠶᠢᠨ ᠬᠡᠪᠴᠢᠶᠡᠨ ᠳᠣᠲᠣᠷᠠᠬᠢ ᠠᠭᠤᠯᠠ ᠤᠰᠤ᠂ ᠤᠢ ᠮᠤᠳᠤ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠳᠤᠭ ᠪᠡᠯᠴᠢᠭᠡᠷ᠂ ᠨᠤᠭᠤ ᠭᠠᠵᠠᠷ ᠪᠣᠯᠣᠨ ᠬᠠᠮᠲᠤ ᠶᠢᠨ ᠬᠡᠷᠡᠭᠯᠡᠬᠦ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ᠂ ᠨᠡᠭᠡᠭᠡᠨ ᠠᠰᠢᠭᠯᠠᠵᠤ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ᠂ ᠠᠷᠠᠳ ᠤᠨ ᠣᠷᠣᠨ ᠰᠠᠭᠤᠴᠠ᠂ ᠦᠯᠡᠳᠡᠭᠳᠡᠯ ᠵᠡᠷᠭᠡ ᠰᠣᠶᠣᠯ ᠤᠨ ᠡᠬᠢ ᠪᠠᠶᠠᠯᠢᠭ ᠵᠢᠴᠢ ᠪᠣᠳᠠᠰ ᠤᠨ ᠪᠤᠰᠤ ᠰᠣᠶᠣᠯ ᠤᠨ ᠡᠬᠢ ᠪᠠᠶᠠᠯᠢᠭ᠂ ᠪᠣᠬᠢᠷᠳᠤᠯ ᠦᠭᠡᠢ ᠬᠥᠭᠵᠢᠯᠲᠡ ᠯᠦᠭᠡ ᠬᠤᠯᠪᠣᠭᠳᠠᠬᠤ ᠬᠦᠷᠢᠶᠡᠨ ᠤ ᠡᠬᠢ ᠪᠠᠶᠠᠯᠢᠭ ᠢ ᠠᠮᠢ ᠠᠬᠤᠢ ᠶᠢᠨ ᠪᠠᠩᠬᠢ ᠳᠤ ᠰᠢᠯᠵᠢᠭᠦᠯᠦᠨ ᠣᠷᠣᠭᠤᠯᠤᠨ᠎ᠠ᠃ ᠠᠮᠢ ᠠᠬᠤᠢ ᠶᠢᠨ ᠪᠠᠩᠬᠢ ᠠᠴᠠ ᠡᠬᠢ ᠪᠠᠶᠠᠯᠢᠭ᠂ ᠡᠳ᠋ ᠬᠥᠷᠥᠩᠭᠡ ᠶᠢ ᠡᠮᠬᠢᠯᠡᠨ ᠳᠡᠭᠡᠭᠰᠢᠯᠡᠭᠦᠯᠵᠦ᠂ ᠨᠢᠭᠡ ᠪᠦᠯᠦᠭ ᠲᠥᠷᠥᠯ ᠵᠦᠢᠯ ᠤᠨ ᠡᠬᠢ ᠪᠠᠶᠠᠯᠢᠭ ᠤᠨ ᠳᠠᠭᠠᠭᠠᠴᠢᠯᠠᠯᠲᠠ ᠶᠢ ᠪᠣᠶ ᠪᠣᠯᠭᠠᠵᠤ᠂ ᠳᠠᠷᠠᠭ᠎ᠠ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠨᠡᠭᠡᠭᠡᠨ ᠬᠥᠭᠵᠢᠭᠦᠯᠬᠦ ᠪᠠ ᠡᠵᠡᠩᠨᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃       16. ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠬᠦ ᠠᠵᠢᠯ ᠣᠯᠭᠤᠬᠤ ᠦᠢᠯᠡᠳᠬᠡᠯ ᠤᠨ ᠭᠠᠵᠠᠷ᠄ ᠠᠵᠢᠯ ᠣᠯᠭᠤᠯᠲᠠ ᠶᠢ ᠳᠠᠶᠢᠴᠢᠯᠠᠬᠤ ᠳᠤ ᠲᠣᠬᠢᠷᠠᠮᠵᠢᠲᠠᠢ᠂ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠢ ᠰᠣᠩᠭᠤᠵᠤ᠂ ᠲᠥᠷᠥᠯ ᠵᠦᠢᠯ ᠤᠨ ᠣᠨᠴᠠᠯᠢᠭ ᠪᠠ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠬᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ ᠲᠤᠰᠠᠯᠠᠨ ᠪᠠᠶᠢᠭᠤᠯᠬᠤ᠂ ᠬᠠᠮᠲᠤᠷᠠᠨ ᠬᠠᠮᠲᠤ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠤᠬᠠᠢ ᠶᠢᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠦᠬᠦᠭᠡᠷᠦᠮᠵᠢ᠂ ᠤᠯᠠᠮᠵᠢᠯᠠᠯᠲᠤ ᠭᠠᠷ ᠤᠷᠠᠯᠠᠯ ᠤᠨ ᠤᠯᠠᠮᠵᠢᠯᠠᠨ ᠰᠤᠷᠬᠤ ᠭᠠᠵᠠᠷ᠂ ᠰᠤᠯᠠ ᠪᠠᠶᠢᠬᠤ ᠭᠠᠵᠠᠷ ᠲᠠᠯᠠᠪᠤᠷ ᠪᠤᠶᠤ ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠶᠢ ᠠᠰᠢᠭᠯᠠᠨ ᠥᠭᠡᠷᠡᠴᠢᠯᠡᠬᠦ ᠪᠤᠶᠤ ᠰᠢᠨ᠎ᠡ ᠪᠠᠷ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠵᠦ ᠠᠵᠢᠯ ᠣᠯᠭᠤᠬᠤ ᠦᠢᠯᠡᠳᠬᠡᠯ ᠤᠨ ᠭᠠᠵᠠᠷ ᠢ ᠪᠠᠶᠢᠭᠤᠯᠵᠤ᠂ ᠬᠠᠷᠢᠴᠠᠩᠭᠤᠢ ᠪᠠᠷ ᠲᠥᠪᠯᠡᠷᠡᠭᠰᠡᠨ ᠨᠢᠭᠡ ᠪᠤᠶᠤ ᠬᠡᠳᠦᠨ ᠤᠯᠠᠮᠵᠢᠯᠠᠯᠲᠤ ᠭᠠᠷ ᠤᠷᠠᠯᠠᠯ ᠤᠨ ᠦᠢᠯᠡᠳᠪᠦᠷᠢᠯᠡᠯ ᠤᠨ ᠪᠤᠯᠪᠠᠰᠤᠷᠠᠯ ᠪᠠ ᠰᠣᠯᠢᠯᠴᠠᠨ ᠳᠡᠯᠭᠡᠨ ᠦᠵᠡᠭᠦᠯᠬᠦ ᠣᠷᠣᠨ ᠵᠠᠢ ᠶᠢ ᠪᠣᠶ ᠪᠣᠯᠭᠠᠨ᠎ᠠ᠃       17. ᠵᠡᠭᠡᠯᠢ ᠶᠢᠨ ᠳᠠᠷᠤᠭ᠎ᠠ ᠶᠢᠨ ᠳᠦᠷᠢᠮ᠄ ᠬᠠᠷᠢᠭᠤᠴᠠᠵᠤ ᠪᠠᠶᠢᠭ᠎ᠠ ᠵᠠᠮ ᠤᠨ ᠬᠡᠰᠡᠭ ᠤᠨ ᠭᠤᠣᠯ ᠬᠢᠨᠠᠨ ᠬᠠᠮᠢᠶᠠᠷᠤᠭᠴᠢ ᠨᠢ ᠬᠠᠷᠢᠭᠤᠴᠠᠯᠭᠠᠲᠤ ᠵᠠᠮ ᠤᠨ ᠬᠡᠰᠡᠭ ᠤᠨ ᠡᠳᠦᠷ ᠲᠤᠲᠤᠮ ᠤᠨ ᠱᠠᠯᠠᠪᠳᠠᠭᠤᠯᠤᠨ ᠪᠠᠶᠢᠴᠠᠭᠠᠬᠤ ᠪᠠ ᠬᠠᠮᠢᠶ᠎ᠠ ᠪᠦᠬᠦᠢ ᠠᠰᠠᠭᠤᠳᠠᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠎ᠡ᠃ ᠡᠯ᠎ᠡ ︽ᠵᠡᠭᠡᠯᠢ ᠶᠢᠨ ᠳᠠᠷᠤᠭ᠎ᠠ︾ ᠨᠢ ᠡᠳᠦᠷ ᠪᠦᠷᠢ ᠬᠠᠷᠢᠭᠤᠴᠠᠯᠭᠠᠲᠤ ᠵᠠᠮ ᠤᠨ ᠬᠡᠰᠡᠭ ᠲᠤ ᠲᠠᠰᠤᠷᠠᠯᠲᠠ ᠦᠭᠡᠢ ᠬᠢᠨᠠᠨ ᠵᠢᠯᠤᠭᠤᠳᠴᠤ᠂ ᠵᠠᠮ ᠵᠢᠴᠢ ᠬᠤᠲᠠ ᠶᠢᠨ ᠶᠠᠪᠤᠳᠠᠯ ᠤᠨ  ᠲᠦᠬᠦᠭᠡᠷᠦᠮᠵᠢ ᠶᠢ ᠡᠪᠳᠡᠬᠦ᠂ ᠨᠣᠭᠤᠭᠠᠷᠠᠭᠤᠯᠤᠯᠲᠠ ᠶᠢ ᠡᠪᠳᠡᠬᠦ᠂ ᠬᠤᠲᠠ ᠶᠢᠨ ᠦᠵᠡᠮᠵᠢ ᠶᠢᠨ ᠡᠮᠬᠢ ᠳᠢᠭᠯᠢᠮ ᠢ ᠰᠠᠮᠠᠭᠤᠷᠠᠭᠤᠯᠬᠤ᠂ ᠬᠤᠲᠠ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠵᠡᠷᠭᠡ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠣᠯᠵᠤ ᠮᠡᠳᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ︔ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠶᠢ ᠵᠣᠬᠢᠴᠠᠭᠤᠯᠤᠨ ᠱᠠᠯᠠᠪᠳᠠᠭᠤᠯᠵᠤ ᠪᠠᠶᠢᠭᠠᠳ ᠴᠡᠭᠴᠡᠯᠡᠨ ᠵᠠᠰᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃       18. ︽ᠳᠥᠷᠪᠡ ᠶᠢ ᠲᠠᠶᠠᠬᠳᠠᠬᠤ ᠦᠭᠡᠢ︾ ᠭᠡᠳᠡᠭ ᠨᠢ ᠶᠠᠳᠠᠭᠤ ᠮᠠᠯᠠᠭᠠᠢ ᠶᠢ ᠨᠢ ᠠᠪᠴᠤ ᠬᠠᠶᠠᠬᠰᠠᠨ ᠪᠤᠯᠪᠠᠴᠦ ᠬᠠᠷᠢᠭᠤᠴᠠᠯᠭ᠎ᠠ ᠪᠠᠨ ᠲᠠᠶᠠᠬᠳᠠᠬᠤ ᠦᠭᠡᠢ᠂ ᠶᠠᠳᠠᠭᠤ ᠮᠠᠯᠠᠭᠠᠢ ᠶᠢ ᠨᠢ ᠠᠪᠴᠤ ᠬᠠᠶᠠᠬᠰᠠᠨ ᠪᠤᠯᠪᠠᠴᠦ ᠲᠥᠷᠥ ᠶᠢᠨ ᠪᠣᠳᠣᠯᠭ᠎ᠠ ᠶᠢ ᠲᠠᠶᠠᠬᠳᠠᠬᠤ ᠦᠭᠡᠢ᠂ ᠶᠠᠳᠠᠭᠤ ᠮᠠᠯᠠᠭᠠᠢ ᠶᠢ ᠨᠢ ᠠᠪᠴᠤ ᠬᠠᠶᠠᠬᠰᠠᠨ ᠪᠤᠯᠪᠠᠴᠦ ᠬᠠᠪᠰᠤᠷᠤᠨ ᠲᠡᠳᠬᠦᠬᠦ   ᠪᠠᠨ ᠲᠠᠶᠠᠬᠳᠠᠬᠤ ᠦᠭᠡᠢ᠂ ᠶᠠᠳᠠᠭᠤ ᠮᠠᠯᠠᠭᠠᠢ ᠶᠢ ᠨᠢ ᠠᠪᠴᠤ ᠬᠠᠶᠠᠬᠰᠠᠨ ᠪᠤᠯᠪᠠᠴᠦ ᠬᠢᠨᠠᠯᠲᠠ ᠬᠠᠮᠢᠶᠠᠷᠤᠯᠲᠠ ᠪᠠᠨ ᠲᠠᠶᠠᠬᠳᠠᠬᠤ ᠦᠭᠡᠢ ᠪᠠᠶᠢᠬᠤ ᠶᠢ ᠬᠡᠯᠡᠵᠦ ᠪᠠᠶᠢᠨ᠎ᠠ᠃       19.  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠠᠭᠤ ᠮᠢᠩᠭ᠎ᠠ ᠲᠦᠮᠡ︾ ᠶᠢᠨ ᠵᠢᠱᠢᠶ᠎ᠡ ᠦᠵᠡᠭᠦᠯᠬᠦ ᠢᠨᠵᠧᠨᠧᠷᠢᠩ᠄ 2021 ︱ 2023 ᠣᠨ ᠳᠠᠬᠢ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠵᠤ᠂ ︽ᠵᠠᠭᠤ ᠮᠢᠩᠭ᠎ᠠ ᠲᠦᠮᠡ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠠᠶᠢᠮᠠᠭ ᠤᠨ 15 ᠰᠤᠮᠤ ᠰᠢᠶᠠᠩ ᠪᠠᠯᠭᠠᠰᠤ ᠳᠤ 100 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ 1000 ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠡᠷᠦᠬᠡ᠂ 10000 ᠦᠵᠡᠰᠬᠦᠯᠡᠩᠲᠦ ᠰᠠᠶᠢᠬᠠᠨ ᠭᠡᠷ ᠣᠷᠣᠨ ᠤ ᠵᠢᠱᠢᠶ᠎ᠡ ᠦᠵᠡᠭᠦᠯᠬᠦ ᠡᠷᠦᠬᠡ ᠶᠢ ᠭᠤᠣᠯᠳᠠᠯᠭ᠎ᠠ ᠲᠠᠢ ᠪᠣᠶ ᠪᠣᠯᠭᠠᠵᠤ᠂ ᠴᠡᠭ ᠢ ᠥᠷᠭᠡᠳᠬᠡᠬᠦ᠂ ᠱᠤᠭᠤᠮ ᠢ ᠬᠤᠯᠪᠣᠯᠳᠤᠭᠤᠯᠬᠤ᠂ ᠪᠥᠬᠦ ᠲᠠᠯ᠎ᠠ ᠶᠢ ᠪᠠᠶᠢᠷᠢᠰᠢᠭᠤᠯᠬᠤ ᠶᠢ ᠪᠡᠶᠡᠯᠡᠭᠦᠯᠦᠨ᠂ ᠨᠢᠭᠡ ᠵᠤᠷᠪᠤᠰ ᠲᠥᠪᠯᠡᠷᠡᠨ ᠵᠠᠯᠭᠠᠯᠳᠤᠭᠰᠠᠨ᠂ ᠴᠡᠭ ᠱᠤᠭᠤᠮ ᠢ ᠤᠶᠠᠯᠳᠤᠭᠤᠯᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠶᠢ ᠪᠣᠶ ᠪᠣᠯᠭᠠᠨ᠎ᠠ᠃       20. ︽ᠬᠥᠳᠡᠭᠡ ᠲᠣᠰᠬᠤᠨ ᠤ ᠳᠥᠷᠪᠡᠨ ᠰᠠᠶᠢᠳᠠᠢ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠥᠮᠥᠨ ᠢᠶᠠᠷ ᠦᠨᠳᠦᠰᠦ ᠪᠣᠯᠭᠠᠵᠤ᠂ ᠭᠠᠴᠠᠭ᠎ᠠ ᠪᠠᠯᠭᠠᠰᠤᠨ ᠤ ᠪᠠᠶᠢᠷᠢᠰᠢᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠪᠠ ᠥᠷᠭᠡᠨ ᠤᠯᠠᠨ ᠲᠠᠷᠢᠶᠠᠴᠢᠳ ᠤᠨ ᠠᠮᠤᠷ ᠲᠦᠪᠰᠢᠨ ᠳᠥᠭᠦᠮ ᠳᠥᠲᠡ ᠶᠠᠪᠤᠵᠤ ᠰᠠᠭᠤᠬᠤ ᠲᠠᠢ ᠵᠣᠬᠢᠴᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠵᠦ᠂ ᠬᠥᠳᠡᠭᠡ ᠲᠣᠰᠬᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠰᠠᠭᠠᠳ ᠢ ᠠᠯᠬᠤᠮ ᠠᠯᠬᠤᠮ ᠢᠶᠠᠷ ᠠᠷᠢᠯᠭᠠᠵᠤ᠂ ᠥᠷᠭᠡᠨ ᠤᠯᠠᠨ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠤ ᠨᠡᠩ ᠰᠠᠶᠢᠨ ᠪᠠᠲᠤᠯᠠᠭ᠎ᠠ ᠬᠠᠩᠭᠠᠬᠤ ᠶᠢ ᠱᠠᠭᠠᠷᠳᠠᠨ᠎ᠠ᠃       21. ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠄ ᠡᠨᠡ ᠨᠢ ᠲᠠᠷᠢᠶᠠᠨ ᠭᠠᠵᠠᠷ ᠳᠡᠭᠡᠷ᠎ᠡ ᠲᠠᠷᠢᠶᠠᠯᠠᠩ ᠤᠨ ᠪᠤᠰᠤ ᠠᠵᠢᠯᠯᠠᠭ᠎ᠠ ᠬᠢᠵᠦ ᠦᠯᠦ ᠪᠣᠯᠬᠤ ᠶᠢ ᠵᠢᠭᠠᠵᠤ ᠪᠠᠶᠢᠨ᠎ᠠ᠃       22. ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠄ ᠡᠨᠡ ᠨᠢ ᠲᠠᠷᠢᠶᠠᠨ ᠭᠠᠵᠠᠷ ᠢ ᠠᠰᠢᠭᠯᠠᠨ ᠠᠮᠤ ᠪᠤᠳᠠᠭ᠎ᠠ ᠲᠠᠷᠢᠬᠤ ᠠᠴᠠ ᠪᠤᠰᠤᠳ ᠠᠵᠢᠯ ᠢ ᠬᠢᠵᠦ ᠪᠣᠯᠬᠤ ᠦᠭᠡᠢ ᠭᠡᠳᠡᠭ ᠢ ᠵᠢᠭᠠᠵᠤ ᠪᠠᠶᠢᠨ᠎ᠠ᠃       23᠂ ᠭᠤᠷᠪᠠᠨ ᠱᠤᠭᠤᠮ ᠨᠢᠭᠡ ᠬᠠᠭᠤᠳᠠᠰᠤ᠄ ᠡᠨᠡ ᠨᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠢ ᠬᠠᠭᠤᠳᠠᠰᠤ ᠶᠢ ᠵᠢᠭᠠᠵᠤ ᠪᠠᠶᠢᠨ᠎ᠠ᠂ ᠡᠨᠡ ᠪᠣᠯ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠣᠷᠴᠢᠨ ᠠᠬᠤᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠳᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠨᠢᠭᠡ ᠵᠦᠢᠯ ᠤᠨ ᠴᠢᠬᠤᠯᠠ ᠠᠵᠢᠯ ᠮᠥᠨ᠃       24. ᠭᠤᠷᠪᠠᠨ ᠣᠷᠣᠨ ᠭᠤᠷᠪᠠᠨ ᠱᠣᠭᠤᠮ᠄ ︽ᠭᠤᠷᠪᠠᠨ ᠣᠷᠣᠨ︾ ᠭᠡᠳᠡᠭ ᠪᠣᠯ ᠬᠤᠳᠠ ᠪᠠᠯᠭᠠᠰᠤᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠲᠦᠷᠦᠯ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠡᠯᠡᠵᠦ ᠪᠠᠶᠢᠨ᠎ᠠ᠃ ᠡᠭᠦᠨ ᠳᠤ᠂ ᠬᠤᠲᠠ ᠪᠠᠯᠭᠠᠰᠤ ᠶᠢᠨ ᠣᠷᠣᠨ ᠵᠠᠢ ᠭᠡᠳᠡᠭ ᠨᠢ ᠬᠤᠲᠠ ᠪᠠᠯᠭᠠᠰᠤ ᠶᠢᠨ ᠠᠵᠤ ᠠᠬᠤᠢ᠂ ᠨᠡᠶᠢᠭᠡᠮ᠂ ᠤᠯᠤᠰ ᠲᠥᠷᠥ᠂ ᠰᠣᠶᠣᠯ᠂ ᠠᠮᠢ ᠠᠬᠤᠢ ᠵᠡᠷᠭᠡ ᠬᠦᠴᠦᠨ ᠵᠦᠢᠯ ᠢ ᠠᠴᠢᠶᠠᠯᠠᠬᠤ ᠪᠠᠷ ᠭᠤᠣᠯ ᠪᠣᠯᠭᠠᠭᠰᠠᠨ ᠴᠢᠳᠠᠮᠵᠢ ᠶᠢᠨ ᠣᠷᠣᠨ ᠵᠠᠢ ᠶᠢ ᠵᠢᠭᠠᠵᠤ ᠪᠣᠶ︔ ᠲᠠᠷᠢᠶᠠᠯᠠᠩ ᠤᠨ ᠣᠷᠣᠨ ᠵᠠᠢ ᠭᠡᠳᠡᠭ ᠨᠢ ᠲᠠᠷᠢᠶᠠᠯᠠᠩ ᠤᠨ ᠦᠢᠯᠡᠳᠪᠦᠷᠢᠯᠡᠯ᠂ ᠬᠥᠳᠡᠭᠡ ᠲᠣᠰᠬᠤᠨ ᠤ ᠠᠮᠢᠳᠤᠷᠠᠯ ᠢᠶᠠᠷ ᠭᠤᠣᠯ ᠪᠣᠯᠭᠠᠭᠰᠠᠨ ᠴᠢᠳᠠᠮᠵᠢ ᠶᠢᠨ ᠣᠷᠣᠨ ᠵᠠᠢ ᠶᠢ ᠵᠢᠭᠠᠵᠤ ᠪᠠᠶᠢᠨ᠎ᠠ︔ ᠠᠮᠢ ᠠᠬᠤᠢ ᠶᠢᠨ ᠣᠷᠣᠨ ᠵᠠᠢ ᠭᠡᠳᠡᠭ ᠨᠢ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡ ᠪᠤᠶᠤ ᠠᠮᠢ ᠠᠬᠤᠢ ᠶᠢᠨ ᠪᠦᠲᠦᠭᠡᠭᠳᠡᠬᠦᠨ ᠢ ᠬᠠᠩᠭᠠᠬᠤ ᠪᠠᠷ ᠭᠤᠣᠯ ᠪᠣᠯᠭᠠᠭᠰᠠᠨ ᠴᠢᠳᠠᠮᠵᠢ ᠶᠢᠨ ᠣᠷᠣᠨ ᠵᠠᠢ ᠶᠢ ᠵᠢᠭᠠᠵᠤ ᠪᠠᠶᠢᠨ᠎ᠠ᠃ ︽ᠭᠤᠷᠪᠠᠨ ᠱᠤᠭᠤᠮ︾ ᠭᠡᠳᠡᠭ ᠨᠢ ᠲᠣᠰ ᠲᠣᠰ ᠬᠤᠲᠠ ᠪᠠᠯᠭᠠᠰᠤᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠳᠤ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠪᠤᠯᠤᠨ᠎ᠠ᠃        25. ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠨᠢ ᠬᠦᠷᠬᠦ᠄ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠲᠡᠦᠬᠡᠨ ᠳᠡᠭᠡᠷᠡᠬᠢ ᠬᠠᠮᠤᠭ ᠤᠨ ᠥᠨᠳᠥᠷ ᠬᠡᠮᠵᠢᠭᠳᠡᠯ ᠳᠤ ᠬᠦᠷᠴᠦ᠂ ᠲᠠᠪᠴᠠᠩ ᠤᠨ ᠬᠤᠭᠤᠴᠠᠭ᠎ᠠ ᠶᠢ ᠥᠩᠭᠡᠷᠡᠭᠡᠭᠰᠡᠨ ᠤ ᠳᠠᠷᠠᠭ᠎ᠠ ᠦᠷᠭᠦᠯᠵᠢᠯᠡᠨ ᠪᠠᠭᠤᠷᠠᠬᠤ ᠶᠠᠪᠤᠴᠠ ᠶᠢ ᠵᠢᠭᠠᠵᠤ ᠪᠣᠶ᠂ ᠡᠨᠡ ᠪᠣᠯ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠡᠮᠡᠭᠳᠡᠵᠦ ᠪᠠᠶᠢᠭᠰᠠᠨ ᠠᠴᠠ ᠪᠠᠨ ᠪᠠᠭᠤᠷᠠᠬᠤ ᠲᠡᠦᠬᠡᠨ ᠡᠷᠭᠢᠯᠲᠡ ᠶᠢᠨ ᠴᠡᠭ ᠮᠥᠨ᠃       26. ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠄ ᠡᠨᠡ ᠨᠢ ᠠᠵᠤ ᠠᠬᠤᠶᠢᠯᠠᠯ᠂ ᠪᠦᠯᠬᠦᠮ ᠪᠤᠶᠤ ᠬᠤᠪᠢ ᠬᠥᠮᠥᠨ ᠵᠣᠬᠢᠬᠤ ᠬᠤᠭᠤᠴᠠᠭᠠᠨ ᠳᠣᠲᠣᠷ᠎ᠠ ᠰᠢᠭᠤᠳ ᠪᠤᠶᠤ ᠳᠠᠮ ᠢᠶᠠᠷ ᠪᠤᠢ ᠪᠣᠯᠤᠭᠰᠠᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠲᠥᠰᠥᠭᠡᠯᠡᠨ ᠪᠤᠳᠤᠵᠤ᠂ ᠲᠠᠷᠠᠭ᠎ᠠ ᠨᠢ ᠮᠣᠳᠣ ᠲᠠᠷᠢᠵᠤ ᠣᠶᠢᠵᠢᠭᠤᠯᠬᠤ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠪᠡᠷ ᠤᠨ ᠪᠡᠶ᠎ᠡ ᠠᠴᠠ ᠪᠠᠨ ᠪᠤᠢ ᠪᠣᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ︽ᠦᠯᠦ ᠭᠠᠳᠠᠭᠰᠢᠯᠠᠭᠤᠯᠬᠤ︾ ᠶᠢ ᠪᠡᠶᠡᠯᠡᠭᠦᠯᠬᠦ ᠶᠢ ᠵᠢᠭᠠᠵᠤ ᠪᠠᠶᠢᠨ᠎ᠠ᠃       27. ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ᠄ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠷᠴᠢᠮ ᠤᠨ ᠬᠤᠣᠰ ᠡᠵᠡᠮᠳᠡᠯ ᠤᠨ ᠬᠡᠮᠵᠢᠶ᠎ᠡ ᠶᠢ ᠵᠢᠭᠠᠵᠤ ᠪᠠᠶᠢᠨ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ ᠣᠷᠣᠨ ᠢᠶᠠᠷ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠷᠴᠢᠮ ᠤᠨ ᠡᠵᠡᠮᠳᠡᠯ ᠤᠨ ᠬᠠᠷᠠᠯᠲᠠ ᠶᠢ ᠲᠣᠭᠲᠠᠭᠠᠵᠤ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠵᠢᠭᠠᠵᠤ ᠪᠠᠶᠢᠨ᠎ᠠ᠃       28. ᠬᠤᠶᠠᠷ ᠥᠨᠳᠥᠷ ᠲᠥᠷᠥᠯ ᠵᠦᠢᠯ᠄ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯ ᠶᠡᠬᠡᠲᠡᠢ ᠲᠥᠷᠥᠯ ᠵᠦᠢᠯ᠃        29. ᠲᠤᠮᠳᠠᠳᠤ ᠤᠯᠤᠰ ᠤᠨ ᠭᠤᠸᠠᠩ ᠾᠧ ︽ᠨᠡᠭᠦᠷᠡᠰᠦᠲᠥ᠋ᠷᠥᠭᠴᠢ ᠦᠭᠡᠢ ᠵᠢᠵᠢᠭ ᠪᠠᠯᠭᠠᠰᠤ︾ ᠶᠢᠨ ᠲᠥᠷᠥᠯ ᠵᠦᠢᠯ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠷᠠᠰᠢᠶᠠᠨ ᠬᠤᠲᠠ ᠶᠢᠨ ᠡᠨᠧᠷᠭᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂  ᠲᠤᠮᠳᠠᠳᠤ ᠤᠯᠤᠰ ᠤᠨ ᠭᠤᠸᠠᠩ ᠾᠧ ᠬᠢᠩᠭᠠᠨ ᠠᠶᠢᠮᠠᠭ ᠤᠨ 300 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠪᠠᠶᠠᠨ ᠴᠢᠨᠡᠭᠡᠯᠢᠭ ᠴᠠᠬᠢᠯᠭᠠᠨ ᠤ ᠬᠡᠮᠵᠢᠶ᠎ᠡ ᠳᠤ ᠲᠦᠰᠢᠭᠯᠡᠨ᠂ ᠲᠤᠰᠬᠠᠢ ᠲᠠᠯᠠᠪᠠᠶ ᠶᠢᠨ ᠨᠣᠭᠤᠭᠠᠨ ᠴᠠᠬᠢᠯᠭᠠᠨ ᠤ ᠠᠷᠠᠯᠵᠢᠶ᠎ᠠ ᠪᠠᠷ ᠳᠡᠮᠵᠢᠨ ᠵᠠᠭᠤᠨ ᠤ ᠵᠠᠭᠤ ᠪᠠᠷ ᠴᠡᠪᠡᠷ ᠢᠯᠴᠢ ᠬᠠᠩᠭᠠᠬᠤ ᠶᠢ ᠪᠡᠶᠡᠯᠡᠭᠦᠯᠵᠦ᠂ ᠴᠠᠬᠢᠯᠭᠠᠨ ᠢᠶᠠᠷ ᠢᠯᠴᠢ ᠬᠠᠩᠭᠠᠬᠤ ᠪᠠᠷ ᠨᠡᠭᠦᠷᠡᠰᠦ ᠪᠠᠷ ᠢᠯᠴᠢ ᠬᠠᠩᠭᠠᠬᠤ ᠶᠢ ᠤᠷᠤᠯᠠᠭᠤᠯᠵᠤ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠵᠡᠷᠭᠡ ᠲᠥᠷᠥᠯ ᠵᠦᠢᠯ ᠢᠶᠠᠷ ᠭᠠᠷᠳᠠᠴᠠ ᠪᠣᠯᠭᠠᠨ᠂ ᠪᠣᠬᠢᠷᠳᠤᠯ ᠦᠭᠡᠢ ᠢᠯᠴᠢ ᠬᠠᠩᠭᠠᠬᠤ᠂ ᠪᠣᠬᠢᠷᠳᠤᠯ ᠦᠭᠡᠢ ᠭᠡᠷᠡᠯᠲᠦᠭᠦᠯᠬᠦ᠂ ᠪᠣᠬᠢᠷᠳᠤᠯ ᠦᠭᠡᠢ ᠵᠠᠮ ᠬᠠᠷᠢᠯᠴᠠᠭ᠎ᠠ᠂ ᠪᠣᠬᠢᠷᠳᠤᠯ ᠦᠭᠡᠢ ᠪᠠᠷᠢᠯᠭ᠎ᠠ ᠶᠢ ᠣᠷᠣᠯᠠᠭᠤᠯᠬᠤ ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠵᠣᠷᠢᠯᠭ᠎ᠠ ᠳᠤ ᠬᠦᠷᠦᠭᠦᠯᠦᠨ᠎ᠡ        30. ︽ᠵᠠᠬᠢᠶᠠᠯᠠᠨ ᠦᠶᠯᠡᠳᠬᠦ + ᠤᠷᠢᠳᠴᠢᠯᠠᠨ ᠬᠤᠳᠠᠯᠳᠤᠭᠠᠴᠢᠨ ᠤᠷᠢᠬᠤ︾ ᠵᠠᠭᠪᠤᠷ᠄ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠᠯᠳᠤᠭᠠᠴᠢᠨ ᠤᠷᠢᠬᠤ ᠠᠵᠢᠯ ᠢ ᠵᠡᠷᠭᠡᠪᠡᠷ ᠶᠠᠪᠤᠭᠳᠠᠭᠤᠯᠵᠤ᠂ ᠳᠠᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ ᠰᠠᠨᠠᠮᠵᠢ ᠶᠢᠨ ᠡᠵᠡᠩᠨᠡᠯᠲᠡ ᠶᠢᠨ ᠠᠵᠤ ᠠᠬᠤᠶᠢᠯᠠᠯ ᠲᠠᠢ ᠤᠷᠢᠳᠴᠢᠯᠠᠨ ᠨᠡᠪᠲᠡᠷᠡᠯᠴᠡᠨ ᠵᠣᠬᠢᠴᠠᠭᠤᠯᠵᠤ᠂ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠤᠨ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠤᠨ ᠡᠵᠡᠩᠨᠡᠯᠲᠡ᠂ ᠮᠡᠷᠭᠡᠵᠢᠯ ᠤᠨ ᠱᠠᠭᠠᠷᠳᠠᠯᠭ᠎ᠠ ᠶᠢ ᠬᠠᠩᠭᠠᠵᠤ᠂ ᠲᠥᠷᠥᠯ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠭᠤᠳ ᠣᠷᠣᠵᠤ ᠰᠠᠭᠤᠬᠤ ᠶᠢ ᠦᠨᠡᠨ ᠬᠦ ᠪᠡᠶᠡᠯᠡᠭᠦᠯᠦᠨ᠎ᠡ᠃       31. ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠄ ᠡᠨᠡ ᠪᠣᠯ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ ᠪᠣᠯᠣᠨ᠎ᠠ᠂ ᠲᠤᠰ ᠠᠷᠭ᠎ᠠ ᠬᠡᠮᠵᠢᠶ᠎ᠡ ᠳᠤ ᠭᠤᠣᠯᠳᠠᠭᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠷᠡᠭᠵᠢᠭᠦᠯᠦᠨ᠎ᠡ︔᡽ᠲᠥᠪ ᠭᠤᠣᠯᠴᠢ ᠪᠠᠷ ᠬᠢᠨᠠᠨ ᠬᠠᠮᠢᠶᠠᠷᠴᠤ᠂ ᠭᠤᠣᠯᠴᠢ ᠪᠠᠷ ᠥᠷᠢᠰᠦᠯᠳᠦᠬᠦ ᠶᠢ ᠠᠬᠢᠭᠤᠯᠬᠤ︔ ᠥᠨᠳᠥᠷ ᠪᠦᠲᠦᠮᠵᠢᠲᠡᠶ ᠪᠠᠷ ᠦᠢᠯᠡᠴᠢᠯᠡᠵᠦ᠂ ᠳᠥᠭᠦᠮ ᠳᠥᠲᠡ ᠣᠷᠴᠢᠨ ᠲᠣᠭᠤᠷᠢᠨ ᠢ ᠪᠣᠶ ᠪᠣᠯᠭᠠᠨ᠎ᠠ᠃ ᠲᠡᠷᠡ  ᠨᠢ ᠠᠵᠤ ᠠᠬᠤᠶᠢᠯᠠᠯ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠭᠡᠷᠡᠴᠢ ᠮᠠᠲ᠋ᠧᠷᠢᠶᠠᠯ ᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠤᠯᠠᠮ ᠨᠢᠭᠡ ᠠᠯᠬᠤᠮ ᠲᠦᠭᠦᠮ ᠦᠵᠡᠭᠦᠯᠦᠨ᠎ᠡ᠃       32. ᠨᠢᠭᠡ ᠰᠦᠯᠵᠢᠶ᠎ᠡ ᠪᠠᠷ ᠭᠦᠢᠴᠡᠳᠭᠡᠬᠦ᠄ ︽ᠮᠦᠩᠭᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠵᠤ᠂ ᠪᠥᠬᠦ ᠣᠷᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠢᠭᠡ ᠴᠣᠭᠴᠠᠵᠢᠭᠤᠯᠤᠭᠰᠠᠨ ᠲᠠᠪᠴᠠᠩ ᠤᠨ ᠲᠠᠰ ᠳᠡᠪᠰᠢᠭᠰᠡᠨ ᠬᠡᠪᠯᠡᠯ ᠢ ᠪᠣᠶ ᠪᠣᠯᠭᠠᠬᠤ ᠪᠠᠷ ᠭᠤᠣᠯᠳᠠᠯᠭ᠎ᠠ ᠪᠣᠯᠭᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠦᠶᠯᠡᠳᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠵᠤ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ᠂ ᠶᠡᠷᠦᠩᠬᠡᠶᠢᠯᠡᠨ ᠬᠠᠮᠢᠶᠠᠷᠬᠤ ᠶᠢ ᠨᠢᠭᠡ ᠴᠣᠭᠴᠠᠵᠢᠭᠤᠯᠤᠭᠰᠠᠨ ︽ᠮᠦᠩᠭᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠭᠡᠬᠦ︾ ᠦᠢᠯᠡᠴᠢᠯᠡᠭᠡᠨ ᠤ ᠰᠢᠰᠲ᠋ᠧᠮ ᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠰᠦᠯᠵᠢᠶᠡᠨ ᠳᠡᠭᠡᠷ᠎ᠡ ᠭᠦᠢᠴᠡᠳᠬᠡᠬᠦ ᠳᠤ ᠲᠥᠬᠦᠮ ᠬᠢᠯᠪᠡᠷ ᠪᠠᠶᠢᠳᠠᠯ ᠢ ᠪᠡᠶᠡᠯᠡᠭᠦᠯᠦᠨ᠎ᠡ᠃       33.ᠠᠯᠠᠭᠠᠨ ᠳᠡᠭᠡᠷ᠎ᠡ ᠪᠠᠨ ᠭᠦᠢᠴᠡᠳᠬᠡᠬᠦ᠄ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠦᠨᠳᠦᠰᠦᠯᠡᠯ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠯᠪᠠᠨ ᠭᠡᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠮᠦᠩᠭᠡ ᠰᠤᠪᠠᠭ·᡻ ᠠᠯᠠᠭᠠᠨ ᠳᠡᠭᠡᠷ᠎ᠡ ᠪᠠᠨ ᠭᠦᠢᠴᠡᠳᠬᠡᠬᠦ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠪᠤᠶ ᠪᠣᠯᠭᠠᠵᠤ᠂ ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠴᠡ ᠪᠠᠷ᠂ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠭᠤᠣᠯ ᠠᠷᠭ᠎ᠠ ᠵᠠᠮ ᠪᠣᠯᠭᠠᠭᠰᠠᠨ᠂ ᠰᠢᠯᠵᠢᠮᠡᠯ ᠦᠵᠦᠭᠦᠷ ᠤᠨ ᠵᠢᠵᠢᠭ ᠫᠷᠣᠭ᠍ᠷᠠᠮ᠂ ᠣᠯᠠᠨ ᠨᠡᠶᠢᠲᠡ ᠶᠢᠨ ᠲᠠᠪᠴᠠᠩ ᠵᠡᠷᠭᠡ ᠣᠯᠠᠨ ᠠᠷᠭ᠎ᠠ ᠵᠠᠮ ᠢᠶᠠᠷ ᠵᠡᠷᠭᠡᠪᠡᠷ ᠣᠷᠣᠰᠢᠭᠰᠠᠨ ᠨᠢᠭᠡᠳᠦᠯᠲᠡᠢ ᠵᠢᠷᠤᠮᠵᠢᠭᠰᠠᠨ ︽ᠮᠦᠩᠭᠡ ᠰᠤᠪᠠᠭ·᡻ ᠠᠯᠠᠭᠠᠨ ᠳᠡᠭᠡᠷ᠎ᠡ ᠪᠠᠨ ᠭᠦᠢᠴᠡᠳᠬᠡᠬᠦ︾ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽ᠮᠦᠩᠭᠡ ᠰᠤᠪᠠᠭ·᡻ ᠠᠯᠠᠭᠠᠨ ᠳᠡᠭᠡᠷ᠎ᠡ ᠪᠠᠨ ᠭᠦᠢᠴᠡᠳᠬᠡᠬᠦ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠷᠠᠳ ᠣᠯᠠᠨ ᠤ ︽ᠰᠠᠶᠢᠬᠠᠨ ᠪᠥᠭᠡᠳ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠢ ᠬᠡᠷᠡᠭᠯᠡᠬᠦ ᠳᠤᠷᠠᠲᠠᠢ᠂ ᠦᠷᠭᠦᠯᠵᠢ ᠦᠵᠡᠵᠦ ᠪᠠᠶᠢᠩᠭᠤ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠤᠨ᠎ᠠ᠃       34. ᠨᠢᠭᠡᠯᠡ ᠤᠳᠠᠭ᠎ᠠ ᠳᠤ ᠭᠦᠢᠴᠡᠳᠬᠡᠬᠦ᠄ ᠡᠨᠡ ᠪᠣᠯ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠥᠪᠥᠷ ᠮᠣᠩᠭᠤᠯ ᠤᠨ  ᠪᠤᠳᠠᠳᠤ ᠪᠠᠶᠢᠳᠠᠯ ᠳᠤ ᠰᠠᠭᠤᠷᠢᠯᠠᠨ᠂ ︽ᠮᠦᠩᠭᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ ᠬᠡᠷᠡᠭᠵᠢᠭᠦᠯᠬᠦ ᠬᠤᠷᠠᠮᠠᠯ ᠴᠢᠨᠠᠷᠲᠠᠢ ᠥᠭᠡᠷᠡᠴᠢᠯᠡᠯᠲᠡ ᠮᠥᠨ᠂ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ︽ᠨᠢᠭᠡ ᠶᠠᠪᠤᠳᠠᠯ︾ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ︽ᠨᠢᠭᠡᠯᠡ ᠤᠳᠠᠭ᠎ᠠ ᠳᠤ ᠭᠦᠢᠴᠡᠳᠬᠡᠬᠦ︾ ᠶᠢ ᠨᠢᠭᠡᠳᠦᠯᠲᠡᠢ ᠲᠥᠯᠥᠪᠯᠡᠬᠦ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠮᠥᠨ᠃ ᠲᠡᠭᠦᠨ ᠤ ᠭᠤᠣᠯᠳᠠᠯᠭ᠎ᠠ ᠨᠢ ᠳᠠᠷᠤᠢ ᠣᠯᠠᠨ ᠰᠠᠯᠠᠭ᠎ᠠ ᠮᠥᠴᠢᠷ ᠤᠨ ᠰᠢᠢᠳᠪᠦᠷᠢᠯᠡᠵᠦ ᠪᠠᠶᠢᠭ᠎ᠠ ︽ᠭᠠᠭᠴᠠ ᠭᠠᠭᠴᠠ ᠤᠴᠢᠷ ᠶᠠᠪᠤᠳᠠᠯ︾ ᠢ ᠠᠵᠤ ᠠᠬᠤᠶᠢᠯᠠᠯ ᠤᠨ ᠣᠯᠠᠨ ᠲᠦᠮᠡᠨ ᠤ ᠬᠠᠷᠠᠭᠠᠨ ᠳᠠᠬᠢ ︽ᠨᠢᠭᠡ ᠶᠠᠪᠤᠳᠠᠯ︾ ᠪᠣᠯᠭᠠᠨ ᠲᠥᠪᠯᠡᠷᠡᠭᠦᠯᠵᠦ᠂ ︽ᠨᠢᠭᠡᠯᠡ ᠤᠳᠠᠭ᠎ᠠ ᠳᠤ ᠮᠡᠳᠡᠭᠳᠡᠬᠦ᠂ ᠨᠢᠭᠡᠯᠡ ᠤᠳᠠᠭ᠎ᠠ ᠳᠤ ᠬᠦᠰᠦᠨᠦᠭ ᠲᠠᠭᠯᠠᠬᠤ᠂ ᠨᠢᠭᠡᠯᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ᠂ ᠨᠢᠭᠡᠯᠡ ᠤᠳᠠᠭ᠎ᠠ ᠳᠤ ᠬᠠᠮᠲᠤᠷᠠᠨ ᠭᠦᠢᠴᠡᠳᠬᠡᠬᠦ᠂ ᠨᠢᠭᠡᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠨᠢᠭᠡᠯᠡ ᠴᠤᠩᠬᠤᠪᠴᠢ ᠪᠠᠷ ᠦᠨᠡᠮᠯᠡᠯ ᠣᠯᠭᠤᠬᠤ︾ ᠪᠢᠳᠡᠭᠦᠮᠵᠢᠯᠡᠭᠰᠡᠨ ᠬᠡᠯᠪᠡᠷ ᠪᠠᠷ ᠭᠦᠢᠴᠡᠳᠬᠡᠬᠦ ᠪᠠᠷ ᠳᠠᠮᠵᠢᠭᠤᠯᠤᠨ᠂ ︽ᠣᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠣᠯᠠᠨ ᠤᠳᠠᠭ᠎ᠠ ᠭᠦᠶᠦᠬᠦ︾ ᠶᠢ ︽ᠨᠢᠭᠡᠯᠡ ᠤᠳᠠᠭ᠎ᠠ ᠳᠤ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃       35. ᠲᠠᠨ ᠢ ᠬᠠᠪᠰᠤᠷᠤᠨ ᠭᠦᠢᠴᠡᠳᠭᠡᠬᠦ᠄ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ᠂ ᠣᠷᠣᠯᠠᠨ ᠭᠦᠢᠴᠡᠳᠭᠡᠭᠴᠢ ᠠᠴᠠ ᠭᠤᠣᠯᠳᠠᠯᠭ᠎ᠠ ᠲᠠᠢ ᠲᠥᠷᠥᠯ ᠵᠦᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠵᠣᠬᠢᠴᠠᠭᠤᠯᠤᠨ ᠠᠬᠢᠭᠤᠯᠬᠤ᠂ ᠬᠠᠮᠵᠢᠯᠴᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠵᠡᠷᠭᠡ ᠲᠥᠯᠥᠪᠦᠷᠢ ᠦᠭᠡᠢ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠠᠵᠤ ᠠᠬᠤᠶᠢᠯᠠᠯ ᠤᠨ ᠭᠦᠶᠦᠬᠦ︾ ᠶᠢ ︽ᠵᠠᠰᠠᠭ ᠤᠨ ᠣᠷᠳᠣᠨ ᠭᠦᠶᠦᠬᠦ︾ ᠪᠣᠯᠭᠠᠨ ᠬᠤᠪᠢᠷᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡ ᠲᠥᠷᠥᠯ ᠵᠦᠢᠯ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃        36. ATA ᠬᠠᠭᠤᠳᠠᠰᠤ ᠦᠨᠡᠮᠯᠡᠯ ᠤᠨ ᠳᠡᠪᠲᠡᠷ᠄ ᠡᠨᠡ ᠨᠢ ᠡᠳ᠋ ᠪᠠᠷᠠᠭᠠᠨ ᠤ ᠫᠠᠰᠫᠣᠷᠲ ᠪᠠ ᠡᠳ᠋ ᠪᠠᠷᠠᠭ᠎ᠠ ᠶᠢ ᠭᠠᠶᠢᠯᠢ ᠠᠴᠠ ᠬᠡᠯᠲᠦᠷᠢᠭᠦᠯᠦᠨ ᠪᠣᠭᠤᠮᠲᠠ ᠪᠠᠷ ᠥᠩᠭᠡᠷᠡᠭᠦᠯᠬᠦ ᠦᠨᠡᠮᠯᠡᠯ ᠢ ᠵᠢᠭᠠᠵᠤ ᠪᠠᠶᠢᠨ᠎ᠠ᠂ ᠭᠠᠳᠠᠭᠠᠳᠤ ᠠᠴᠠ ᠣᠷᠣᠭᠤᠯᠬᠤ ᠶᠢ ᠲᠦᠷ ᠵᠥᠪᠰᠢᠶᠡᠷᠡᠭᠰᠡᠨ ᠡᠳ᠋ ᠪᠠᠷᠠᠭ᠎ᠠ ᠶᠢ ATA ᠬᠠᠭᠤᠳᠠᠰᠤ ᠪᠠᠷᠢᠮᠲᠠ ᠶᠢᠨ ᠳᠡᠪᠲᠡᠷ ᠢᠶᠠᠨ ᠦᠵᠡᠭᠦᠯᠵᠦ᠂ ᠡᠯ᠎ᠡ ᠤᠯᠤᠰ ᠤᠨ ᠪᠣᠭᠤᠮᠲᠠ ᠳᠤ ᠭᠠᠶᠢᠯᠢ ᠠᠴᠠ ᠬᠡᠯᠲᠦᠷᠢᠭᠦᠯᠦᠨ ᠭᠠᠳᠠᠭᠠᠳᠤ ᠠᠴᠠ ᠣᠷᠣᠭᠤᠯᠬᠤ ᠪᠠ ᠤᠯᠤᠰ ᠤᠨ ᠳᠣᠲᠣᠭᠠᠳᠤ ᠶᠢᠨ ᠪᠣᠭᠤᠮᠲᠠ ᠳᠤ ᠮᠡᠳᠡᠭᠦᠯᠬᠦ ᠪᠢᠴᠢᠭ ᠮᠠᠲ᠋ᠧᠷᠢᠶᠠᠯ ᠢ ᠲᠠᠭᠯᠠᠨ ᠪᠢᠴᠢᠬᠦ ᠠᠴᠠ ᠬᠡᠯᠲᠦᠷᠢᠭᠦᠯᠬᠦ ᠵᠡᠷᠭᠡ ᠪᠣᠭᠤᠮᠲᠠ ᠪᠠᠷ ᠥᠩᠭᠡᠷᠡᠬᠦ ᠳᠤ ᠲᠦᠭᠦᠮ ᠦᠵᠡᠭᠦᠯᠬᠦ ᠪᠤᠯᠤᠨ᠎ᠠ᠃       37. ᠨᠠᠷᠢᠨ ᠪᠤᠳᠤᠯᠢᠶᠠᠨᠲᠠᠢ ᠨᠢᠰᠬᠡᠯ ᠤᠨ ᠪᠠᠭᠤᠳᠠᠯ ᠤᠨ ᠮᠠᠯᠠᠭᠠᠢ ᠶᠢ ᠠᠪᠴᠤ ᠬᠠᠶᠠᠬᠤ᠄ 2011 ᠣᠨ ᠤ 11 ᠰᠠᠷ᠎ᠠ ᠳᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠷᠠᠰᠢᠶᠠᠨ ᠨᠢᠰᠬᠡᠯ ᠤᠨ ᠪᠠᠭᠤᠳᠠᠯ ᠤᠨ ᠵᠠᠢ ᠭᠠᠷᠭᠠᠬᠤ ᠨᠥᠬᠦᠴᠡᠯ ᠪᠠᠷᠤᠭᠲᠠᠢ᠂ ᠨᠢᠰᠬᠡᠯ ᠤᠨ ᠲᠠᠯᠠᠪᠠᠶ ᠠᠴᠠ ᠨᠢᠰᠴᠦ ᠭᠠᠷᠬᠤ ᠪᠠ ᠣᠶᠢᠷᠠᠯᠴᠠᠭ᠎ᠠ ᠭᠠᠵᠠᠷ ᠲᠤ ᠪᠠᠭᠤᠬᠤ ᠱᠠᠲᠤ ᠶᠢᠨ ᠬᠡᠮᠵᠢᠶ᠎ᠡ ᠶᠡᠭᠡ ᠵᠡᠷᠭᠡ ᠰᠢᠯᠲᠠᠭᠠᠨ ᠢᠶᠠᠷ ᠷᠠᠰᠢᠶᠠᠨ ᠨᠢᠰᠬᠡᠯ ᠤᠨ ᠪᠠᠭᠤᠳᠠᠯ ᠢ ᠨᠠᠷᠢᠨ ᠪᠤᠳᠤᠯᠢᠶᠠᠨᠲᠠᠢ ᠨᠢᠰᠬᠡᠯ ᠤᠨ ᠪᠠᠭᠤᠳᠠᠯ ᠳᠤ ᠣᠷᠣᠭᠤᠯᠤᠨ ᠬᠠᠮᠢᠶᠠᠷᠪᠠ᠃ ᠣᠲᠣ ᠨᠢᠭᠡᠨᠲᠡ ᠲᠤᠰᠬᠠᠢ ᠪᠠᠶᠢᠭᠤᠯᠤᠮᠵᠢ ᠶᠢ ᠤᠷᠢᠵᠤ ᠤᠯᠠᠮᠵᠢᠯᠠᠯᠲᠤ ᠨᠢᠰᠦᠯᠲᠡ ᠶᠢᠨ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠴᠠᠭ ᠠᠭᠤᠷ ᠤᠨ ᠠᠦ᠋ᠲ᠋ᠣ᠋ ᠠᠵᠢᠭᠯᠠᠯᠲᠠ ᠶᠢᠨ ᠰᠢᠰᠲ᠋ᠧᠮ ᠪᠠ ᠲᠡᠭᠦᠨ ᠯᠦᠭᠡ ᠵᠣᠬᠢᠴᠠᠯᠳᠤᠭᠰᠠᠨ RVR ᠨᠢᠰᠦᠯᠲᠡ ᠶᠢᠨ ᠲᠠᠰ ᠳᠠᠷᠠᠭᠠᠯᠠᠯ ᠢ ᠤᠭᠰᠠᠷᠠᠵᠤ᠂ ᠨᠢᠰᠦᠯᠲᠡ ᠶᠢᠨ ᠠᠮᠤᠷ ᠲᠦᠪᠰᠢᠨ ᠢ ᠭᠦᠢᠴᠡᠳ ᠪᠠᠲᠤᠯᠠᠭᠰᠠᠨ ᠤᠷᠢᠲᠠᠯ ᠳᠣᠣᠷ᠎ᠠ᠂ ᠨᠢᠰᠬᠡᠯ ᠤᠨ ᠪᠠᠭᠤᠳᠠᠯ ᠤᠨ ᠵᠠᠢ ᠭᠠᠷᠭᠠᠬᠤ ᠣᠷᠴᠢᠨ ᠨᠥᠬᠦᠴᠡᠯ ᠠᠨᠠᠢ᠂ ᠨᠢᠰᠦᠯᠲᠡ ᠬᠢᠬᠦ ᠳᠤ ᠬᠦᠴᠢᠷᠲᠡᠢ ᠵᠡᠷᠭᠡ ᠠᠰᠠᠭᠤᠳᠠᠯ ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠷᠠᠰᠢᠶᠠᠨ ᠤ ᠪᠤᠳᠤᠯᠢᠶᠠᠨᠲᠠᠢ ᠨᠢᠰᠬᠡᠯ ᠤᠨ ᠪᠠᠭᠤᠳᠠᠯ ᠤᠨ ᠮᠠᠯᠠᠭᠠᠢ ᠶᠢ ᠬᠦᠴᠦᠨ ᠦᠭᠡᠢ ᠪᠣᠯᠭᠠᠬᠤ ᠪᠤᠯᠤᠨ᠎ᠠ᠃       38. ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠄ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ︵2021 — 2025 ᠣᠨ︶  ᠶᠢ ᠵᠢᠭᠠᠵᠤ ᠪᠠᠶᠢᠨ᠎ᠠ᠂ ᠮᠡᠳᠡᠭᠳᠡᠯ ᠳᠤ᠂ ᠪᠦᠬᠦ ᠠᠷᠠᠳ ᠢᠶᠠᠷ ᠢᠶᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠤᠷᠳᠤ ᠬᠤᠭᠤᠴᠠᠭᠠᠨ ᠤ ᠰᠠᠭᠤᠷᠢ ᠴᠢᠨᠠᠷᠲᠠᠢ ᠠᠵᠢᠯ ᠮᠥᠨ ᠭᠡᠵᠦ ᠵᠢᠭᠠᠵᠤ ᠭᠠᠷᠭᠠᠪᠠ᠃
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号