ᠵᠦᠯᠭᠡᠨ ᠳᠡᠭᠡᠷ᠎ᠡ ᠪᠥᠮᠪᠦᠷᠢᠪᠡᠯ ᠰᠡᠳᠬᠢᠴᠡ ᠶᠢᠨ ᠡᠪᠡᠳᠴᠢᠨ ᠣᠯᠬᠤ ᠡᠷᠡᠰᠳᠡᠯ ᠢ ᠪᠠᠭᠠᠰᠬᠠᠨ᠎ᠠ
ᠨᠡᠶᠢᠲᠡᠯᠡᠭᠰᠡᠨ ᠴᠠᠭ᠄
2022/5/10
     ᠭᠤᠸᠠᠩᠵᠸᠣ ᠶᠢᠨ ᠬᠤᠸᠠ ᠨᠠᠨ ᠤᠷᠭᠤᠮᠠᠯ ᠤᠨ ᠬᠦᠷᠢᠶᠡᠯᠡᠩ ᠤᠨ ᠰᠢᠨ᠎ᠡ ᠰᠤᠳᠣᠯᠭᠠᠨ ᠠᠴᠠ ᠦᠵᠡᠪᠡᠯ᠂ ᠡᠬᠡ ᠪᠠᠶᠢᠭᠠᠯᠢ ᠲᠠᠢ ᠣᠶᠢᠷ᠎ᠠ ᠪᠠᠶᠢᠬᠤ ᠨᠢ ᠬᠦᠮᠦᠨ ᠤ ᠰᠡᠳᠬᠢᠴᠡ ︵ᠬᠦᠮᠦᠨ ᠪᠣᠯᠣᠨ ᠪᠠᠶᠢᠭᠠᠯᠢ ᠶᠢᠨ ᠬᠤᠭᠤᠷᠣᠨᠳᠣᠬᠢ ᠬᠠᠷᠢᠯᠴᠠᠭᠠᠨ ᠤ ᠪᠡᠶᠡᠴᠢ ᠰᠡᠳᠬᠢᠭᠳᠡᠯ︶ ᠶᠢᠨ ᠡᠷᠡᠭᠦᠯ ᠮᠡᠨᠳᠦ ᠳᠤ ᠨᠥᠯᠥᠭᠡ ᠲᠠᠢ᠃ ᠨᠣᠭᠤᠭᠠᠨ ᠵᠦᠯᠭᠡ ᠵᠡᠷᠭᠡ ᠪᠠᠶᠢᠭᠠᠯᠢ ᠶᠢᠨ ᠣᠷᠴᠢᠨ ᠳᠤ ᠪᠠᠶᠢᠬᠤ ᠨᠢ ᠣᠶᠣᠨ ᠰᠠᠨᠠᠭᠠᠨ ᠤ ᠳᠠᠷᠣᠭᠠᠰᠣ ᠶᠢ ᠬᠥᠩᠭᠡᠯᠡᠵᠣ᠂ ᠬᠦᠮᠦᠰ ᠤᠨ ᠪᠠᠶᠢᠭᠠᠯᠢ ᠣᠷᠴᠢᠨ ᠳᠠᠬᠢ ᠪᠠᠶᠡᠴᠢ ᠰᠡᠳᠬᠢᠭᠳᠡᠯ ᠴᠢᠩᠭᠠᠷᠠᠬᠤ ᠲᠣᠲᠣᠮ ᠠᠵᠠ ᠵᠢᠷᠭᠠᠯ ᠢ ᠮᠡᠳᠡᠷᠡᠵᠣ᠂ ᠡᠬᠦᠨ ᠤ ᠤᠯᠠᠮ ᠢᠶᠠᠷ ᠰᠡᠳᠬᠢᠴᠡ ᠶᠢᠨ ᠡᠪᠡᠳᠴᠢᠨ ᠣᠯᠬᠤ  ᠡᠷᠡᠰᠳᠡᠯ ᠢ ᠪᠠᠭᠠᠰᠬᠠᠬᠤ ᠪᠣᠯᠣᠨ᠎ᠠ ᠭᠡᠵᠦ ᠦᠵᠡᠵᠡᠢ᠃ ᠬᠠᠮᠢᠶ᠎ᠠ ᠪᠦᠬᠦᠢ ᠰᠤᠳᠣᠯᠭᠠᠨ ᠤ ᠦᠷ᠎ᠡ ᠪᠦᠲᠦᠭᠡᠯ ᠢ ᠣᠶᠢᠷ᠎ᠠ ᠳᠤ᠂ ᠡᠷᠳᠡᠮ ᠰᠢᠨᠵᠢᠯᠡᠭᠡᠨ ᠤ ᠰᠡᠳᠬᠦᠯ ︽ᠥᠩᠭᠡ ᠦᠵᠡᠮᠵᠢ ᠪᠠ ᠬᠤᠲᠠ ᠶᠢᠨ ᠲᠥᠯᠥᠪᠵᠢᠭᠦᠯᠭᠡ︾ ᠳᠡᠭᠡᠷ᠎ᠡ ᠨᠡᠶᠢᠲᠡᠯᠡᠭᠰᠡᠨ ᠪᠠᠶᠢᠨ᠎ᠠ᠃      ᠲᠤᠭ᠎ᠠ ᠪᠦᠷᠢᠳᠬᠡᠯ ᠳᠤ ᠢᠯᠡᠷᠡᠭᠦᠯᠦᠭᠰᠡᠨ ᠢᠶᠠᠷ᠂ ᠮᠠᠨ ᠤ ᠤᠯᠣᠰ ᠤᠨ ᠨᠠᠰᠣᠨ ᠳᠤ ᠬᠦᠷᠦᠭᠰᠡᠳ ᠤᠨ ᠡᠯ᠎ᠡ ᠵᠦᠢᠯ ᠤᠨ ᠰᠡᠳᠬᠢᠴᠡ ᠶᠢᠨ ᠡᠪᠡᠳᠴᠢᠨ ᠳᠤ ᠨᠡᠷᠪᠡᠭᠳᠡᠵᠣ ᠨᠢᠭᠡ ᠨᠠᠰᠣ ᠪᠠᠷ ᠢᠶᠠᠨ  ᠡᠪᠡᠳᠴᠢᠨ ᠤ ᠲᠠᠷᠴᠢᠯᠠᠭᠠᠯ ᠠᠮᠰᠠᠬᠤ ᠨᠣᠷᠮ᠎ᠠ 16.6% ᠳᠤ ᠬᠦᠷᠴᠦ᠂ ᠰᠡᠳᠬᠢᠴᠡ ᠶᠢᠨ ᠡᠪᠡᠳᠴᠢᠨ ᠠᠴᠠ ᠪᠣᠯᠣᠭᠰᠠᠨ ᠳᠠᠷᠣᠭᠠᠰᠣ ᠪᠦᠬᠦᠶᠢᠯᠡ ᠡᠪᠡᠳᠴᠢᠨ ᠤ ᠳᠣᠲᠣᠷ᠎ᠠ ᠬᠤᠶᠠᠳᠣᠭᠠᠷ ᠪᠠᠶᠢᠷᠢ ᠶᠢ ᠡᠵᠡᠯᠡᠵᠣ ᠪᠠᠶᠢᠨ᠎ᠠ᠃ ᠡᠶᠢᠮᠦ ᠠᠴᠠ ᠰᠡᠳᠬᠢᠴᠡ ᠶᠢᠨ ᠡᠷᠡᠭᠦᠯ ᠮᠡᠨᠳᠣ ᠳᠤ ᠵᠣᠷᠢᠭᠤᠯᠬᠤ ᠲᠥᠷᠦ ᠶᠢᠨ ᠪᠣᠳᠣᠯᠭ᠎ᠠ ᠪᠠ ᠰᠠᠭᠤᠷᠢ ᠪᠦᠲᠦᠭᠡᠨ ᠪᠠᠶᠢᠭᠤᠯᠣᠯᠲᠠ ᠨᠢ ᠲᠣᠯᠭᠠᠮ᠎ᠠ ᠱᠠᠭᠠᠷᠳᠠᠭᠳᠠᠵᠣ ᠪᠠᠶᠢᠨ᠎ᠠ᠃  ᠡᠭᠦᠨ ᠠᠴᠠ ᠡᠮᠦᠨᠡᠬᠢ ᠶᠡᠭᠡ ᠬᠡᠮᠵᠢᠶᠡᠨ ᠤ ᠰᠤᠳᠤᠯᠭᠠᠨ ᠳᠤ᠂ ᠡᠪᠡᠰᠤ ᠲᠠᠢ ᠭᠠᠵᠠᠷ ᠨᠢ ᠰᠡᠳᠬᠢᠴᠡ ᠶᠢᠨ  ᠡᠪᠡᠳᠴᠢᠨ ᠣᠯᠬᠤ ᠨᠣᠷᠮ᠎ᠠ ᠶᠢ ᠪᠠᠭᠠᠰᠬᠠᠬᠤ ᠶᠢᠨ ᠬᠠᠮᠲᠣ ᠠᠵᠠ ᠵᠢᠷᠭᠠᠯ ᠲᠠᠢ ᠪᠠᠶᠢᠬᠤ ᠮᠡᠳᠡᠷᠡᠮᠵᠢ ᠶᠢ  ᠳᠡᠭᠡᠭᠰᠢᠯᠡᠭᠦᠯᠦᠨ᠎ᠡ ᠭᠡᠳᠡᠭ ᠢ ᠢᠯᠡᠷᠡᠭᠦᠯᠦᠭᠰᠡᠨ ᠪᠣᠯᠪᠠᠴᠣ᠂ ᠪᠡᠶᠡᠴᠢ ᠪᠠᠷ ᠪᠠᠶᠢᠭᠠᠯᠢ ᠲᠠᠢ ᠣᠶᠢᠷᠠᠲᠣᠬᠤ ᠬᠡᠮᠵᠢᠶ᠎ᠡ ᠨᠢ ᠡᠪᠡᠰᠦ ᠲᠠᠢ ᠭᠠᠵᠠᠷ ᠪᠠ ᠰᠡᠳᠭᠢᠴᠡ ᠶᠢᠨ ᠡᠷᠡᠭᠦᠯ ᠮᠡᠨᠳᠣ ᠶᠢᠨ ᠬᠠᠷᠢᠴᠠᠭᠠᠨ ᠳᠤ ᠨᠥᠯᠦᠭᠡ ᠪᠣᠯᠤᠨ᠎ᠠ  ᠭᠡᠳᠡᠭ ᠢ ᠣᠯᠠᠩᠬᠢ ᠰᠤᠳᠣᠯᠭᠠᠨ ᠳᠤ ᠠᠩᠵᠠᠭᠠᠷᠠᠭᠰᠠᠨ ᠦᠭᠡᠢ ᠪᠠᠶᠢᠨ᠎ᠠ᠃ ᠡᠨᠡ ᠤᠳᠠᠭᠠᠨ ᠤ  ᠰᠤᠳᠣᠯᠭᠠᠨ ᠳᠤ ᠢᠯᠡᠷᠡᠭᠦᠯᠦᠭᠰᠡᠨ ᠢᠶᠠᠷ᠂  ᠡᠪᠡᠰᠦ   ᠲᠠᠢ  ᠭᠠᠵᠠᠷ   ᠲᠠᠢ  ᠣᠶᠢᠷ᠎ᠠ  ᠪᠠᠶᠢᠵᠣ ᠰᠡᠳᠬᠢᠴᠡ ᠶᠢᠨ ᠡᠷᠡᠭᠦᠯ ᠮᠡᠨᠳᠣ ᠪᠠᠨ ᠪᠠᠲᠣᠯᠠᠬᠤ ᠦᠷ᠎ᠡ ᠪᠦᠲᠦᠮᠵᠢ ᠨᠢ ᠪᠠᠶᠢᠭᠠᠯᠢ ᠲᠠᠢ ᠣᠶᠢᠷ᠎ᠠ ᠪᠠᠶᠢᠳᠠᠭ ᠬᠦᠮᠦᠰ ᠤᠨ ᠳᠤᠮᠳᠠ ᠢᠯᠡᠭᠦᠦ ᠥᠨᠳᠦᠷ  ᠪᠠᠶᠢᠳᠠᠭ ᠢ  ᠢᠯᠡᠷᠡᠭᠦᠯᠦᠭᠰᠡᠨ ᠢᠶᠠᠷ  ᠪᠠᠷᠠᠬᠤ  ᠦᠭᠡᠢ  ᠪᠠᠰᠠ᠂  ᠪᠠᠶᠢᠭᠠᠯᠢ  ᠳᠡᠯᠡᠬᠡᠢ ᠶᠢᠨ ᠬᠦᠮᠦᠰ ᠤᠨ ᠰᠡᠳᠬᠢᠴᠡ ᠶᠢᠨ ᠡᠷᠡᠭᠦᠯ ᠮᠡᠨᠳᠣ ᠳᠤ ᠠᠪᠴᠢᠷᠠᠬᠤ ᠠᠰᠢᠭ ᠢ  ᠳᠡᠭᠡᠭᠰᠢᠯᠡᠭᠦᠯᠬᠦ ᠶᠢᠨ ᠲᠥᠯᠦᠭᠡ᠂ ᠬᠦᠮᠦᠰ ᠢ ᠵᠣᠷᠢᠭᠵᠢᠭᠤᠯᠣᠨ ᠬᠡᠭᠡᠷ᠎ᠡ ᠭᠠᠳᠠᠨᠠᠬᠢ ᠬᠥᠳᠡᠯᠭᠡᠭᠡᠨ ᠳᠤ ᠣᠷᠣᠯᠴᠠᠭᠤᠯᠬᠤ ᠶᠢᠨ ᠬᠠᠮᠲᠣ ᠬᠦᠮᠦᠰ ᠤᠨ ᠪᠠᠶᠢᠭᠠᠯᠢ ᠳᠡᠯᠡᠬᠡᠢ ᠳᠤ ᠬᠠᠨᠳᠣᠬᠤ ᠪᠡᠶᠡᠴᠢ ᠰᠡᠳᠬᠢᠭᠳᠡᠯ ᠢ ᠳᠡᠭᠡᠭᠰᠢᠯᠡᠬᠦᠯᠬᠦ ᠴᠢᠬᠤᠯᠠᠲᠠᠢ ᠭᠡᠳᠡᠭ ᠢ ᠢᠯᠡᠷᠡᠭᠦᠯᠵᠡᠢ᠃
 
ᠢᠷᠡᠯᠲᠡ᠄ ᠠᠷᠠᠳ ᠤᠨ ᠰᠦᠯᠵᠢᠶ᠎ᠡ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号