ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ  ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠳᠠᠬᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2022/5/12
    ᠬᠠᠷᠢᠶ᠎ᠠ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠩ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠪᠡ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 11 ᠤ ᠡᠳᠦᠷ ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ  ᠳᠠᠬᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠥᠮᠦᠵᠢᠯ︾ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠬᠠᠷᠢᠶ᠎ᠠ ᠣᠷᠣᠨ ᠤ ᠰᠠᠭᠤᠭᠠᠯᠢ ᠠᠷᠠᠳ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠵᠠᠶ᠃      ᠲᠤᠰ ᠠᠵᠢᠯᠯᠠᠭ᠎ᠠ ᠶᠢᠨ ᠳᠤᠮᠳᠠ ᠠᠵᠢᠯᠲᠠᠳ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷ ᠠᠪᠣᠯᠭ᠎ᠠ︾ ᠶᠢ ᠲᠠᠷᠬᠠᠭᠠᠬᠤ ᠪᠠᠷ ᠳᠠᠮᠵᠢᠨ ᠬᠤᠯᠤᠭᠠᠨ᠎ᠠ ᠶᠢᠨ ᠬᠢᠵᠢᠭ ᠤᠨ ᠳᠡᠯᠭᠡᠷᠡᠬᠦ ᠦᠨᠳᠦᠰᠦᠨ ᠣᠨᠴᠠᠯᠢᠭ᠂ ᠡᠪᠡᠳᠴᠢᠨ ᠤ ᠢᠯᠡᠷᠡᠯ᠂ ᠰᠡᠷᠭᠡᠶᠢᠯᠡᠨ ᠵᠠᠰᠠᠬᠤ ᠠᠵᠢᠯ ᠢ ᠲᠠᠨᠢᠯᠴᠠᠭᠤᠯᠵᠤ᠂ ᠬᠤᠯᠤᠭᠠᠨ᠎ᠠ ᠶᠢᠨ ᠬᠢᠵᠢᠭ ᠤᠨ ᠬᠤᠣᠷ ᠬᠥᠨᠥᠭᠡᠯ ᠵᠢᠴᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢᠨ ᠴᠢᠬᠤᠯᠠ ᠴᠢᠨᠠᠷ ᠢ ᠣᠯᠠᠨ ᠳᠤ ᠲᠠᠨᠢᠭᠤᠯᠵᠠᠢ᠃ ᠡᠬᠦᠨ ᠤ ᠲᠠᠠᠭᠤ᡽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠬᠰᠠᠨ ᠪᠠᠶᠢᠨ᠎ᠠ︔ ᠨᠡᠶᠢᠭᠡᠮ ᠲᠣᠭᠤᠷᠢᠭ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠠᠵᠢᠯ ᠢ ᠪᠦᠬᠦ ᠬᠦᠴᠦᠨ ᠢᠶᠠᠷ ᠰᠠᠶᠢᠲᠤᠷ ᠦᠷᠨᠢᠬᠦᠯᠵᠤ᠂ ᠬᠥᠮᠦᠨ ᠪᠦᠬᠦᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠰᠠᠶᠢᠨ ᠰᠠᠶᠢᠬᠠᠨ  ᠠᠬᠤᠢ ᠪᠠᠶᠢᠳᠠᠯ ᠢ ᠪᠤᠢ ᠪᠣᠯᠭᠠᠵᠡᠢ᠃     ᠡᠾᠧ ᠫᠢᠩ ᠨᠡᠶᠢᠬᠡᠮ ᠲᠤᠭᠤᠷᠢᠭ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠮᠡᠳᠡᠯᠭᠡ ᠶᠢ ᠬᠠᠷᠢᠶ᠎ᠠ ᠤᠷᠤᠨ ᠳᠠᠭᠠᠨ ᠲᠦᠭᠡᠮᠡᠯᠵᠢᠭᠦᠯᠦᠭᠰᠡᠨ ᠮᠥᠷᠲᠡᠭᠡᠨ ᠪᠠᠰᠠ ᠰᠠᠭᠤᠭᠠᠯᠢ ᠠᠷᠠᠳ ᠤᠨ ᠬᠤᠯᠤᠭᠠᠨ᠎ᠠ ᠶᠢᠨ ᠬᠢᠵᠢᠭ ᠤᠨ ᠮᠡᠳᠡᠯᠭᠡ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠢᠳᠡᠪᠬᠢᠵᠢᠯ ᠢ ᠪᠦᠲᠦᠮᠵᠢᠲᠡᠶ ᠪᠠᠷ ᠲᠡᠭᠡᠭᠰᠢᠯᠡᠬᠦᠯᠦᠨ᠂ ᠰᠠᠭᠤᠭᠠᠯᠢ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠤ  ᠰᠡᠳᠬᠢᠯᠬᠡ᠂ ᠡᠭᠦᠷᠭᠡᠲᠦ ᠲᠦᠷᠥᠭᠳᠡᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠭᠤᠭᠠᠯᠢ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ᠂ ᠲᠦᠷᠢᠮᠵᠢᠯ ᠲᠠᠢ ᠪᠠᠷ ᠥᠷᠨᠢᠭᠦᠯᠬᠦ ᠳᠤ ᠰᠠᠭᠤᠷᠢ  ᠲᠠᠯᠪᠢᠬᠰᠠᠨ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号