ᠷᠠᠰᠢᠶᠠᠨ ᠬᠤᠲᠠ ᠠᠩᠬᠠᠳᠠᠭᠴᠢ ᠪᠦᠯᠦᠭ  ︽ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠲᠤᠷᠰᠢᠯᠲᠠ ᠶᠢᠨ ᠴᠡᠭ ᠤᠨ ᠬᠤᠲᠠ︾ ᠪᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2022/5/13
     2021 ᠣᠨ ᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠠᠵᠢᠯ ᠢ ᠰᠦᠪᠡᠭᠴᠢᠯᠡᠨ ᠬᠡᠷᠡᠭᠵᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠶᠣᠰᠣᠭᠠᠷ᠂ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ︽ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠲᠤᠷᠰᠢᠯᠲᠠ ᠶᠢᠨ ᠴᠡᠭ  ᠤᠨ ᠬᠤᠲᠠ︾ ᠶᠢ ᠡᠬᠢᠯᠡᠨ ᠭᠤᠶᠤᠴᠢᠯᠠᠨ ᠮᠡᠳᠡᠭᠦᠯᠪᠡ᠃  ᠮᠠᠨ ᠤ ᠬᠤᠲᠠ ᠲᠣᠰ  ᠲᠦᠷᠦᠯ ᠢ 2022 ᠣᠨ ᠤ ᠡᠬᠢ ᠪᠠᠷ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠳᠤ ᠮᠡᠳᠡᠭᠦᠯᠬᠦ ᠠᠵᠢᠯ ᠢᠶᠠᠷ ᠵᠢᠭᠰᠠᠭᠠᠬᠳᠡᠵᠡᠢ᠃      ᠡᠨᠡᠬᠦ ᠠᠵᠢᠯ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠶᠢᠮᠠᠭ᠂ ᠬᠤᠲᠠ ᠬᠤᠶᠠᠷ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡᠪᠡᠷ  ᠴᠢᠷᠮᠠᠶᠢᠨ᠂ ᠢᠳᠡᠪᠬᠢᠲᠡᠢ ᠪᠠᠷ ᠮᠥᠷᠳᠡᠨ ᠪᠠᠶᠢᠴᠠᠭᠠᠬᠤ ᠪᠠᠷ ᠳᠠᠮᠵᠢᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2022 ᠣᠨ ᠤ 5 ᠰᠠᠷ᠎ᠠ ᠶᠢᠨ 9 ᠤ ᠡᠳᠦᠷ ᠲᠤ᠂  ᠮᠠᠨ ᠤ ᠬᠤᠲᠠ ᠶᠢᠨ ᠭᠤᠶᠤᠴᠢᠯᠠᠨ ᠮᠡᠳᠡᠭᠦᠯᠦᠭᠰᠡᠨ ︽ᠷᠠᠰᠢᠶᠠᠨ ᠬᠤᠲᠠ ᠶᠢᠨ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠮᠡᠳᠡᠭᠦᠯᠦᠯᠲᠡ︾ ᠶᠢᠨ ᠳᠣᠲᠣᠷᠠᠬᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠣᠷᠴᠢᠨ ᠲᠣᠭᠤᠷᠢᠨ ᠤ ᠡᠬᠢ ᠪᠠᠶᠠᠯᠢᠭ ᠦᠰᠦᠭᠳᠣ ︵2022︶ 760 ᠳ᠋ᠤᠭᠠᠷ ᠲᠣᠭᠠᠲᠤ ᠨᠣᠮᠧᠷ ᠪᠢᠴᠢᠭ ᠮᠠᠲ᠋ᠧᠷᠢᠶᠠᠯ ᠢ ᠵᠢᠩᠬᠢᠨᠢ ᠪᠠᠷ ᠴᠤᠬᠤᠯᠠᠪᠤᠷᠢᠯᠠᠨ ᠬᠠᠷᠢᠭᠤᠯᠵᠤ᠂ ᠪᠦᠬᠦ ᠣᠷᠣᠨ ᠤ ᠠᠩᠬᠠᠳᠠᠭᠴᠢ ᠪᠦᠯᠦᠭ ᠵᠥᠪᠰᠢᠶᠡᠷᠡᠯ ᠣᠯᠤᠭᠰᠠᠨ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠲᠤᠷᠰᠢᠯᠲᠠ ᠶᠢᠨ ᠴᠡᠭ ᠤᠨ ᠬᠤᠲᠠ ᠶᠢᠨ ᠨᠢᠭᠡ ᠨᠢ ᠪᠣᠯᠤᠭᠰᠠᠨ ᠪᠠᠶᠢᠨ᠎ᠠ᠃ ᠡᠭᠦᠨ ᠠᠴᠠ᠂ ᠤᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠢᠨᠠᠨ ᠵᠥᠪᠰᠢᠶᠡᠷᠡᠬᠦ ᠴᠢᠬᠤᠯᠠᠳᠡᠢ 5000 ᠲᠣᠨ ᠪᠠᠷᠢᠮᠵᠢᠶᠠᠲᠤ ᠨᠡᠭᠦᠷᠡᠰᠦ ᠠᠴᠠ ᠳᠣᠷᠣᠭᠰᠢᠬᠢ ᠡᠨᠧᠷᠭᠢ ᠶᠢᠨ ᠬᠤᠷᠣᠭᠳᠠᠯ ᠤᠨ ᠲᠥᠷᠥᠯ ᠵᠣᠶᠢᠯ ᠢ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠳᠠᠷᠤᠶ ᠬᠢᠨᠠᠨ ᠵᠥᠪᠰᠢᠶᠡᠷᠡᠬᠦ ᠪᠣᠯᠤᠨ᠎ᠠ᠃
 
ᠢᠷᠡᠯᠲᠡ᠄ ᠷᠡᠰᠢᠶᠠᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号