ᠢᠷᠪᠢᠰ ᠵᠡᠭᠡᠯᠢ ︽ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠵᠤ ᠪᠣᠬᠢᠷᠲᠤᠯ ᠥᠬᠡᠶ ᠰᠠᠶᠢᠨ ᠰᠠᠶᠢᠬᠠᠨ ᠬᠡᠷ ᠣᠷᠣᠨ ᠢᠶᠠᠨ ᠰᠠᠬᠢᠨ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ  ᠥᠷᠨᠢᠭᠦᠯᠵᠡᠢ
ᠨᠡᠶᠢᠲᠡᠯᠡᠭᠰᠡᠨ ᠴᠠᠭ᠄
2022/5/19
     ᠰᠢ ᠶᠢᠨ ᠫᠢᠩ ᠶᠡᠷᠦᠩᠬᠡᠶ ᠱᠦᠵᠢ ᠶᠢᠨ ︽ᠨᠤᠲᠤᠭ ᠪᠡᠯᠴᠢᠭᠡᠷ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ︾ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠠᠮᠢ ᠠᠬᠤᠶ  ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 18 ᠤ ᠡᠳᠦᠷ᠂  ᠷᠠᠰᠢᠶᠠᠨ ᠬᠤᠳᠠ ᠶᠢᠨ ᠢᠷᠪᠢᠰ ᠵᠡᠭᠡᠯᠢ ᠨᠦᠮᠦᠷᠭᠡᠨ ᠨᠡᠶᠢᠭᠡᠮ ᠲᠣᠭᠤᠷᠢᠭ ᠲᠠᠢ ᠬᠠᠮᠲᠤᠷᠠᠵᠤ ︽ᠲᠥᠪᠯᠡᠷᠡᠭᠦᠯᠦᠨ ᠰᠤᠷᠤᠯᠴᠠᠬᠤ + ᠡᠷᠦᠬᠡ  ᠪᠠᠷ ᠬᠦᠷᠴᠦ ᠤᠬᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ  ᠥᠷᠨᠢᠭᠦᠯᠵᠡᠢ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭᠠᠨ ᠳᠤ᠂ ᠢᠷᠪᠢᠰ ᠵᠡᠭᠡᠯᠢ ᠶᠢᠨ ᠪᠦᠬᠦ ᠺᠠᠳ᠋ᠷ ᠠᠵᠢᠯᠲᠠᠳ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠬᠠᠤᠯᠢ︾ ᠶᠢᠨ ᠶᠡᠷᠦᠩᠬᠡᠢ ᠲᠦᠷᠢᠮ᠂ ᠨᠤᠭᠤ ᠭᠠᠵᠠᠷ ᠤᠨ ᠬᠠᠮᠢᠶᠠᠷᠤᠯᠲᠠ᠂ ᠨᠤᠭᠤ ᠭᠠᠵᠠᠷ ᠤᠨ ᠬᠠᠮᠠᠭᠠᠯᠠᠯᠲᠠ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠰᠤᠷᠤᠯᠴᠠᠵᠠᠢ᠃ ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ ᠪᠥᠬᠦ ᠺᠠᠳ᠋ᠷ ᠠᠵᠢᠯᠲᠠᠨ᠄ ︽ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠨᠣᠭᠤ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠵᠢᠴᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠦᠨᠡᠨ ᠬᠦ ᠬᠠᠮᠠᠭᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠡᠭᠦᠳᠦᠨ ᠪᠠᠶᠢᠭᠤᠯᠬᠤ ᠬᠡᠷᠡᠭᠲᠡᠶ︾  ᠬᠡᠵᠡᠢ᠃      ᠳᠠᠷᠠᠭ᠎ᠠ ᠨᠢ᠂ ᠨᠦᠮᠦᠷᠭᠡᠨ ᠨᠡᠶᠢᠭᠡᠮ ᠲᠣᠭᠤᠷᠢᠭ ᠤᠨ ᠠᠵᠢᠯᠲᠠᠳ LED ᠳᠡᠯᠭᠡᠴᠡ᠂ ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠬᠠᠤᠯᠢ︾᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠭᠠᠯ ᠲᠤᠶᠢᠮᠡᠷ ᠢ ᠰᠡᠷᠭᠡᠶᠢᠯᠡᠨ ᠣᠨᠳᠡᠷᠡᠭᠠᠬᠤ ᠵᠢᠴᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠬᠠᠮᠠᠭᠠᠯᠠᠯᠲᠠ ᠶᠢᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠡᠢ᠃      ᠨᠦᠮᠦᠷᠬᠡᠨ ᠨᠡᠶᠢᠬᠡᠮ ᠲᠤᠭᠤᠷᠢᠭ ᠲᠣᠰ ᠤᠳᠠᠭᠠᠨ ᠤ ᠠᠵᠢᠯᠯᠠᠭ᠎ᠠ  ᠪᠠᠷ ᠲᠠᠮᠵᠢᠵᠤ ᠨᠤᠭᠤ ᠭᠠᠵᠠᠷ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠬᠤ ᠮᠡᠳᠡᠯᠭᠡ ᠶᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠡᠢ᠃
 
ᠢᠷᠡᠯᠲᠡ᠄ ᠷᠠᠰᠢᠶᠠᠨ ᠬᠤᠳᠠ ᠶᠢᠨ ᠢᠷᠪᠢᠰ ᠵᠡᠭᠡᠯᠢ  ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号