ᠪᠠᠢ ᠯᠠᠩ ᠬᠠᠤᠯᠢ ᠴᠠᠭᠠᠵᠠ ᠶᠢᠨ ᠭᠠᠵᠠᠷ ᠬᠡᠭᠡᠷ᠎ᠡ ᠶᠢᠨ ᠠᠮᠢᠲᠠᠨ ᠠᠷᠢᠶᠠᠳᠠᠨ ᠢ ᠬᠠᠮᠠᠭᠠᠯᠠᠬᠤ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/19
     ᠥᠷᠭᠡᠨ ᠣᠯᠠᠨ ᠲᠦᠮᠡᠨ  ᠳᠤ ᠬᠡᠭᠡᠷ᠎ᠡ ᠶᠢᠨ ᠠᠮᠢᠲᠠᠨ ᠠᠷᠢᠶᠠᠳᠠᠨ ᠢ ᠬᠠᠮᠠᠭᠠᠯᠠᠬᠤ ᠶᠢ ᠰᠠᠨᠠᠭᠠᠴᠢᠯᠠᠵᠤ᠂ ᠬᠡᠭᠡᠷ᠎ᠡ ᠶᠢᠨ ᠠᠮᠢᠲᠠᠨ ᠠᠷᠢᠶᠠᠳᠠᠨ ᠤ  ᠮᠢᠬ᠎ᠠ ᠶᠢ ᠢᠳᠡᠬᠦ ᠵᠢᠴᠢ ᠭᠡᠭᠡᠷ᠎ᠡ ᠶᠢᠨ ᠠᠮᠢᠳᠡᠨ ᠠᠷᠢᠶᠠᠳᠠᠨ ᠤ ᠣᠶᠢᠯᠡᠳᠬᠦᠨ  ᠢ ᠬᠡᠷᠡᠭᠯᠡᠬᠦ ᠶᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠨ ᠬᠤᠷᠢᠭᠯᠠᠵᠤ᠂ ᠬᠡᠭᠡᠷ᠎ᠡ ᠶᠢᠨ ᠠᠮᠢᠲᠠᠨ ᠠᠷᠢᠶᠠᠳᠠᠨ ᠢ ᠳᠤᠷ᠎ᠠ ᠪᠠᠷ ᠢᠶᠠᠨ ᠪᠠᠷᠢᠵᠤ ᠠᠯᠠᠬᠤ ᠥᠬᠡᠶ᠂ ᠬᠡᠭᠡᠷ᠎ᠡ ᠶᠢᠨ ᠠᠮᠢᠲᠠᠨ ᠠᠷᠢᠶᠠᠳᠠᠨ ᠢ ᠬᠠᠤᠯᠢ ᠪᠤᠰᠤ ᠪᠠᠷ ᠠᠷᠡᠯᠵᠢᠶᠠᠯᠠᠬᠤ ᠵᠡᠷᠭᠡ ᠬᠠᠤᠯᠢ  ᠪᠣᠰᠣ ᠠᠵᠢᠯᠯᠠᠭ᠎ᠠ ᠳᠤ ᠣᠷᠣᠯᠴᠠᠬᠤ ᠥᠬᠡᠶ ᠪᠠᠶᠢᠬᠤ ᠶᠢ ᠰᠠᠨᠠᠭᠠᠴᠢᠯᠠᠬᠤ ᠶᠢᠨ ᠲᠥᠯᠥᠭᠡ᠂ 5 ᠰᠠᠷ᠎ᠠ ᠶᠢᠨ 18 ᠤ ᠡᠳᠦᠷ᠂  ᠷᠠᠰᠢᠶᠠᠨ ᠬᠤᠳᠠ ᠶᠢᠨ ᠪᠠᠢ ᠯᠠᠩ ᠬᠠᠤᠯᠢ ᠴᠠᠭᠠᠵᠠ ᠶᠢᠨ ᠭᠠᠵᠠᠷ ᠪᠡ  ᠪᠠᠢ ᠯᠠᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠡᠷ ᠬᠠᠮᠳᠣᠷᠡᠵᠣ ᠪᠠᠶ ᠯᠠᠩ ᠪᠠᠯᠭᠠᠰᠣᠨ ᠳᠤ ᠬᠡᠭᠡᠷ᠎ᠡ ᠶᠢᠨ ᠠᠮᠢᠲᠠᠨ ᠠᠷᠢᠶᠠᠳᠠᠨ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠡᠢ᠃      ᠲᠤᠰ ᠤᠳᠠᠭᠠᠨ ᠤ  ᠠᠵᠢᠯᠯᠠᠭ᠎ᠠ ᠶᠢᠨ ᠳᠤᠮᠳᠠ᠂ ᠠᠵᠢᠯᠲᠠᠳ ᠣᠯᠠᠨ ᠲᠦᠮᠡᠨ ᠳᠤ ︽ᠢᠳᠡᠭᠡᠨ ᠤ ᠠᠮᠤᠷ ᠲᠦᠪᠰᠢᠨ ᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ︾ ᠵᠡᠷᠭᠡ ᠤᠬᠠᠭᠤᠯᠭ᠎ᠠ ᠶᠢᠨ ᠬᠠᠭᠤᠳᠠᠰᠤ  ᠲᠠᠷᠬᠠᠭᠠᠵᠤ᠂ ︽ᠬᠡᠭᠡᠷ᠎ᠡ ᠶᠢᠨ ᠠᠮᠢᠳᠠᠨ ᠠᠷᠢᠶᠠᠳᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠳᠠᠨ ᠠᠷᠢᠶᠠᠳᠠᠨ  ᠤ ᠮᠢᠬ᠎ᠠ ᠶᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ ᠦᠬᠡᠶᠢᠰᠬᠡᠬᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠳᠤ ᠵᠠᠭᠠᠭᠯᠠᠨ ᠲᠣᠭᠲᠠᠭᠠᠭᠰᠠᠨ  ᠠᠮᠢᠳᠠᠨ ᠠᠷᠢᠶᠠᠳᠠᠨ  ᠤ ᠮᠢᠬ᠎ᠠ ᠶᠢ ᠢᠳᠡᠬᠦ ᠶᠢ ᠴᠠᠭᠠᠵᠠᠯᠠᠬᠤ ᠬᠦᠷᠢᠶ᠎ᠠ ᠬᠡᠪᠴᠢᠶ᠎ᠡ ᠪᠠ ᠴᠡᠭᠡᠷᠯᠡᠭᠦᠯᠬᠦ ᠠᠷᠭ᠎ᠠ ᠮᠠᠶ᠋ᠢᠭ ᠢ ᠭᠤᠣᠯᠳᠠᠯᠭ᠎ᠠ ᠲᠠᠢ ᠪᠠᠷ ᠤᠬᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠢᠳᠡᠭᠡᠨ ᠤᠮᠳᠠᠭᠠᠨ ᠤ ᠵᠠᠩ ᠳᠠᠳᠬᠠᠯ ᠢ ᠢᠳᠡᠪᠬᠢᠲᠡᠶ ᠪᠠᠷ ᠤᠬᠠᠭᠤᠯᠵᠠᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠵᠢᠯᠲᠠᠳ  ᠬᠤᠭᠤᠯᠠᠨ ᠬᠡᠷ ᠤᠨ ᠢᠳᠡᠭᠡᠨ ᠤ ᠨᠠᠷᠡᠰ ᠢ ᠪᠠᠶᠢᠴᠠᠭᠠᠨ ᠦᠵᠡᠬᠦ᠂ ᠬᠥᠯᠳᠡᠭᠡᠬᠦᠷ ᠲᠠᠬᠢ ᠮᠢᠬ᠎ᠠ ᠲᠤᠰᠤ ᠶᠢ ᠪᠠᠶᠢᠴᠠᠭᠠᠬᠤ ᠪᠠ ᠬᠥᠮᠥᠷᠭᠡ  ᠳᠠᠬᠢ ᠮᠢᠬ᠎ᠠ ᠲᠤᠰᠤ ᠶᠢ ᠪᠠᠶᠢᠴᠠᠭᠠᠨ ᠦᠵᠡᠬᠦ ᠵᠡᠷᠭᠡ ᠠᠷᠭ᠎ᠠ ᠪᠠᠷ ᠳᠠᠮᠵᠢᠭᠤᠯᠤᠨ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠬᠤᠳᠠᠯᠳᠤᠭᠠᠴᠢᠨ ᠡᠷᠦᠬᠡ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠲᠤ ᠲᠤᠬᠠᠶ ᠶᠢᠨ ᠭᠠᠵᠠᠷ ᠤᠨ ᠪᠠᠶᠢᠴᠠᠭᠠᠯᠲᠠ  ᠬᠢᠵᠡᠢ᠃ ᠬᠡᠪᠡᠴᠦ  ᠬᠡᠭᠡᠷ᠎ᠡ ᠶᠢᠨ ᠠᠮᠢᠲᠠᠨ ᠠᠷᠢᠶᠠᠳᠠᠨ ᠵᠢᠴᠢ ᠣᠶᠢᠯᠡᠳᠬᠦᠨ ᠢ ᠠᠷᠠᠯᠵᠢᠶᠠᠯᠠᠬᠤ᠂ ᠬᠤᠳᠠᠯᠳᠤᠭᠠᠯᠠᠬᠤ᠂ ᠢᠳᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠰᠡᠨ ᠥᠬᠡᠶ᠃ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ᠂ ᠠᠵᠢᠯᠲᠠᠳ ᠪᠠᠰᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠷᠦᠬᠡ ᠳᠤ ᠤᠯᠤᠰ ᠤᠨ ᠲᠠᠰ ᠤᠨ ᠬᠡᠭᠡᠷ᠎ᠡ ᠶᠢᠨ ᠠᠮᠢᠲᠠᠨ ᠠᠷᠢᠶᠠᠳᠠᠨ ᠤ ᠬᠠᠮᠠᠭᠠᠯᠠᠯᠲᠠ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠪᠠᠷ ᠤᠬᠠᠭᠤᠯᠵᠤ᠂ ᠲᠡᠳᠡᠨ ᠤ ᠬᠠᠤᠯᠢ ᠶᠣᠰᠣᠨ ᠤ ᠡᠵᠡᠩᠨᠡᠯᠲᠡ ᠶᠢ ᠱᠠᠯᠠᠪᠳᠡᠭᠤᠯᠣᠨ ᠪᠠᠶᠢᠴᠠᠭᠠᠵᠠᠢ᠃ ᠡᠵᠡᠩᠨᠡᠯᠲᠡ ᠶᠢᠨ ᠥᠮᠴᠢᠲᠡᠨ ᠳᠤ ᠬᠡᠭᠡᠷ᠎ᠡ ᠶᠢᠨ ᠠᠮᠢᠲᠠᠨ‌ᠠᠷᠢᠶᠠᠳᠠᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠰᠠᠨᠠᠭᠠᠴᠢᠯᠠᠭ᠎ᠠ ᠶᠢᠨ ᠪᠢᠴᠢᠭ ᠢ ᠲᠠᠷᠬᠠᠭᠠᠵᠤ᠂ ᠥᠷᠭᠡᠨ ᠣᠯᠠᠨ ᠡᠵᠡᠩᠨᠡᠯᠲᠡ ᠶᠢᠨ ᠥᠮᠴᠢᠲᠡᠨ ᠤ ᠬᠡᠭᠡᠷ᠎ᠡ ᠶᠢᠨ ᠠᠮᠢᠲᠠᠨ ᠠᠷᠢᠶᠠᠳᠠᠨ ᠤ ᠬᠠᠮᠠᠭᠠᠯᠠᠯᠲᠠ ᠶᠢᠨ ᠠᠵᠢᠯ ᠢ ᠠᠩᠬᠠᠷᠴᠣ ᠪᠠᠶᠢᠭ᠎ᠠ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠡᠭᠡᠷ᠎ᠡ ᠶᠢᠨ ᠠᠮᠢᠲᠠᠨ ᠠᠷᠢᠶᠠᠳᠠᠨ ᠤ ᠮᠢᠬ᠎ᠠ ᠶᠢ ᠢᠳᠡᠬᠦ ᠶᠢ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠠᠷᠢᠶᠠᠳᠠᠨ ᠢ ᠠᠷᠠᠯᠵᠢᠶᠠᠯᠠᠬᠤ ᠶᠢ ᠰᠠᠨᠠᠭᠠᠴᠢᠯᠠᠭ᠎ᠠ ᠠᠴᠠ ᠪᠠᠨ ᠬᠤᠷᠢᠬᠯᠡᠬᠤ ᠪᠤᠯᠵᠠᠢ᠃      ᠪᠠᠢ ᠯᠠᠩ ᠬᠠᠤᠯᠢ ᠴᠠᠭᠠᠵᠠ ᠶᠢᠨ ᠭᠠᠵᠠᠷ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠤᠬᠠᠭᠤᠯᠭ᠎ᠠ ᠶᠢᠨ ᠬᠠᠭᠤᠳᠠᠰᠤ ᠶᠢ 70 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠲᠠ ᠳᠤ 5 ᠬᠥᠮᠦᠨ ︵ᠤᠳᠠᠭ᠎ᠠ︶ ᠳᠤ ᠬᠠᠷᠢᠭᠤᠯᠲᠠ ᠥᠭᠴᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ 5 ᠡᠷᠦᠬᠡ ᠶᠢ ᠬᠠᠮᠲᠤᠷᠠᠨ ᠪᠠᠶᠢᠴᠠᠭᠠᠵᠤ᠂ ᠰᠠᠨᠠᠭᠠᠴᠢᠯᠠᠭ᠎ᠠ ᠶᠢᠨ ᠪᠢᠴᠢᠭ ᠢ 20 ᠭᠠᠷᠤᠶ ᠬᠤᠪᠢ ᠲᠠᠷᠬᠠᠭᠠᠵᠠᠶ᠃ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠥᠷᠭᠡᠨ ᠣᠯᠠᠨ ᠠᠷᠠᠳ ᠲᠦᠮᠡᠨ ᠳᠤ ᠬᠡᠭᠡᠷ᠎ᠡ ᠶᠢᠨ ᠠᠮᠢᠲᠠᠨ ᠠᠷᠢᠶᠠᠳᠠᠨ ᠢ ᠠᠷᠠᠯᠵᠢᠶᠠᠯᠠᠬᠤ ᠂  ᠮᠢᠬ᠎ᠠ ᠶᠢ ᠨᠢ ᠢᠳᠡᠬᠦ ᠶᠢ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠠᠷᠢᠶᠠᠳᠠᠨ ᠤ ᠮᠢᠬ᠎ᠠ ᠶᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ  ᠦᠬᠡᠶᠢᠰᠬᠡᠬᠦ ᠶᠢ ᠰᠠᠷᠡᠮᠵᠢᠬᠦᠯᠣᠨ ᠰᠠᠨᠠᠭᠠᠴᠢᠯᠠᠵᠣ᠂ ᠪᠣᠯᠪᠠᠰᠤᠨ ᠢᠳᠡᠭᠡᠨ ᠤᠮᠳᠠᠭᠠᠨ ᠤ ᠳᠠᠳᠬᠠᠯ ᠢ  ᠰᠣᠷᠳᠡᠯᠴᠢᠯᠡᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠡᠶ᠃
 
ᠢᠷᠡᠯᠲᠡ᠄ ᠷᠡᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号