ᠷᠠᠰᠢᠶᠠᠨ ᠤ ᠵᠤᠭᠠᠴᠠᠯ ᠦᠨᠡᠬᠡᠷ ᠬᠦᠷ ᠬᠥᠭᠵᠢᠶᠡᠨᠳᠡᠢ ᠪᠠᠶᠢᠨ᠎ᠠ
ᠨᠡᠶᠢᠲᠡᠯᠡᠭᠰᠡᠨ ᠴᠠᠭ᠄
2022/5/19
       5 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠣᠭᠠᠴᠠᠯ ᠤᠨ ᠲᠢᠩᠬᠢᠮ ᠠᠴᠠ ᠠᠯᠪᠠᠨ ᠵᠠᠷᠯᠡᠯ ᠨᠡᠶᠢᠲᠡᠯᠡᠵᠦ᠂ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠢᠶᠠᠷ  ᠦᠨᠡᠯᠡᠨ ᠲᠣᠭᠲᠠᠭ᠋ᠵᠡᠢ᠃      2014 ᠣᠨ ᠤ 1 ᠰᠠᠷ᠎ᠠ ᠶᠢᠨ 26 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠷᠠᠰᠢᠶᠠᠨ ᠳᠤ ᠠᠵᠢᠯ ᠪᠠᠶᠢᠴᠠᠭᠠᠬᠤ ᠳᠠᠭᠠᠨ ︽ᠷᠠᠰᠢᠶᠠᠨ ᠤ ᠵᠣᠭᠠᠴᠠᠯ ᠯᠠᠪᠲᠠᠶ ᠬᠥᠭᠵᠢᠶᠡᠨ ᠲᠠᠢ ᠪᠣᠯᠤᠨ᠎ᠠ︾ ᠭᠡᠵᠦ ᠵᠢᠭᠠᠵᠤ ᠭᠠᠷᠭᠠᠪᠠ᠂ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠰᠠᠶᠢᠲᠤᠷ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠬᠢᠩᠭᠠᠨ ᠠᠶᠢᠮᠠᠭ ᠤᠨ ᠷᠠᠰᠢᠶᠠᠨ ᠤ ᠤᠯᠤᠰ ᠤᠨ ᠲᠠᠰ ᠤᠨ ᠰᠡᠯᠡᠭᠦᠴᠠᠨ ᠵᠣᠭᠠᠴᠠᠬᠤ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ︾ ᠭᠡᠵᠦ ᠲᠣᠳᠣᠷᠬᠠᠶ ᠳᠤᠷᠠᠳᠤᠨ ᠭᠠᠷᠭᠠᠵᠠᠶ᠃ ᠣᠳᠣᠬᠠᠨ ᠳᠤ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠤᠯᠤᠰ ᠤᠨ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢ ᠴᠢᠩᠭᠠᠳᠬᠠᠨ ᠦᠷᠭᠦᠯᠵᠢᠯᠡᠨ ᠡᠷᠡᠯᠬᠡᠭᠯᠡᠨ  ᠤᠷᠤᠬᠰᠢᠯᠠᠵᠦ ᠪᠠᠶᠢᠨ᠎ᠠ᠃      ᠷᠠᠰᠢᠶᠠᠨ ᠢᠶᠠᠷ  ᠶᠠᠭᠠᠬᠢᠵᠤ ᠲᠣᠭᠤᠷᠢᠵᠣ ᠨᠠᠭᠠᠳᠬᠤ ᠪᠤᠢ︖
     ᠤᠢ ᠰᠢᠭᠤᠢ ᠪᠠᠷ ᠰᠡᠳᠤᠪᠯᠡᠭᠰᠡᠨ ᠵᠤᠭᠠᠴᠠᠯ᠄ ᠷᠠᠰᠢᠶᠠᠨ ᠤ ᠤᠯᠤᠰ ᠤᠨ ᠲᠠᠰ ᠤᠨ ᠣᠶ ᠰᠢᠭᠤᠶ ᠶᠢᠨ ᠴᠡᠴᠡᠷᠯᠢᠭ᠂ ︽ᠯᠣ᠋ ᠵᠢᠶᠣᠣ ᠸᠠᠨ︾ ᠪᠦᠬᠦ ᠬᠡᠷ ᠢᠶᠠᠷ ᠢᠶᠠᠨ ᠰᠡᠯᠡᠬᠦᠴᠡᠨ ᠲᠤᠭᠤᠷᠢᠬᠤ ᠠᠮᠠᠷᠠᠯᠲᠠ ᠶᠢᠨ ᠭᠠᠵᠠᠷ ᠤᠨ ᠲᠥᠷᠥᠯ  ᠵᠣᠶᠢᠯ ᠵᠡᠷᠭᠡ  ᠪᠠᠭᠳᠠᠨ᠎ᠠ  ᠃
     ᠬᠠᠯᠠᠭᠤᠨ ᠪᠦᠯᠢᠶᠡᠨ ᠷᠠᠰᠢᠶᠠᠨ ᠢᠶᠠᠷ ᠰᠡᠳᠤᠪᠯᠡᠭᠰᠡᠨ ᠵᠤᠭᠠᠴᠠᠯ᠄ ᠲᠠᠢ ᠸᠧᠶ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ᠂ ᠬᠠᠯᠠᠭᠤᠨ ᠷᠠᠰᠢᠶᠠᠨ ᠤ ᠡᠷᠡᠭᠦᠯ ᠮᠡᠨᠳᠦ ᠶᠢᠨ ᠠᠮᠠᠷᠠᠯᠲᠠ ᠶᠢᠨ ᠲᠥᠪ ᠵᠡᠷᠭᠡ ᠪᠠᠭᠳᠠᠨ᠎ᠠ᠃
     ᠮᠦᠰᠦ ᠴᠠᠰᠦ ᠪᠠᠷ ᠰᠡᠳᠤᠪᠯᠡᠭᠰᠡᠨ ᠵᠤᠭᠠᠴᠠᠯ᠄ ᠮᠥᠰᠥ ᠴᠠᠰᠤᠨ ᠤ ᠲᠠᠮᠢᠷ ᠤᠨ ᠲᠥᠪ᠂ ᠪᠠᠶ ᠯᠠᠩ ᠤᠷᠬᠢᠯ ᠤᠨ ᠴᠠᠰᠦᠨ ᠳᠤ ᠭᠤᠯᠭᠤᠬᠤ ᠲᠠᠯᠠᠪᠠᠶ᠂ ᠲᠠᠢ ᠸᠧᠶ  ᠴᠠᠰᠦᠨ ᠳᠤ ᠭᠤᠯᠭᠤᠬᠤ ᠲᠠᠯᠠᠪᠠᠶ ᠵᠡᠷᠭᠡ ᠪᠠᠭᠳᠠᠨ᠎ᠠ᠃      ᠶᠠᠮᠠᠷ ᠶᠠᠮᠠᠷ ᠵᠤᠭᠠᠴᠠᠯ ᠤᠨ ᠲᠦᠷᠦᠯ ᠵᠦᠢᠯ ᠢ ᠪᠠᠶᠢᠭᠤᠯᠵᠦ ᠪᠠᠶᠢᠬᠤ ᠪᠤᠢ  ︖      35 ᠵᠦᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠨ ᠪᠠᠶᠢᠭᠤᠯᠵᠤ᠂ 2022 ᠣᠨ ᠤ 5 ᠰᠠᠷ᠎ᠠ ᠠᠴᠠ ᠲᠠᠢ ᠸᠧᠢ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ᠂ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠪ᠂ ︽ᠯᠣ᠋ ᠵᠢᠶᠣᠣ ᠸᠠᠨ︾ ᠬᠤᠪᠢ ᠶᠢᠨ ᠮᠠᠰᠢᠨ ᠲᠡᠷᠭᠡᠨ ᠤ ᠪᠠᠭᠤᠴᠠ᠂ ᠤᠢ ᠰᠢᠭᠤᠢ ᠶᠢᠨ ᠤᠬᠢᠶᠠᠯᠭ᠎ᠠ ᠵᠡᠷᠭᠡ 15 ᠲᠦᠷᠦᠯ ᠵᠦᠢᠯ ᠢ ᠲᠥᠪᠯᠡᠷᠡᠭᠦᠯᠦᠨ ᠪᠠᠷᠢᠯᠭ᠎ᠠ ᠡᠬᠢᠯᠡᠭᠦᠯᠵᠡᠢ᠃      ᠬᠠᠯᠠᠭᠤᠨ ᠷᠠᠰᠢᠶᠠᠨ᠂ ᠮᠥᠰᠥ ᠴᠠᠰᠤᠨ ᠤ ᠡᠬᠢ ᠰᠤᠷᠪᠤᠯᠵᠢ ᠶᠢ ᠭᠦᠨ ᠠᠭᠤᠳᠠᠯᠵᠤ᠂ ᠪᠥᠬᠦ ᠠᠵᠤ ᠣᠶᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠠᠵᠢᠯ ᠢ ᠪᠦᠷᠢᠨᠰᠢᠬᠦᠯᠦᠨ᠂ ᠷᠠᠰᠢᠶᠠᠨ ᠤ ᠦᠨᠦᠷ ᠠᠮᠳᠠᠳᠤ  ᠬᠤᠭᠤᠯᠠ᠂ ᠪᠡᠯᠡᠭ  ᠰᠠᠯᠳᠠ ᠶᠢᠨ ᠡᠳ᠋᠂ ᠬᠤᠨᠤᠭ ᠢᠶᠠᠷ ᠨᠠᠶᠢᠷᠯᠠᠬᠤ ᠴᠤᠭᠯᠠᠭᠠᠨ᠂ ᠶᠠᠷᠢᠯᠴᠠᠭᠠᠨ ᠤ ᠲᠠᠪᠴᠠᠩ ᠵᠡᠷᠭᠡ ᠵᠤᠭᠠᠴᠠᠯ ᠤᠨ ᠪᠦᠲᠦᠭᠡᠭᠳᠡᠬᠦᠨ ᠢ ᠬᠥᠭᠵᠢᠭᠡᠨ ᠪᠤᠵᠠᠭᠠᠶᠢᠷᠠᠭᠤᠯᠤᠨ᠎ᠠ  ᠃      ︽ᠵᠢᠵᠢᠭ ᠪᠤᠯᠪᠠᠴᠦ ᠨᠠᠷᠢᠯᠢᠭ᠂ ᠰᠢᠯᠢᠳᠡᠭ᠂ ᠭᠤᠶᠣ᠂ ᠣᠨᠴᠠᠭᠠᠶ︾ ᠬᠤᠲᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠮᠠᠷᠠᠯᠲᠠ ᠶᠢᠨ ᠣᠷᠣᠨ ᠤ ᠪᠠᠷᠢᠮᠵᠢᠶ᠎ᠠ ᠶᠣᠰᠣᠭᠠᠷ᠂ ᠰᠠᠭᠤᠷᠢ ᠲᠦᠬᠦᠭᠡᠷᠣᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠣᠯᠠᠨ ᠨᠡᠶᠢᠲᠡ ᠶᠢᠨ ᠣᠶᠢᠯᠡᠴᠢᠯᠡᠭᠡᠨ ᠤ  ᠴᠢᠳᠠᠪᠬᠢ ᠶᠢ ᠳᠡᠭᠡᠭᠰᠢᠯᠡᠭᠦᠯᠵᠤ᠂ ᠬᠤᠲᠠ ᠶᠢᠨ ᠳᠦᠷᠢ ᠲᠥᠷᠬᠦ ᠶᠢ ᠱᠤᠭᠤᠵᠤ᠂ ︽ᠠᠭᠤᠯᠠ ᠤᠰᠤ ᠬᠠᠷᠢᠯᠴᠠᠨ ᠠᠭᠤᠰᠤᠯᠴᠠᠭᠰᠠᠨ ᠂ ᠦᠵᠡᠮᠵᠢ ᠶᠢᠨ ᠬᠤᠲᠠ ᠶᠢ ᠨᠢᠭᠡ ᠴᠤᠭᠴᠠᠵᠢᠭᠤᠯᠤᠭᠰᠠᠨ᠂ ᠡᠵᠡᠨ ᠵᠣᠴᠢᠨ ᠬᠠᠮᠲᠤ ᠪᠠᠷ ᠡᠳ᠋ᠯᠡᠬᠦ︾ ᠣᠳᠣᠬᠢᠴᠢᠯᠠᠭᠰᠠᠨ ᠵᠤᠭᠠᠴᠠᠯ ᠤᠨ ᠬᠤᠲᠠ ᠶᠢ ᠪᠥᠲᠥᠭᠡᠨ  ᠪᠠᠶᠢᠭᠤᠯᠵᠦ ᠪᠠᠶᠢᠨ᠎ᠠ᠃
     ᠢᠷᠡᠭᠡᠳᠦᠢ ᠳᠤ ︽ ᠰᠦᠷᠯᠢᠭ ᠬᠢᠩᠭᠠᠨ · ᠰᠢᠳᠢᠳᠣ ᠷᠠᠰᠢᠶᠠᠨ᠂ ᠭᠠᠯᠲᠤ ᠠᠭᠤᠯᠠ ᠶᠢᠨ ᠬᠠᠯᠠᠭᠤᠨ ᠷᠠᠰᠢᠶᠠᠨ ᠤ ᠨᠤᠳᠤᠭ · ᠲᠠᠮᠢᠷ ᠤᠨ ᠬᠥᠳᠡᠯᠭᠡᠭᠡᠨ ᠤ ᠡᠷᠡᠭᠦᠯ ᠬᠠᠮᠠᠭᠠᠯᠠᠯ ᠤᠨ ᠭᠠᠵᠠᠷ︾ ᠭᠡᠬᠦ ᠨᠡᠷᠡᠳᠦ  ᠲᠡᠮᠳᠡᠭᠲᠦ ᠶᠢ ᠶᠡᠬᠡᠪᠡᠷ ᠬᠦᠭᠵᠢᠬᠦᠯᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号