2022 ᠣᠨ ᠤ ︽ᠳᠤᠮᠳᠠᠳᠤ ᠤᠯᠤᠰ ᠤᠨ ᠵᠣᠭᠠᠴᠠᠯ ᠤᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠲᠠᠯᠠᠪᠠᠶ ᠶᠢᠨ ᠠᠵᠢᠯᠯᠠᠭ᠎ᠠ  ᠷᠠᠰᠢᠶᠠᠨ  ᠬᠤᠳᠠᠨ ᠳᠤ ᠶᠠᠪᠤᠬᠳᠠᠪᠠ
ᠨᠡᠶᠢᠲᠡᠯᠡᠭᠰᠡᠨ ᠴᠠᠭ᠄
2022/5/23
     5 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠣᠭᠠᠴᠠᠯ ᠤᠨ ᠲᠢᠩᠬᠢᠮ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠡᠯ᠎ᠡ ᠠᠶᠢᠮᠠᠭ ᠤᠨ ᠵᠠᠬᠢᠷᠭ᠎ᠠ᠂  ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ︽ᠳᠤᠮᠳᠠᠳᠤ ᠶᠢᠨ ᠰᠣᠶᠣᠯ ᠢ ᠣᠶᠢᠯᠠᠭᠠᠵᠤ᠂ ᠰᠠᠶᠢᠨ ᠰᠠᠶᠢᠬᠠᠨ ᠵᠣᠭᠠᠴᠠᠯ ᠢ ᠪᠠᠶᠠᠴᠢᠯᠡᠨ ᠣᠶᠢᠯᠠᠭᠠᠶ᠎ᠠ︾ ᠬᠡᠬᠦ 2022 ᠣᠨ ᠤ ︽ᠳᠤᠮᠳᠠᠳᠤ ᠤᠯᠤᠰ ᠤᠨ ᠵᠣᠭᠠᠴᠠᠯ ᠤᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠰᠢᠷᠢᠰ ᠠᠵᠢᠯᠯᠠᠭ᠎ᠠ  ᠷᠠᠰᠢᠶᠠᠨ  ᠬᠤᠳᠠᠨ ᠳᠤ ᠶᠠᠪᠤᠬᠳᠠᠪᠠ᠃
     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ︽ᠳᠤᠮᠳᠠᠳᠤ ᠤᠯᠤᠰ ᠤᠨ ᠵᠣᠭᠠᠴᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠭᠠᠴᠠᠯ ᠤᠨ ᠰᠢᠷᠢᠰ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠲᠤᠰ ᠲᠤᠰ ᠪᠠᠶᠠᠷ ᠤᠨ ᠦᠭᠡ ᠶᠠᠷᠢᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ  ᠨᠠᠷᠢᠨ ᠪᠢᠴᠢᠭ ᠤᠨ ᠳᠡᠳ᠋ ᠳᠠᠷᠤᠭ᠎ᠠ ᠱᠢ ᠮᠥᠸᠧ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠭᠤᠤ ᠱᠢ ᠴᠢᠨ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠬᠤᠤ ᠶᠢᠩ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠮᠠ ᠸᠧᠨ ᠂ ᠠᠶᠢᠮᠠᠭ ᠤᠨ ᠤᠳᠤᠷᠢᠳᠤᠯᠭ᠎ᠠ ᠯᠢ ᠭᠦᠸᠧ ᠬᠤᠩ᠂ ᠯᠢ ᠰᠢᠶᠤᠤ ᠭᠤᠸᠠᠩ᠂ ᠴᠢᠦᠢ ᠵᠧᠨ ᠨᠢᠶᠠᠨ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠰᠢᠶᠤᠤ ᠬᠤᠸᠠᠨ ᠨᠠᠷ  ᠲᠤᠰ ᠠᠵᠢᠯᠯᠠᠭ᠎ᠠ ᠳᠤ ᠣᠷᠣᠯᠴᠠᠪᠠ᠃
     ᠬᠤ᠋ ᠹᠧᠩ᠂ ᠰᠣᠶᠣᠯ ᠵᠤᠭᠠᠴᠠᠯ ᠤᠨ ᠠᠵᠤ ᠦᠢᠯᠡᠰ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ  ᠪᠤᠯᠵᠦ ᠬᠥᠭᠵᠢᠭᠰᠡᠨ ᠪᠠᠶᠢᠨ᠎ᠠ᠃ ᠪᠥᠬᠦ ᠣᠷᠣᠨ ᠤ ᠡᠯ᠎ᠡ ᠭᠠᠵᠠᠷ ᠤᠨ ᠬᠢᠨ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠬᠠᠭᠤᠯᠭ᠎ᠠ ᠲᠦᠭᠡᠮᠡᠯᠵᠢᠬᠦᠯᠭᠡ ᠪᠠ ᠰᠣᠶᠣᠯ ᠵᠣᠭᠠᠴᠠᠯ ᠢᠶᠠᠷ ᠠᠷᠠᠳ ᠲᠤ ᠠᠰᠢᠭ ᠬᠦᠷᠲᠡᠭᠡᠬᠦ ᠭᠤᠤᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠤ᠂ ︽ᠥᠪᠥᠷ ᠮᠣᠩᠭᠤᠯ ᠤᠨ ᠬᠥᠮᠦᠰ ᠥᠪᠥᠷ ᠮᠣᠩᠭᠤᠯ ᠢᠶᠠᠷ ᠢᠶᠠᠨ ᠵᠣᠭᠠᠴᠠᠬᠤ︾ ᠶᠢ ᠶᠡᠭᠡ ᠪᠠᠷ ᠰᠠᠨᠠᠭᠠᠴᠢᠯᠠᠨ᠂ ᠥᠪᠥᠷ ᠮᠣᠩᠭᠤᠯ ᠤᠨ ᠭᠤᠶᠣ ᠰᠠᠶᠢᠬᠠᠨ ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠲᠡᠤᠬᠡ ᠰᠣᠶᠣᠯ ᠪᠠ ᠠᠷᠠᠳ ᠤᠨ ᠵᠠᠩ ᠣᠶᠢᠯᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠵᠣᠭᠠᠴᠠᠯ ᠢ ᠵᠡᠭᠦᠨ ᠠᠴᠠ ᠪᠠᠷᠠᠭᠤᠨᠰᠢ ᠦᠷᠬᠦᠯᠵᠢ ᠬᠦᠷ ᠬᠥᠭᠵᠢᠶᠡᠨ ᠲᠠᠢ ᠪᠠᠶᠢᠯᠭᠠᠬᠤ ᠪᠠᠷ ᠴᠢᠷᠮᠠᠶᠢᠨ᠎ᠠ ᠭᠡᠵᠡᠢ᠃     ᠰᠦᠬᠡ᠂ ᠬᠢᠩᠭᠠᠨ ᠠᠶᠢᠮᠠᠭ ︽ ᠨᠤᠮᠢᠨ ᠨᠣᠭᠤᠭᠠᠨ᠂ ᠬᠤᠪᠢᠰᠬᠠᠯᠳᠤ ᠤᠳᠤᠮᠰᠢᠯ︾ ᠢ ᠪᠦᠬᠦ ᠲᠠᠯ᠎ᠠ ᠪᠠᠷ ᠰᠠᠶᠢᠲᠤᠷ ᠬᠢᠵᠦ᠂ ᠳᠡᠭᠡᠳᠦ ᠲᠡᠰ ᠤᠨ ᠵᠤᠭᠠᠴᠠᠯ ᠤᠨ ᠲᠦᠷᠦᠯ ᠵᠦᠢᠯ᠂ ᠤᠨᠴᠠᠯᠢᠬᠳᠤ ᠵᠤᠭᠠᠴᠠᠯ ᠤᠨ ᠦᠢᠯᠡᠰ᠂ ᠵᠤᠭᠠᠴᠠᠯ ᠢ ᠪᠡᠶᠡᠴᠢᠯᠡᠨ ᠣᠶᠢᠯᠠᠭᠠᠬᠤ᠂ ᠠᠮᠠᠷᠠᠯᠲᠠ ᠶᠢᠨ ᠮᠠᠶ᠋ᠢᠭ ᠤᠨ ᠵᠤᠭᠠᠴᠠᠯ ᠤᠨ ᠬᠡᠯᠪᠡᠷᠢ ᠶᠢ ᠪᠦᠬᠦ ᠬᠦᠴᠦᠨ ᠢᠶᠠᠷ ᠡᠭᠦᠳᠣᠨ ᠪᠠᠶᠢᠭᠤᠯᠵᠤ᠂ ᠬᠢᠩᠭᠠᠨ ᠠᠶᠢᠮᠠᠭ ᠤᠨ ᠵᠤᠭᠠᠴᠠᠯ ᠤᠨ ᠲᠦᠷᠦᠯ ᠲᠡᠮᠳᠡᠭ ᠲᠤ ᠬᠡᠷᠡᠯ ᠬᠢᠯᠪᠠᠭ᠎ᠠ ᠨᠠᠮᠠᠷᠢᠯᠠᠨ᠎ᠠ᠃  ᠥᠷᠭᠡᠨ ᠤᠯᠠᠨ ᠵᠤᠭᠠᠴᠠᠭᠰᠠᠳ ᠢ ᠬᠢᠩᠭᠠᠨ ᠠᠶᠢᠮᠠᠭ ᠲᠤ ᠢᠷᠡᠬᠦᠯᠵᠤ ᠰᠡᠯᠡᠭᠦᠴᠡᠨ ᠠᠮᠠᠷᠠᠬᠤ  ᠪᠡ ᠥᠷᠭᠡᠨ ᠤᠯᠠᠨ ᠠᠵᠤ ᠠᠬᠤᠶᠢᠯᠠᠯᠲᠠᠳ ᠤᠨ ᠬᠢᠩᠭᠠᠨ ᠠᠶᠢᠮᠠᠭ ᠤᠨ ᠵᠤᠭᠠᠴᠠᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ᠂ ᠭᠡᠷᠡᠯ ᠰᠠᠴᠤᠷᠠᠩᠭᠤᠢ ᠦᠢᠯᠡᠰ ᠢ ᠬᠠᠮᠲᠤᠪᠠᠷ ᠴᠣᠭᠴᠠᠯᠠᠵᠤ᠂ ᠴᠠᠭ ᠦᠶ᠎ᠡ ᠶᠢᠨ ᠬᠦᠰᠡᠯ ᠵᠡᠭᠦᠳᠦ ᠶᠢ ᠬᠠᠮᠲᠤᠪᠠᠷ ᠲᠡᠷᠭᠡᠯᠰᠢᠯᠠᠭᠦᠯᠦᠶ᠎ᠠ ᠭᠡᠵᠣ ᠢᠯᠡᠳᠭᠡᠪᠡ᠃      ᠲᠤᠰ ᠠᠵᠢᠯᠯᠠᠭ᠎ᠠ ᠳᠤ ︽ᠥᠪᠥᠷ ᠮᠣᠩᠭᠤᠯ ᠤᠨ ᠬᠥᠮᠦᠰ ᠥᠪᠥᠷ ᠮᠣᠩᠭᠤᠯ ᠢᠶᠠᠷ  ᠢᠶᠠᠨ ᠵᠣᠭᠠᠴᠠᠬᠤ ᠰᠠᠨᠠᠭᠠᠴᠢᠯᠠᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠠᠴᠠ ᠪᠦᠬᠦ ᠤᠯᠤᠰ ᠤᠨ ᠵᠤᠭᠠᠴᠠᠭᠰᠠᠳ ᠲᠤ ᠢᠯᠡᠭᠡᠭᠰᠡᠨ ᠵᠠᠬᠢᠳᠠᠯ︾ ᠢ ᠤᠩᠰᠢᠨ ᠨᠡᠶᠢᠲᠡᠯᠡᠵᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠭᠠᠴᠠᠯ ᠤᠨ ᠣᠶᠢᠯᠡᠰ ᠤᠨ 2022 ᠣᠨ ᠤ ᠠᠵᠢᠯᠯᠠᠭᠠᠨ ᠤ ᠲᠥᠰᠦᠯ︾ ᠢ ᠨᠡᠶᠢᠲᠡᠯᠡᠵᠦ᠂ ᠤᠯᠤᠰ ᠤᠨ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠲᠥᠷᠥᠯ ᠵᠣᠶᠢᠯ ᠳᠤ ᠲᠤᠭ ᠣᠯᠭᠤᠬᠤ ᠶᠣᠰᠣᠯᠠᠯ ᠶᠠᠪᠤᠭᠤᠯᠤᠭᠰᠠᠨ ᠪᠦᠭᠡᠳ ᠢᠯᠢ ᠶᠢᠨ ᠰᠦᠨ ᠨᠡᠶᠢᠰᠯᠡᠯ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠵᠡᠷᠭᠡ ᠲᠦᠷᠦᠭᠦᠤ ᠪᠦᠯᠦᠭ ᠤᠨ ᠪᠥᠬᠦ ᠤᠯᠤᠰ ᠤᠨ ᠪᠣᠯᠪᠠᠰᠤᠨ ᠵᠣᠭᠠᠴᠠᠯ ᠤᠨ ᠬᠤᠶᠠᠷ ᠵᠢᠱᠢᠶ᠎ᠡ ᠦᠵᠡᠭᠦᠯᠬᠦ ᠨᠢᠭᠡᠴᠢ ᠪᠠ ᠷᠠᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠳᠤ ᠫᠠᠶᠢᠰᠠ ᠣᠯᠭᠤᠵᠡᠢ᠃ ᠡᠯ᠎ᠡ ᠠᠶᠢᠮᠠᠭ ᠬᠤᠲᠠ  ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠵᠣᠭᠠᠴᠠᠯ ᠤᠨ ᠦᠵᠡᠮᠵᠢ ᠶᠢᠨ ᠣᠷᠣᠨ ᠤ ᠠᠷᠠᠳ ᠲᠤ ᠠᠰᠢᠭ ᠬᠦᠷᠲᠡᠭᠡᠬᠦ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠭᠰᠠᠨ ᠪᠠᠶᠢᠨ᠎ᠠ᠃ ᠪᠤᠭᠤᠲᠤ ᠬᠤᠳᠠ᠂ ᠤᠷᠳᠤᠰ ᠬᠤᠳᠠ ᠶᠢᠨ ᠬᠢᠨ 2023 ᠣᠨ ᠤ ︽ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠢ ᠶᠢ ᠥᠷᠢᠰᠥᠯᠳᠦᠨ ᠡᠷᠬᠢᠯᠡᠬᠦ ᠠᠵᠢᠯᠯᠠᠭ᠎ᠠ ᠶᠢᠨ ᠲᠤᠬᠠᠢ ᠪᠤᠳᠠᠳᠤ ᠲᠠᠯᠠᠪᠠᠢ ᠳᠤ ᠲᠠᠨᠢᠯᠴᠠᠭᠤᠯᠭ᠎ᠠ ᠬᠢᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠳᠠᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠳ᠋ ᠪᠠᠷᠠᠭᠠᠨ ᠤ ᠭᠦᠢᠯᠭᠡᠭᠡ ᠲᠦᠷᠭᠡᠨ ᠬᠦᠷᠭᠡᠭᠴᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠤ ᠲᠥᠯᠥᠭᠡᠯᠡᠭᠴᠢ ᠳᠤ ᠵᠤᠭᠠᠴᠠᠯ ᠤᠨ ᠪᠡᠯᠡᠭ ᠬᠦᠷᠭᠡᠪᠡ᠃      ᠲᠤᠰ ᠠᠵᠢᠯᠯᠠᠭ᠎ᠠ ᠶᠢᠨ ᠬᠤᠭᠤᠴᠠᠭᠠᠨ ᠳᠤ ᠡᠷᠬᠢᠯᠡᠭᠰᠡᠨ ᠤᠨᠴᠠᠯᠢᠬᠳᠤ ᠵᠤᠭᠠᠴᠠᠯ ᠤᠨ ᠲᠠᠸᠠᠷ ᠵᠢᠴᠢ ᠪᠣᠳᠡᠰ  ᠤᠨ ᠪᠣᠰᠣ ᠰᠣᠶᠣᠯ ᠤᠨ ᠥᠪ ᠤᠨ  ᠪᠦᠲᠦᠭᠡᠭᠳᠡᠬᠦᠨ ᠤ ᠦᠵᠡᠰᠬᠦᠯᠡᠩ᠂ ᠪᠣᠯᠪᠠᠰᠤᠨ ᠵᠤᠭᠠᠴᠠᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠭᠠᠷ ᠵᠢᠷᠤᠭ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠣ᠂ ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠲᠠᠲᠠᠵᠠᠶ᠃      ᠡᠯ᠎ᠡ ᠠᠶᠢᠮᠠᠭ ᠬᠤᠲᠠ  ᠭᠤᠤᠯ ᠰᠡᠳᠦᠪᠲᠦ ᠠᠵᠢᠯᠯᠠᠭ᠎ᠠ ᠶᠢ ᠵᠡᠷᠭᠡ ᠳᠤᠨᠢ ᠵᠣᠬᠢᠶᠠᠨ ᠪᠠᠶᠢᠭᠤᠯᠤᠨ ᠥᠷᠨᠢᠭᠦᠯᠪᠡ
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号