ᠷᠠᠰᠢᠶᠠᠨ ᠬᠤᠳᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠢ ᠠᠮᠵᠢᠯᠲᠠ ᠲᠠᠢ ᠪᠠᠷ ᠡᠭᠦᠳᠦᠨ  ᠪᠠᠶᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2022/5/24
     5 ᠰᠠᠷ᠎ᠠ ᠶᠢᠨ 19 ᠤ ᠡᠳᠦᠷ᠂ 12 ᠳ᠋ᠤᠭᠠᠷ ᠳᠤᠮᠳᠠᠳᠤ ᠤᠯᠤᠰ ᠤᠨ ᠵᠣᠭᠠᠴᠠᠯ ᠤᠨ ᠡᠳᠦᠷ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠣᠭᠠᠴᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠸᠧᠨ ᠵᠢᠶᠦ᠋ᠨ ᠷᠠᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠳᠤ ᠵᠢᠩᠬᠢᠨᠢ ᠪᠠᠷ ᠫᠠᠶᠢᠰᠠ ᠣᠯᠭᠤᠵᠤ᠂ ᠷᠠᠰᠢᠶᠠᠨ ᠬᠤᠳᠠ ᠠᠮᠵᠢᠯᠳᠠ ᠲᠠᠢ ᠪᠠᠷ  ᠥᠪᠡᠷᠲᠡᠭᠡᠨ ᠵᠠᠰᠠᠬᠤ ᠣᠷᠣᠨ ᠤ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠪᠤᠯᠤᠬᠰᠠᠨ ᠢ ᠲᠤᠩᠬᠠᠯᠠᠵᠠᠢ᠃      ᠷᠠᠰᠢᠶᠠᠨ ᠬᠤᠳᠠ ᠥᠪᠡᠷᠲᠡᠭᠡᠨ ᠵᠠᠰᠠᠬᠤ ᠣᠷᠣᠨ ᠤ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠷᠠᠰᠢᠶᠠᠨ ᠬᠤᠳᠠᠨ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ︽ᠷᠠᠰᠢᠶᠠᠨ ᠤ ᠤᠯᠤᠰ ᠤᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠬᠦ︾ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠠ ᠪᠠᠶᠢᠵᠣ᠂ ᠮᠦᠨ ᠴᠣ᠋ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳᠡᠭᠡᠳᠦ ᠬᠡᠮᠵᠢᠶᠡᠨ ᠤ ᠴᠢᠬᠤᠯᠠᠴᠢᠯᠠᠯ ᠢ ᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠦᠦ ᠰᠢᠶᠠᠨ ᠬᠤᠸᠠ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠰᠣᠶᠣᠯ ᠪᠠ ᠵᠣᠭᠠᠴᠠᠯ ᠤᠨ ᠲᠢᠩᠬᠢᠮ᠂ ᠬᠢᠩᠭᠠᠨ ᠠᠶᠢᠮᠠᠭ ᠤᠨ ᠵᠠᠬᠢᠷᠭ᠎ᠠ ᠵᠡᠷᠭᠡ 27 ᠵᠥᠪᠯᠡᠯ ᠠᠯᠪᠠᠨ ᠬᠡᠷ ᠲᠢᠩᠬᠢᠮ ᠲᠣᠪᠴᠢᠶ᠎ᠠ ᠶᠢᠨ ᠲᠠᠰ ᠤᠨ ᠨᠢᠭᠡᠴᠢ ᠪᠠᠷ ᠪᠦᠷᠢᠯᠳᠦᠬᠦᠨ ᠪᠣᠯᠭᠠᠭᠰᠠᠨ ᠷᠠᠰᠢᠶᠠᠨ ᠤ ᠤᠯᠤᠰ ᠤᠨ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠷᠠᠰᠢᠶᠠᠨ ᠳᠤ ᠪᠥᠬᠦ ᠣᠷᠣᠨ ᠤ ᠠᠩᠬᠠᠳᠠᠭᠴᠢ ᠵᠣᠭᠠᠴᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠢ ︵ᠵᠢᠩᠬᠢᠨᠢ ᠰᠠᠯᠠᠭᠠᠨ ᠤ ᠲᠠᠰ ᠤᠨ ᠠᠵᠢᠯ ᠣᠶᠢᠯᠡᠰ ᠤᠨ ᠨᠢᠭᠡᠴᠢ︶  ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠥᠬᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠣᠭᠠᠴᠠᠯ ᠤᠨ ᠲᠢᠩᠬᠢᠮ᠂ ᠬᠢᠩᠭᠠᠨ ᠠᠶᠢᠮᠠᠭ ᠤᠨ ᠵᠠᠬᠢᠷᠭ᠎ᠠ ᠬᠠᠮᠲᠤᠷᠠᠵᠤ᠂ ᠣᠯᠠᠨ ᠵᠠᠰᠠᠭ ᠵᠠᠬᠢᠷᠭᠠᠨ ᠤ ᠱᠠᠳᠣ ᠳᠠᠪᠬᠤᠷᠭ᠎ᠠ᠂ ᠣᠯᠠᠨ ᠲᠥᠷᠥᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ᠂ ᠣᠯᠠᠨ ᠲᠥᠷᠥᠯ ᠤᠨ ᠥᠮᠴᠢᠯᠡᠯ ᠤᠨ ᠲᠦᠷᠢᠮ ᠬᠠᠮᠲᠤᠪᠠᠷ ᠰᠢᠨ᠎ᠡ ᠶᠢ ᠡᠭᠦᠳᠴᠣ ︽ᠷᠠᠰᠢᠶᠠᠨ ᠤ ᠡᠭᠦᠳᠦᠨ ᠪᠠᠶᠢᠭᠤᠯᠣᠯᠳᠡ  ᠶᠢᠨ ᠵᠠᠭᠪᠤᠷ︾ ᠢ  ᠪᠦᠷᠢᠯᠳᠣᠬᠦᠯᠵᠡᠢ᠂ ︽ᠵᠣᠭᠠᠴᠠᠯ ᠤᠨ ᠠᠮᠠᠷᠠᠯᠲᠠ ᠶᠢᠨ ᠣᠷᠣᠨ ᠤ ᠵᠡᠷᠭᠡ ᠳᠡᠰ ᠤᠨ ᠬᠤᠪᠢᠶᠠᠷᠢᠯᠠᠯ ︾ ᠤᠨ ᠪᠠᠷᠢᠮᠵᠢᠶ᠎ᠠ ᠪᠠᠷ᠂ 53.62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 35 ᠭᠤᠤᠯᠳᠠᠯᠭ᠎ᠠ ᠲᠠᠢ ᠲᠥᠷᠥᠯ ᠵᠣᠶᠢᠯ ᠢ ᠳᠡᠮᠵᠢᠨ ᠪᠥᠲᠥᠭᠡᠨ ᠪᠠᠶᠢᠭᠤᠯᠬᠤ ᠪᠠᠷ ᠪᠣᠢ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠣᠭᠠᠴᠠᠯ ᠤᠨ ᠲᠢᠩᠬᠢᠮ ᠨᠢ ᠵᠣᠭᠠᠴᠠᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠠᠴᠠ 4519 ᠲᠦᠮᠡᠨ ᠲᠥᠭᠦᠷᠢᠭ ᠭᠠᠷᠭᠠᠵᠣ᠂ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠣᠶᠣᠯ ᠢ ᠬᠠᠮᠠᠭᠠᠯᠠᠨ ᠤᠯᠠᠮᠵᠢᠯᠠᠵᠣ ᠠᠰᠢᠭᠯᠠᠬᠤ ᠢᠨᠵᠧᠨᠧᠷᠢᠩ ᠠᠴᠠ 3200 ᠲᠦᠮᠡᠨ ᠲᠥᠭᠦᠷᠢᠭ ᠢ ᠴᠢᠷᠮᠠᠶᠢᠨ ᠣᠯᠵᠤ᠂ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠭᠤᠤᠯᠳᠠᠯᠭ᠎ᠠ ᠲᠠᠢ ᠲᠥᠷᠥᠯ  ᠵᠣᠶᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠪᠠᠷ ᠪᠠᠶᠢᠨ᠎ᠠ᠃       ᠷᠠᠰᠢᠶᠠᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠪᠣᠯ ᠷᠠᠰᠢᠶᠠᠨ — ᠴᠠᠢ ᠡᡁᠧ 5A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠤ ᠳᠠᠷᠠᠭᠠᠬᠢ ᠷᠠᠰᠢᠶᠠᠨ ᠤ ᠪᠠᠰᠠ ᠨᠢᠭᠡᠨ ᠭᠡᠷᠡᠯ ᠬᠢᠯᠪᠠᠭ᠎ᠠ ᠲᠠᠢ ᠢᠨᠵᠧᠨᠧᠷᠢᠩ ᠪᠣᠯᠤᠨ᠎ᠠ᠂ ︽ᠬᠤᠣᠰ ᠬᠥᠳᠡᠯᠭᠡᠭᠦᠷ︾ ᠤᠨ ᠬᠤᠪᠢ ᠪᠠᠷ ᠷᠠᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠵᠤ᠂ ︽ᠰᠣᠶᠣᠯ + ᠵᠤᠭᠠᠴᠠᠯ + ᠠᠮᠢ ᠠᠬᠤᠢ + ᠠᠮᠠᠷᠠᠯᠲᠠ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦᠯᠬᠦ ᠶᠢ ᠠᠬᠢᠭᠤᠯᠵᠤ᠂ ᠳᠡᠯᠡᠬᠡᠢ ᠶᠢᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号