ᠯᠢᠨ ᠬᠠᠶ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ  ᠤᠬᠠᠭᠤᠯᠭ᠎ᠠ ᠬᠢᠵᠠᠢ
ᠨᠡᠶᠢᠲᠡᠯᠡᠭᠰᠡᠨ ᠴᠠᠭ᠄
2022/6/10
     6 ᠰᠠᠷ᠎ᠠ ᠶᠢᠨ 8 ᠤ ᠡᠳᠦᠷ᠂ ᠬᠠᠷᠢᠶ᠎ᠠ ᠣᠷᠣᠨ ᠤ ᠣᠯᠠᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠡᠮᠬᠢᠯᠡᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠦᠷᠨᠢᠬᠦᠯᠬᠦ ᠶᠢᠨ ᠲᠥᠯᠥᠭᠡ᠂ ᠷᠠᠰᠢᠶᠠᠨ ᠬᠤᠳᠠ ᠶᠢᠨ ᠯᠢᠨ ᠬᠠᠶ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ᠂ ᠬᠠᠤᠯᠢ ᠪᠤᠰᠤ ᠱᠠᠰᠢᠨ ᠰᠤᠷᠲᠠᠬᠤᠨ ᠢ ᠪᠠᠶᠢᠴᠠᠭᠠᠨ ᠢᠯᠡᠴᠢᠯᠡᠬᠦ ᠵᠢᠴᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠡᠢ᠃      ᠲᠤᠰ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠲᠤᠤᠷᠵᠢᠭᠤᠯᠤᠭᠴᠢ᠂ ᠰᠠᠶᠢᠨ ᠳᠤᠷ᠎ᠠ ᠶᠢᠨ ᠤᠶᠢᠯᠡᠴᠢᠯᠡᠭᠴᠢ ᠪᠠᠭ᠎ᠠ ᠲᠣᠭᠤᠷᠢᠭ ᠤᠨ ᠠᠭᠤᠳᠠᠮ ᠲᠠᠯᠠᠪᠠᠶ᠂ ᠬᠥᠮᠦᠨ ᠣᠯᠠᠨ ᠴᠤᠭᠯᠠᠷᠠᠬᠤ ᠭᠠᠵᠠᠷ ᠵᠢᠴᠢ ᠣᠶᠢᠷ᠎ᠠ ᠬᠠᠪᠢ ᠶᠢᠨ ᠬᠤᠳᠠᠯᠳᠤᠭ᠎ᠠ ᠲᠡᠯᠭᠡᠬᠦᠷ ᠵᠡᠷᠭᠡ ᠭᠤᠤᠯᠳᠠᠯᠭ᠎ᠠ ᠲᠠᠢ ᠣᠷᠣᠨ  ᠳᠤ ᠤᠬᠠᠭᠤᠯᠭ᠎ᠠ ᠬᠢᠵᠣ᠂ ᠣᠯᠠᠨ ᠲᠦᠮᠡᠨ ᠳᠤ ᠭᠠᠵᠢᠭᠤ ᠨᠣᠮᠯᠠᠯ ᠤᠨ ᠭᠤᠤᠯ ᠣᠨᠴᠠᠯᠢᠭ ᠪᠠ ᠬᠤᠤᠷ ᠬᠥᠨᠥᠭᠡᠯ ᠢ ᠨᠠᠷᠢᠨ ᠬᠢᠨᠠᠮᠠᠭᠠᠶ ᠲᠠᠶᠢᠯᠪᠤᠷᠢᠯᠠᠵᠤ ᠥᠭᠬᠦ ᠶᠢᠨ ᠬᠠᠮᠲᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠢᠯᠡᠷᠡᠬᠦ ᠦᠵᠡᠭᠳᠡᠯ ᠪᠠᠶᠢᠬᠤ ᠡᠰᠡᠬᠦ ᠶᠢ ᠯᠠᠪᠯᠠᠨ ᠠᠰᠠᠭᠤᠵᠤ᠂ ᠠᠵᠢᠯ ᠤᠨ ᠲᠡᠮᠳᠡᠭᠯᠡᠯ ᠢᠶᠠᠨ ᠰᠠᠶᠢᠲᠤᠷ ᠬᠢᠭᠰᠡᠨ ᠪᠠᠶᠢᠨ᠎ᠠ᠃ ᠡᠭᠦᠨ ᠤ ᠬᠠᠮᠲᠤ ᠬᠠᠷᠢᠶ᠎ᠠ ᠣᠷᠣᠨ ᠤ ᠣᠯᠠᠨ ᠲᠦᠮᠡᠨ ᠢ ᠳᠡᠷᠭᠡᠳᠡᠬᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ᠂ ᠭᠠᠵᠢᠭᠤ ᠨᠣᠮᠯᠠᠯ ᠤᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠨᠠᠷᠢᠨ ᠬᠢᠨᠠᠮᠠᠭᠠᠶ ᠠᠩᠬᠠᠷᠴᠤ᠂  ᠣᠯᠵᠤ ᠮᠡᠳᠡᠪᠡᠯ ᠴᠠᠭ ᠲᠤᠬᠠᠶ ᠳᠤᠨᠢ ᠵᠡᠭᠡᠯᠢ   ᠶᠢᠨ ᠨᠡᠶᠢᠭᠡᠮ ᠲᠣᠭᠤᠷᠢᠭ ᠲᠤ ᠬᠠᠷᠢᠭᠤ ᠮᠡᠳᠡᠭᠦᠯᠬᠦ ᠭᠡᠷᠡᠭᠳᠡᠢ ᠭᠡᠵᠣ ᠰᠠᠨᠠᠭᠤᠯᠪᠡ᠃         ᠲᠣᠰ ᠤᠳᠠᠭᠠᠨ ᠤ ᠪᠠᠶᠢᠴᠠᠭᠠᠯᠲᠠ ᠳᠤ᠂ ᠬᠠᠷᠢᠶ᠎ᠠ ᠣᠷᠣᠨ ᠤ ᠬᠡᠪᠴᠢᠶᠡᠨ ᠳᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠢᠯᠡᠷᠡᠭᠰᠡᠨ ᠥᠬᠡᠶ᠃
 
ᠢᠷᠡᠯᠲᠡ᠄ ᠷᠠᠰᠢᠶᠠᠨ ᠬᠤᠳᠠ ᠶᠢᠨ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号