ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠷᠠᠰᠢᠶᠠᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠲᠠᠢ ᠬᠠᠮᠲᠤᠷᠠᠨ ︽ᠮᠥᠩᠭᠦᠨ ᠬᠦᠢᠯᠭᠡᠭᠡᠨ ᠤ ᠮᠡᠳᠡᠯᠭᠡ ᠶᠢ ᠨᠡᠶᠢᠭᠡᠮ ᠲᠣᠭᠤᠷᠢᠭ ᠲᠤ ᠬᠦᠷᠭᠡᠬᠦ︾ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/10
     ᠨᠡᠶᠢᠭᠡᠮ ᠨᠡᠶᠢᠲᠡ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠣᠨ᠂ ᠠᠷᠠᠳ ᠤᠯᠠᠨ ᠤ ᠮᠥᠩᠭᠦᠨ ᠭᠦᠢᠯᠭᠡᠭᠡᠨ ᠤ ᠮᠡᠳᠡᠯᠭᠡ ᠪᠣᠯᠤᠨ ᠡᠳ᠋ ᠤᠨ ᠶᠠᠪᠤᠳᠠᠯ ᠢ ᠬᠠᠮᠢᠶᠠᠷᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠤᠯᠠᠨ ᠨᠡᠶᠢᠲᠡ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠷᠠᠰᠢᠶᠠᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠲᠠᠢ ᠬᠤᠯᠪᠣᠭᠠᠯᠠᠵᠤ ᠬᠠᠷᠢᠶ᠎ᠠ ᠣᠷᠣᠨ ᠳᠤ ᠪᠠᠨ ︽ᠮᠥᠩᠭᠦᠨ ᠭᠦᠢᠯᠭᠡᠭᠡᠨ ᠤ ᠮᠡᠳᠡᠯᠭᠡ ᠶᠢ ᠨᠡᠶᠢᠭᠡᠮ ᠲᠣᠭᠤᠷᠢᠭ ᠲᠤ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠠᠵᠢᠯ ᠦᠢᠯᠡᠰ ᠤᠨ ᠬᠥᠭᠵᠢᠯᠲᠡ ᠶᠢ ᠴᠢᠩᠭᠠᠳᠬᠠᠪᠠ᠃      ᠲᠣᠰ ᠤᠳᠠᠭᠠᠨ ᠤ ᠮᠥᠩᠭᠦᠨ ᠬᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠮᠥᠩᠭᠦᠨ ᠬᠦᠢᠯᠭᠡᠭᠡᠨ ᠤ ᠮᠡᠬᠡᠯᠡᠯ ᠤᠨ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ ᠮᠥᠩᠭᠦᠨ ᠬᠦᠢᠯᠭᠡᠭᠡᠨ ᠤ ᠮᠡᠳᠡᠯᠭᠡ ᠶᠢ ᠨᠡᠮᠡᠭᠳᠡᠭᠦᠯᠵᠤ᠂ ᠡᠳ᠋ ᠤᠨ ᠶᠠᠪᠤᠳᠠᠯ ᠢ ᠬᠠᠮᠢᠶᠠᠷᠬᠤ ᠠᠮᠤᠷ ᠲᠦᠪᠰᠢᠨ ᠢ ᠪᠠᠲᠤᠯᠠᠵᠤ᠂ ᠰᠠᠭᠤᠭᠠᠯᠢ ᠠᠷᠠᠳ ᠲᠤ ᠦᠨᠡᠨ ᠬᠦ ᠪᠠᠲᠤ ᠪᠠᠬᠢ ︽ᠮᠥᠩᠭᠦᠨ ᠬᠦᠢᠯᠭᠡᠭᠡᠨ ᠤ ᠰᠡᠷᠭᠡᠶᠢᠯᠡᠯᠲᠡ ᠶᠢᠨ ᠬᠡᠷᠡᠮ︾ ᠢ ᠴᠣᠬᠴᠠᠯᠠᠬᠰᠠᠨ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号