ᠯᠢᠨ ᠬᠠᠶ ᠵᠡᠭᠡᠯᠢ ᠠᠩᠬᠠᠳᠣᠭᠠᠷ ᠬᠤᠭᠤᠴᠠᠭᠠᠨ ᠤ ᠨᠠᠰᠤᠵᠢᠯ ᠤᠨ ᠠᠰᠠᠷᠠᠮᠵᠢ ᠶᠢᠨ ᠰᠤᠪᠢᠯᠠᠯᠳᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/6/10
     ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠣᠶᠢᠯᠡᠴᠢᠯᠡᠭᠡᠨ ᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠣᠶᠢᠯᠡᠴᠢᠯᠡᠭᠡᠨ ᠤ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 8 ᠤ ᠡᠳᠦᠷ᠂ ᠷᠠᠰᠢᠶᠠᠨ ᠬᠤᠳᠠ  ᠶᠢᠨ ᠯᠢᠨ ᠬᠠᠶ ᠵᠡᠭᠡᠯᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ 2022 ᠣᠨ ᠤ ᠠᠩᠬᠠᠳᠣᠭᠠᠷ ᠬᠤᠭᠤᠴᠠᠭᠠᠨ ᠤ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠰᠤᠪᠢᠯᠠᠯᠲᠠ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠠᠬᠢᠭᠤᠯᠣᠨ᠂ ᠬᠠᠷᠢᠶ᠎ᠠ ᠣᠷᠣᠨ ᠤ 30 ᠭᠠᠷᠤᠶ ᠰᠣᠷᠣᠭᠴᠢ ᠣᠷᠣᠯᠴᠠᠬᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠳᠤ ︽ᠬᠢᠩᠭᠠᠨ ᠠᠶᠢᠮᠠᠭ ᠤᠨ ᠬᠤᠩ ᠴᠧᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ︾ ᠶᠢᠨ ᠵᠠᠬᠢᠷᠤᠯ ᠯᠢ ᠶᠦᠨ ᠲᠦᠩ ᠢ ᠲᠤᠰᠬᠠᠶᠢᠯᠠᠨ ᠤᠷᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠯ ᠨᠢ 6 ᠡᠳᠦᠷ ᠶᠠᠪᠤᠭᠳᠠᠨ᠎ᠠ᠂ ᠪᠣᠯᠪᠠᠰᠤᠷᠠᠯ ᠤᠨ ᠠᠭᠤᠯᠭ᠎ᠠ ᠨᠢ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ᠡᠳᠦᠷ ᠲᠤᠲᠤᠮ ᠤᠨ ᠬᠠᠷᠠᠭᠠᠯᠵᠠᠯ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯᠵᠢᠯ ᠤᠨ ᠪᠣᠯᠪᠠᠰᠤᠷᠠᠯ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯᠵᠢᠯ ᠵᠢᠴᠢ ᠤᠷᠮ᠎ᠠ ᠰᠡᠳᠬᠢᠯᠭᠡ ᠶᠢᠨ ᠵᠢᠯᠣᠭᠤᠳᠣᠯᠭ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠮᠡᠳᠡᠯᠭᠡ ᠶᠢᠨ ᠲᠠᠶᠢᠯᠤᠮᠵᠢ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠦᠭᠰᠠᠨ ᠪᠠᠶᠢᠨ᠎ᠠ᠃      ᠣᠨᠣᠯ ᠤᠨ ᠮᠡᠳᠡᠯᠭᠡ ᠠᠴᠠ ᠭᠠᠳᠠᠨ᠎ᠠ ᠪᠠᠰᠠ ᠨᠠᠰᠤᠲᠠᠶᠢᠴᠤᠳ ᠤᠨ ᠠᠮᠢᠳᠤᠷᠠᠯ ᠢ ᠬᠠᠷᠠᠭᠠᠯᠵᠠᠬᠤ ᠠᠷᠭ᠎ᠠ᠂ ᠡᠷᠡᠬᠦᠯ ᠬᠠᠮᠠᠭᠠᠯᠠᠯ ᠤᠨ ᠬᠠᠷᠠᠭᠠᠯᠵᠠᠯ ᠵᠡᠷᠭᠡ ᠶᠢ ᠪᠠᠭᠲᠠᠭᠠᠭᠰᠠᠨ ᠮᠡᠷᠭᠡᠵᠢᠯ ᠴᠢᠳᠠᠪᠤᠷᠢ ᠶᠢᠨ ᠪᠣᠳᠠᠲᠠᠶ ᠪᠣᠯᠪᠠᠰᠤᠷᠠᠯ ᠤᠨ ᠬᠢᠴᠢᠶᠡᠯ ᠢ ᠲᠣᠬᠢᠷᠠᠭᠤᠯᠥᠬᠰᠠᠨ ᠪᠠᠶᠢᠨ᠎ᠠ᠃        ᠲᠣᠰ ᠤᠳᠠᠭᠠᠨ ᠤ ᠪᠣᠯᠪᠠᠰᠤᠷᠠᠯ ᠳᠤ ᠬᠠᠷᠢᠶ᠎ᠠ ᠣᠷᠣᠨ ᠤ ᠨᠠᠰᠤᠵᠢᠯ ᠤᠨ ᠠᠰᠠᠷᠠᠮᠵᠢ ᠶᠢᠨ ᠰᠤᠪᠢᠯᠠᠯᠳᠡ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠪᠢᠯᠠᠯᠳᠡ ᠶᠢᠨ ᠡᠩᠨᠡᠭᠡ ᠶᠢᠨ ᠠᠵᠢᠯ ᠮᠡᠷᠭᠡᠵᠢᠯ ᠤᠨ ᠣᠶᠢᠯᠡᠴᠢᠯᠡᠭᠡᠨ ᠤ ᠲᠠᠰ ᠳᠡᠪᠰᠢᠬᠦ᠂ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠤᠨ ᠬᠠᠮᠢᠶᠠᠷᠤᠯᠲᠠ ᠶᠢ ᠲᠦᠷᠢᠮᠵᠢᠬᠦᠯᠣᠨ ᠨᠠᠷᠢᠯᠢᠬᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠥᠭᠰᠠᠨ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号