ᠵᠧᠦ ᠵᠢᠶᠦ᠋ᠨ ᠫᠧᠩ
ᠨᠡᠶᠢᠲᠡᠯᠡᠭᠰᠡᠨ ᠴᠠᠭ᠄
2022/6/24
        ᠬᠤᠳᠡ ᠶᠢᠨ ᠠᠷᠡᠳ ᠤᠨ ᠲᠦᠯᠣᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ  ᠬᠤᠷᠢᠶᠠᠨ ᠤ ᠲᠡᠳ᠋ ᠡᠷᠬᠢᠯᠡᠭᠴᠢ      ᠲᠣᠪᠴᠢ ᠨᠠᠮᠳᠡᠷ      ᠵᠧᠦ ᠵᠢᠶᠦ᠋ᠨ ᠫᠧᠩ᠂ ᠡᠷᠡᠭᠳᠡᠢ᠂ ᠬᠢᠳᠡᠳ ᠦᠨᠳᠣᠰᠣᠳᠡᠨ᠂1969 ᠣᠨ ᠤ 12 ᠰᠠᠷ᠎ᠡ ᠳᠤ ᠲᠦᠷᠣᠵᠣ᠂1989 ᠣᠨ ᠤ 7 ᠰᠠᠷ᠎ᠡ ᠳᠤ ᠠᠵᠢᠯᠯᠠᠵᠠᠢ᠃ ᠲᠣᠮᠳᠡᠳᠣ ᠣᠯᠣᠰ ᠤᠨ ᠡᠪ ᠬᠠᠮᠳᠣ ᠨᠠᠮ ᠤᠨ ᠬᠡᠰᠢᠬᠦᠨ᠂ ᠠᠰᠫᠢᠷᠡᠨᠲ ᠤᠨ ᠰᠣᠷᠣᠯᠭ᠎ᠠ ᠶᠢᠨ ᠨᠠᠮᠳᠡᠷ ᠲᠠᠢ᠃      ᠠᠵᠢᠯ ᠤᠨ ᠬᠤᠪᠢᠶᠠᠷᠢᠯᠡᠯ      ᠡᠷᠬᠢᠯᠡᠭᠴᠢ ᠶᠢ ᠬᠠᠪᠰᠤᠷᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠡᠷᠬᠢᠯᠡᠭᠴᠢ ᠶᠢ ᠬᠠᠪᠰᠤᠷᠴᠣ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠪᠣᠯᠤᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠮᠵᠢᠯᠴᠠᠨ᠎ᠠ᠃ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢᠨ ᠠᠵᠢᠯ ᠤᠨ ᠵᠥᠪᠯᠡᠯ ᠪᠣᠯᠤᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠡᠬᠢ ᠪᠠᠶᠠᠯᠢᠭ ᠤᠨ ᠪᠦᠳᠣᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠡᠨ ᠭᠡᠷ ᠢ ᠬᠤᠪᠢᠳᠡᠨ ᠬᠠᠷᠢᠭᠤᠴᠠᠨ᠎ᠠ᠃  ᠲᠥᠯᠥᠭᠡᠯᠡᠭᠴᠢᠳ ᠲᠠᠢ ᠬᠠᠷᠢᠯᠴᠠᠬᠤ᠂ ᠪᠣᠯᠪᠠᠰᠤᠷᠠᠯ ᠳᠤ  ᠤᠷᠤᠯᠴᠠᠭᠤᠯᠬᠤ ᠪᠠ ᠲᠥᠯᠥᠭᠡᠯᠡᠭᠴᠢᠳ ᠤᠨ ᠵᠥᠪᠯᠡᠯᠭᠡ᠂ ᠰᠢᠭᠦᠮᠵᠢᠯᠡᠯ᠂ ᠰᠠᠨᠠᠭᠤᠯᠭ᠎ᠠ᠂ ᠰᠠᠨᠠᠯ ᠢ  ᠱᠠᠯᠠᠪᠳᠡᠭᠤᠯᠣᠨ ᠰᠢᠢᠳᠪᠦᠷᠢᠯᠡᠭᠦᠯᠬᠦ ᠠᠵᠢᠯ ᠢ ᠬᠠᠷᠢᠭᠤᠴᠠᠨ᠎ᠠ︔ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠣᠪᠴᠢᠶ᠎ᠠ᠂  ᠲᠦᠷᠦᠯ ᠵᠦᠢᠯ ᠢ  ᠤᠷᠤᠯᠠᠨ  ᠪᠦᠳᠦᠬᠡᠨ ᠪᠠᠶᠢᠭᠤᠯᠬᠤ ᠬᠠᠮᠢᠶᠠᠷᠦᠯᠳᠠ ᠶᠢᠨ ᠲᠣᠪᠴᠢᠶ᠎ᠠ᠂ ᠤᠢ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ   ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠤᠯᠢ ᠴᠠᠭᠠᠵᠠ ᠪᠠ ᠠᠵᠢᠯ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号