ᠸᠧᠨᠴᠢᠣᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ︽ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠵᠤ ᠳᠤᠮᠳᠠᠳᠤ  ᠶᠢᠨ ᠪᠠᠶᠠᠷ ᠢ ᠬᠠᠮᠲᠤ ᠪᠠᠷ ᠥᠩᠭᠡᠷᠡᠭᠦᠯᠦᠶ᠎ᠡ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠣᠷ︾ ᠤᠨ ᠭᠤᠣᠯ ᠰᠡᠳᠦᠪᠲᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/6/7
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ ᠂ ᠪᠠᠶᠠᠷ ᠤᠨ ᠡᠳᠦᠷ ᠤᠨ ᠰᠣᠶᠣᠯ ᠤᠨ ᠠᠭᠤᠯᠣᠬᠳᠡᠬᠤᠨ ᠢ ᠪᠠᠶᠠᠯᠢᠭᠵᠢᠭᠤᠯᠣᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠷ ᠠᠮᠢᠰᠬᠤᠯ ᠢ ᠣᠶᠢᠯᠠᠭᠠᠭᠤᠯᠬᠤ ᠶᠢᠨ ᠲᠥᠯᠥᠭᠡ᠂ 6 ᠰᠠᠷ᠎ᠠ ᠶᠢᠨ 2 ᠤᠨ ᠡᠳᠦᠷ᠂  ᠷᠠᠰᠢᠶᠠᠨ ᠬᠤᠳᠠ ᠶᠢᠨ ᠸᠧᠨᠴᠢᠣᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠪᠣᠯᠤᠨ ᠬᠠᠷᠢᠶ᠎ᠠ ᠣᠷᠣᠨ ᠤ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠺᠣᠮᠫᠠᠨᠢ ︽ᠳᠤᠮᠳᠠᠳᠤ ᠶᠢᠨ ᠰᠣᠶᠣᠯ ᠢ ᠣᠯᠠᠨ ᠢᠶᠠᠷ ᠢᠶᠠᠨ ᠰᠤᠷᠤᠯᠴᠠᠵᠤ ᠳᠤᠮᠳᠠᠳᠤ ᠶᠢᠨ ᠪᠠᠶᠠᠷ ᠢ ᠬᠠᠮᠲᠤ ᠪᠠᠷ ᠥᠩᠭᠡᠷᠡᠭᠦᠯᠦᠶ᠎ᠡ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠣᠷ︾  ᠤᠨ ᠭᠤᠣᠯ ᠰᠡᠳᠦᠪᠲᠦ ᠠᠵᠢᠯᠯᠠᠭ᠎ᠠ  ᠥᠷᠨᠢᠭᠦᠯᠵᠡᠢ᠃       ᠠᠵᠢᠯᠯᠠᠭ᠎ᠠ ᠳᠤ ᠡᠩ ᠲᠡᠷᠢᠭᠦᠨ ᠳᠤ ᠣᠯᠡᠮ ᠢᠶᠠᠷ ᠢᠶᠠᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠣᠷ ᠤᠨ ᠢᠷᠡᠯᠲᠡ︾ ᠤᠨ ᠣᠬᠤᠷ ᠹᠢᠯᠢᠮ ᠢ ᠰᠣᠨᠢᠷᠬᠠᠵᠣ᠂ ᠵᠠᠯᠭᠠᠭᠠᠳ ᠽᠦᠩᠽᠢ ᠪᠣᠭᠤᠵᠤ᠂ ᠥᠩᠭᠡᠲᠦ ᠴᠠᠭᠠᠰᠤ ᠪᠠᠷ ᠬᠤᠯᠤ ᠡᠪᠬᠡᠵᠦ᠂ ᠴᠠᠶ ᠶᠢᠨ ᠥᠨᠳᠡᠭᠡ ᠴᠢᠨᠠᠬᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ  ᠲᠠᠨᠢᠯᠳᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠪᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠳᠣ ᠪᠠᠷ ᠡᠳ᠋ᠯᠡᠪᠡ᠃
 
ᠢᠷᠡᠯᠲᠡ᠄ ᠷᠠᠰᠢᠶᠠᠨ ᠬᠤᠳᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号