ᠢᠷᠪᠢᠰ ᠵᠡᠭᠡᠯᠢ ︽ᠰᠤᠷᠤᠬᠴᠢᠳ ᠢ ᠬᠠᠯᠠᠮᠵᠢᠯᠡᠨ ᠬᠠᠶᠢᠷᠠᠯᠠᠵᠤ  ᠣᠯᠣᠰ ᠤᠨ ᠰᠢᠯᠭᠠᠯᠲᠠ ᠳᠤ ᠬᠦᠴᠣ ᠨᠡᠮᠡᠷᠢᠯᠡᠬᠦ︾ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/8
     ᠣᠯᠣᠰ ᠤᠨ ᠰᠢᠯᠭᠠᠯᠲᠠ ᠳᠤ ᠤᠷᠤᠯᠴᠠᠬᠰᠠᠳ ᠲᠤ ᠨᠠᠮ ᠰᠡᠯᠡᠭᠦᠨ᠂ ᠲᠠᠭᠠᠯᠠᠮᠵᠢᠲᠠᠶ᠂ ᠪᠣᠯᠪᠠᠰᠤᠨ᠂ ᠡᠶ᠎ᠡ ᠵᠣᠬᠢᠴᠠᠯ ᠲᠠᠢ ᠰᠢᠯᠭᠠᠯᠲᠠ ᠶᠢᠨ ᠣᠷᠴᠢᠨ ᠨᠥᠬᠦᠴᠡᠯ ᠢ ᠡᠬᠦᠳᠣᠨ᠂ ︽ᠬᠠᠨᠳᠢᠪᠯᠠᠬᠤ  ᠡᠪ ᠨᠠᠶᠢᠷᠰᠠᠭ᠂ ᠬᠠᠷᠢᠯᠴᠠᠨ ᠬᠠᠪᠰᠤᠷᠤᠯᠴᠠᠬᠤ  ᠣᠷᠣᠬᠰᠢᠯᠡᠨ ᠳᠠᠪᠰᠢᠬᠤ︾ ᠰᠠᠶᠢᠨ ᠳᠤᠷ᠎ᠠ ᠶᠢᠨ ᠣᠶᠢᠯᠡᠴᠢᠯᠡᠭᠡᠨ ᠤ ᠵᠣᠷᠢᠭ ᠰᠠᠨᠠᠭ᠎ᠠ ᠶᠢ ᠢᠳᠡᠪᠬᠢᠲᠡᠶ ᠪᠠᠷ ᠣᠶᠢᠯᠡᠳᠦᠯᠭᠡᠵᠢᠭᠦᠯᠬᠦ ᠶᠢᠨ ᠲᠥᠯᠥᠭᠡ᠂ 6 ᠰᠠᠷ᠎ᠠ ᠶᠢᠨ 6 ᠤ ᠡᠳᠦᠷ ᠠᠴᠠ ᠨᠠᠰᠢ᠂  ᠷᠠᠰᠢᠶᠠᠨ ᠬᠤᠳᠠ ᠶᠢᠨ ᠢᠷᠪᠢᠰ ᠵᠡᠭᠡᠯᠢ  ︽ᠰᠤᠷᠤᠬᠴᠢᠳ  ᠢ ᠬᠠᠯᠠᠮᠵᠢᠯᠡᠨ ᠬᠠᠶᠢᠷᠠᠯᠠᠵᠤ  ᠣᠯᠣᠰ ᠤᠨ ᠰᠢᠯᠭᠠᠯᠲᠠ ᠳᠤ ᠬᠦᠴᠣ ᠨᠡᠮᠡᠷᠢᠯᠡᠬᠦ︾ ᠰᠢᠷᠢᠰ ᠠᠵᠢᠯᠯᠠᠭ᠎ᠠ  ᠥᠷᠨᠢᠭᠦᠯᠪᠡ᠃      ᠤᠯᠤᠰ ᠤᠨ ᠰᠢᠯᠭᠠᠯᠳᠠ ᠶᠢᠨ ᠲᠠᠯᠠᠪᠠᠢ ᠶᠢᠨ ᠤᠷᠴᠢᠨ ᠤ ᠨᠠᠮ ᠰᠡᠯᠡᠬᠦᠨ ᠪᠠᠶᠢᠬᠤ ᠶᠢ ᠪᠠᠳᠦᠯᠠᠵᠠᠢ      ᠢᠷᠪᠢᠰ ᠵᠡᠭᠡᠯᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠤᠯᠪᠣᠭᠠᠯᠠᠨ ᠰᠠᠭᠤᠭᠠᠯᠢ ᠠᠷᠠᠳ ᠤᠨ ᠸᠢᠴᠠᠲ ᠲᠤ ︽ᠣᠯᠣᠰ ᠤᠨ ᠰᠢᠯᠭᠠᠯᠲᠠ ᠶᠢᠨ ᠬᠤᠭᠤᠴᠠᠭᠠᠨ  ᠤ ᠲᠣᠬᠳᠡᠬᠰᠠᠨ ᠴᠠᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ ᠵᠢᠴᠢ ᠳᠠᠭᠤ ᠱᠤᠤᠭᠢᠶᠠᠨ ᠢ ᠪᠠᠭᠠᠰᠬᠠᠬᠤ ᠲᠤᠬᠠᠶ ᠮᠡᠳᠡᠭᠳᠡᠯ︾ ᠢ ᠳᠠᠮᠵᠢᠭᠤᠯᠤᠨ ᠲᠠᠷᠬᠠᠭᠠᠵᠤ᠂ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠢ ᠣᠯᠣᠰ ᠤᠨ ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠶᠢᠨ ᠭᠠᠵᠡᠷ ᠤᠨ ᠭᠤᠤᠯ ᠵᠠᠮ ᠠᠴᠠ ᠵᠠᠶᠢᠯᠠᠬᠤ ᠶᠢ ᠢᠳᠡᠪᠬᠢᠲᠡᠶ  ᠰᠠᠨᠠᠭᠤᠯᠵᠦ᠂ ᠪᠦᠷᠢᠶ᠎ᠡ ᠳᠤᠤᠭᠠᠷᠭᠠᠬᠤ ᠥᠬᠡᠶ᠂ ᠪᠣᠬᠢᠷᠲᠤᠯ ᠥᠬᠡᠶ ᠪᠠᠷ ᠭᠠᠳᠠᠭᠰᠢ ᠭᠠᠷᠬᠤ ᠶᠢ ᠪᠡᠶᠡᠯᠡᠭᠦᠯᠬᠦ ᠶᠢᠨ ᠬᠠᠮᠲᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠳᠠᠭᠰᠢ ᠭᠠᠷᠬᠤ ᠠᠵᠢᠯᠯᠠᠭ᠎ᠠ ᠪᠠ ᠬᠥᠮᠦᠰ ᠤᠨ ᠰᠢᠯᠵᠢᠯᠲᠡ ᠶᠢ ᠪᠠᠭᠠᠰᠬᠠᠬᠤ ᠶᠢ ᠰᠠᠨᠠᠭᠠᠴᠢᠯᠠᠵᠤ᠂ ᠣᠯᠣᠰ ᠤᠨ ᠰᠢᠯᠭᠠᠯᠲᠠ ᠳᠤ ᠤᠷᠤᠯᠴᠠᠵᠦ ᠪᠠᠶᠢᠭ᠎ᠠ ᠰᠤᠷᠤᠬᠴᠢ ᠨᠠᠷ ᠲᠤ ᠨᠠᠮ ᠰᠡᠯᠡᠭᠦᠨ ᠰᠢᠯᠭᠠᠯᠲᠠ ᠶᠢᠨ ᠣᠷᠴᠢᠨ ᠨᠥᠬᠦᠴᠡᠯ ᠢ ᠡᠬᠦᠳᠴᠣ ᠦᠭᠴᠠᠢ᠃      ᠤᠯᠤᠰ ᠤᠨ ᠰᠢᠯᠭᠠᠯᠳᠠ ᠶᠢᠨ ᠲᠠᠯᠠᠪᠠᠢ ᠶᠢᠨ ᠤᠷᠴᠢᠨ ᠤ ᠠᠷᠢᠭᠤᠨ ᠴᠡᠪᠡᠷ ᠢ ᠪᠠᠳᠦᠯᠠᠵᠠᠢ      ᠢᠷᠪᠢᠰ ᠵᠡᠭᠡᠯᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠣᠭᠠᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠪᠠ᠃ ᠠᠵᠢᠯᠯᠠᠭ᠎ᠠ ᠶᠢᠨ ᠳᠤᠮᠳᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠵᠡᠭᠡᠯᠢ ᠳᠠᠭᠠᠤ ᠶᠢᠨ ᠵᠠᠮ᠂ ᠪᠠᠭ᠎ᠠ ᠲᠣᠭᠤᠷᠢᠭ ᠤᠨ ᠭᠤᠳᠤᠮᠵᠢ ᠶᠢᠨ ᠵᠠᠮ ᠵᠡᠷᠭᠡ ᠭᠠᠵᠠᠷ ᠤᠨ ᠬᠤᠭ ᠨᠣᠪᠰᠢ ᠪᠣᠯᠤᠨ ᠠᠷᠢᠭᠤᠨ ᠴᠡᠪᠡᠷ ᠤᠨ ᠠᠵᠢᠯ ᠢ ᠨᠠᠷᠢᠯᠢᠭ ᠬᠢᠵᠡᠢ︔ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠲᠡᠷᠭᠡ ᠬᠥᠰᠬᠡ ᠶᠢ ᠴᠡᠭᠴᠡᠯᠠᠵᠣ᠂ ᠬᠠᠷᠢᠶ᠎ᠠ ᠣᠷᠣᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠲᠦᠷᠢᠮᠵᠢᠬᠦᠯᠵᠤ᠂ ᠣᠯᠣᠰ ᠤᠨ ᠰᠢᠯᠭᠠᠯᠲᠠ ᠶᠢᠨ ᠰᠢᠯᠭᠠᠭᠤᠯᠤᠭᠰᠠᠳ ᠲᠤ ᠴᠡᠪᠡᠷ ᠲᠡᠭᠰᠢ᠂ ᠰᠠᠭᠠᠳ ᠥᠬᠡᠶ ᠠᠮᠤᠷ ᠲᠦᠪᠰᠢᠨ ᠰᠢᠯᠭᠠᠯᠲᠠ ᠶᠢᠨ ᠣᠷᠴᠢᠨ ᠲᠣᠭᠤᠷᠢᠨ ᠢ ᠡᠬᠦᠳᠴᠣ ᠦᠭᠪᠡ᠃      ᠤᠯᠤᠰ ᠤᠨ ᠰᠢᠯᠭᠠᠯᠳᠠ ᠳᠤ ᠤᠷᠤᠯᠴᠠᠬᠤ ᠰᠤᠷᠤᠬᠴᠢ ᠨᠠᠷ ᠲᠤ ᠬᠠᠶᠢᠷ᠎ᠠ ᠬᠠᠯᠠᠮᠵᠢ ᠬᠦᠷᠳᠡᠭᠡᠵᠡᠢ      ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠵᠤ ︽ ᠣᠯᠣᠰ ᠤᠨ ᠰᠢᠯᠭᠠᠯᠲᠠ ᠳᠤ ᠬᠦᠴᠣᠨ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ  ᠥᠷᠨᠢᠭᠦᠯᠪᠡ᠃ ᠰᠢᠯᠭᠠᠯᠲᠠ ᠶᠢᠨ ᠲᠤᠬᠠᠶ ᠶᠢᠨ ᠡᠳᠦᠷ ᠲᠤ᠂ ᠰᠠᠶᠢᠨ ᠳᠤᠷ᠎ᠠ ᠶᠢᠨ ᠣᠶᠢᠯᠡᠴᠢᠯᠡᠭᠴᠢ ᠰᠢᠯᠭᠠᠯᠳᠡ ᠶᠢᠨ ᠭᠠᠵᠠᠷ ᠲᠤ ᠤᠷᠢᠳᠴᠢᠯᠠᠨ ᠬᠦᠷᠴᠦ᠂ ᠮᠠᠶᠢᠬᠠᠨ ᠪᠤᠰᠬᠠᠬᠤ᠂ ᠰᠢᠷᠡᠭᠡ ᠵᠥᠭᠡᠭᠡᠬᠦ᠂  ᠤᠰᠤ᠂ ᠰᠢᠯᠭᠠᠯᠲᠠ ᠶᠢᠨ ᠬᠡᠷᠡᠭᠰᠡᠯ᠂ ᠪᠣᠷᠣᠭᠠᠨ ᠤ ᠰᠢᠬᠦᠷ ᠵᠢᠴᠢ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠣᠶᠢᠯ ᠵᠡᠷᠭᠡ ᠡᠳ᠋ ᠪᠣᠳᠠᠰ ᠢ  ᠪᠡᠯᠡᠳᠭᠡᠵᠣ᠂ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠰᠣᠶᠢᠳᠬᠡᠯ ᠥᠬᠡᠶ ᠪᠠᠷ ᠬᠠᠩᠭᠠᠵᠣ ᠲᠥᠬᠦᠮ ᠦᠵᠡᠭᠦᠯᠪᠡ᠃ ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠣᠯᠣᠰ ᠤᠨ ᠰᠢᠯᠭᠠᠯᠲᠠ  ᠶᠢᠨ ᠰᠢᠯᠭᠠᠭᠤᠯᠤᠭᠴᠢ ᠳᠤ ᠬᠦᠴᠦ ᠨᠡᠮᠡᠷᠢᠯᠠᠵᠦ᠂ ᠰᠤᠷᠤᠭᠴᠢᠳ ᠤᠨ ᠪᠠᠴᠢᠮᠳᠠᠬᠤ ᠰᠡᠳᠬᠢᠯᠭᠡ ᠶᠢ ᠨᠠᠮᠳᠠᠭᠤᠯᠬᠤ ᠶᠢᠨ ᠬᠠᠮᠲᠤ ᠭᠡᠷ ᠤᠨ ᠠᠬᠠᠮᠠᠳ ᠲᠤ ᠰᠡᠯᠠᠬᠦᠴᠠᠨ ᠠᠮᠠᠷᠡᠬᠤ ᠭᠠᠵᠠᠷ  ᠭᠠᠷᠭᠠᠵᠦ ᠦᠭᠴᠡᠢ᠃      ᠣᠯᠠᠨ ᠵᠢᠯ ᠤᠨ ᠲᠤᠷᠰᠢ᠂ ᠢᠷᠪᠢᠰ ᠵᠡᠭᠡᠯᠢ ︽ᠰᠤᠷᠤᠯᠭᠠᠲᠠᠨ ᠢ ᠬᠠᠯᠠᠮᠵᠢᠯᠡᠨ ᠬᠠᠶᠢᠷᠠᠯᠠᠵᠤ  ᠣᠯᠣᠰ ᠤᠨ ᠰᠢᠯᠭᠠᠯᠲᠠ ᠳᠤ ᠬᠦᠴᠣ ᠨᠡᠮᠡᠷᠢᠯᠡᠬᠦ︾ ᠠᠵᠢᠯᠯᠠᠭ᠎ᠠ ᠶᠢ ᠢᠮᠠᠭᠲᠠ ᠪᠠᠷᠢᠮᠲᠠᠯᠠᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ ᠬᠠᠨᠳᠢᠪᠯᠠᠬᠤ᠂ ᠡᠪ  ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ ᠣᠷᠣᠬᠰᠢᠯᠡᠨ ᠳᠠᠪᠰᠢᠬᠤ︾ ᠰᠠᠶᠢᠨ ᠳᠤᠷ᠎ᠠ ᠶᠢᠨ ᠣᠶᠢᠯᠡᠴᠢᠯᠡᠭᠡᠨ ᠤ ᠵᠣᠷᠢᠭ ᠰᠠᠨᠠᠭ᠎ᠠ ᠶᠢ ᠣᠶᠢᠯᠡᠳᠦᠯᠭᠡᠵᠢᠭᠦᠯᠵᠦ᠂ ᠥᠷᠭᠡᠨ ᠣᠯᠠᠨ ᠰᠢᠯᠭᠠᠭᠤᠯᠤᠭᠴᠢᠳ ᠲᠤ ᠠᠮᠤᠷ ᠲᠦᠪᠰᠢᠨ᠂ ᠪᠣᠯᠪᠠᠰᠤᠨ᠂ ᠬᠠᠯᠠᠭᠤᠮᠰᠤᠭ᠂ ᠪᠦᠷᠢᠨ ᠬᠦᠢᠴᠡᠳ ᠣᠶᠢᠯᠡᠴᠢᠯᠡᠭᠡ ᠬᠠᠩᠭᠠᠵᠤ᠂ ᠬᠦᠰᠡᠯ ᠵᠡᠭᠦᠳᠦ ᠪᠠᠨ ᠡᠪᠦᠷᠯᠡᠭᠰᠡᠨ ᠰᠣᠷᠣᠭᠴᠢ ᠨᠢᠭᠡᠪᠦᠷᠢ ᠶᠢᠨ ᠬᠦᠰᠡᠯ ᠵᠡᠭᠦᠳᠦ ᠪᠠᠨ ᠲᠡᠷᠬᠡᠯᠰᠢᠬᠦᠯᠬᠦ ᠳᠤ ᠬᠦᠴᠦᠨ ᠨᠡᠮᠡᠷᠢᠯᠡᠪᠡ︕
 
ᠢᠷᠡᠯᠲᠡ᠄ ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号