ᠷᠠᠰᠢᠶᠠᠨ ᠨᠢᠰᠬᠡᠯ ᠤᠨ ᠪᠠᠭᠤᠳᠠᠯ ᠪᠡᠭᠡᠵᠢᠩ ᠤᠨ ᠳ᠋ᠡ ᠰᠢᠩ — ᠷᠠᠰᠢᠶᠠᠨ ᠤ ᠬᠤᠭᠤᠷᠤᠨᠳᠤᠬᠢ ᠠᠭᠠᠷ ᠤᠨ  ᠵᠦᠭᠡᠭᠡᠪᠤᠷᠢ ᠠᠶᠠᠯᠠᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/7/14
    7 ᠳ᠋ᠣᠭᠠᠷ ᠰᠠᠷ᠎ᠠ ᠪᠤᠯ᠂ ᠷᠠᠰᠢᠶᠠᠨ ᠤ ᠵᠤᠭᠠᠴᠠᠯ ᠤᠨ ᠬᠠᠮᠤᠭ ᠬᠥᠭᠵᠢᠯᠲᠡᠶ ᠤᠯᠠᠷᠢᠯ ᠪᠤᠯᠤᠨ᠎ᠠ᠃ ᠰᠤᠷᠤᠭᠴᠢᠳ  ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠠᠭᠠᠷ ᠤᠨ ᠠᠶᠠᠯᠠᠯ ᠤᠨ ᠱᠤᠭᠤᠮ ᠢᠶᠠᠨ ᠦᠷᠭᠡᠳᠭᠡᠨ᠂ ᠵᠤᠭᠠᠴᠠᠭᠰᠠᠳ ᠤᠨ ᠭᠠᠳᠠᠭᠰᠢ ᠭᠠᠷᠬᠤ ᠳᠤ ᠨᠠᠩ ᠲᠦᠭᠦᠮ ᠦᠵᠡᠬᠦᠯᠬᠦ ᠶᠢᠨ ᠲᠥᠯᠥᠭᠡ᠂ ᠷᠠᠰᠢᠶᠠᠨ ᠨᠢᠰᠬᠡᠯ ᠤᠨ ᠪᠠᠭᠤᠳᠠᠯ 7 ᠰᠠᠷ᠎ᠠ ᠶᠢᠨ 14 ᠤ ᠡᠳᠦᠷ ᠠᠴᠠ ᠡᠬᠢᠯᠡᠨ᠂ ᠪᠡᠭᠡᠵᠢᠩ ᠤᠨ ᠳ᠋ᠠ ᠰᠢᠩ — ᠷᠠᠰᠢᠶᠠᠨ ᠤ ᠬᠤᠭᠤᠷᠤᠨᠳᠤᠬᠢ ᠠᠭᠠᠷ ᠤᠨ ᠠᠶᠠᠯᠠᠯ ᠢᠶᠠᠨ ᠰᠡᠷᠭᠦᠭᠡᠪᠡ᠂ ᠡᠨᠡ ᠪᠣᠯ ᠳᠤᠮᠳᠠᠳᠤ ᠤᠯᠤᠰ ᠤᠨ ᠬᠠᠮᠲᠤᠷᠠᠭᠰᠠᠨ ᠠᠭᠠᠷ ᠤᠨ ᠠᠶᠠᠯᠠᠯ ᠤᠨ ᠺᠣᠮᠫᠠᠨᠢ ᠨᠠᠢᠮᠠᠨ ᠰᠠᠷ᠎ᠠ ᠰᠢᠬᠠᠮ ᠬᠤᠭᠤᠴᠠᠭ᠎ᠠ ᠠᠯᠤᠰᠯᠠᠨ ᠪᠡᠭᠡᠵᠢᠩ ᠠᠴᠠ ᠷᠠᠰᠢᠶᠠᠨ ᠬᠥᠷᠬᠦ ᠡᠭᠡᠯᠵᠢ ᠶᠢᠨ ᠨᠢᠰᠬᠡᠯ ᠤᠨ ᠦᠢᠯᠡᠴᠢᠯᠡᠭᠡ ᠶᠢ ᠳᠠᠬᠢᠨᠲᠠ ᠰᠡᠷᠭᠦᠭᠡᠵᠦ ᠪᠠᠶᠢᠭ᠎ᠠ ᠶᠠᠪᠤᠳᠠᠯ ᠪᠣᠯᠤᠨ᠎ᠠ᠃    ᠠᠶᠠᠯᠠᠯ ᠢᠶᠠᠨ ᠰᠡᠷᠭᠦᠭᠡᠭᠰᠡᠨ ᠤ ᠳᠠᠷᠠᠭᠠᠬᠢ ᠡᠭᠡᠯᠵᠢ ᠶᠢᠨ ᠬᠤᠭᠤᠴᠠᠭ᠎ᠠ ᠨᠢ ᠭᠠᠷᠠᠭ ᠪᠦᠷᠢ ᠶᠢᠨ ᠭᠠᠷᠠᠭ ᠤᠨ ᠬᠤᠶᠠᠷ᠂ ᠭᠠᠷᠠᠭ ᠤᠨ ᠲᠦᠷᠪᠡᠨ᠂ ᠭᠠᠷᠠᠭ ᠤᠨ ᠵᠢᠷᠭᠤᠭᠠᠨ ᠪᠤᠯᠤᠨ᠎ᠠ᠃ ᠡᠭᠡᠯᠵᠢ ᠶᠢᠨ ᠨᠢᠰᠬᠡᠯ ᠤᠨ ᠨᠣᠮᠧᠷ ᠨᠢ KN2981/2᠂ ᠡᠭᠡᠯᠵᠢ ᠶᠢᠨ ᠨᠢᠰᠬᠡᠯ ᠤᠨ ᠴᠠᠭ ᠨᠢ᠄ ᠪᠡᠭᠡᠵᠢᠩ ᠠᠴᠠ ᠨᠢᠰᠬᠦ ᠴᠠᠭ ᠨᠢ 09᠄ 15 ᠮᠢᠨᠦ᠋ᠲ᠂ ᠷᠠᠰᠢᠶᠠᠨ ᠳᠤ ᠬᠥᠷᠬᠦ ᠴᠠᠭ ᠨᠢ 11᠄ 40 ᠮᠢᠨᠦ᠋ᠲ᠂ ᠷᠠᠰᠢᠶᠠᠨ ᠠᠴᠠ ᠨᠢᠰᠬᠦ ᠴᠠᠭ ᠨᠢ 12᠄ 25 ᠮᠢᠨᠦ᠋ᠲ᠂ ᠪᠡᠭᠡᠵᠢᠩ ᠳᠤ ᠬᠥᠷᠬᠦ ᠴᠠᠭ ᠨᠢ 14᠄ 40 ᠮᠢᠨᠦ᠋ᠲ ᠪᠣᠯᠤᠨ᠎ᠠ᠃    ᠪᠣᠭᠤᠮᠲᠠ ᠶᠢᠨ ᠬᠤᠲᠠ ᠷᠠᠰᠢᠶᠠᠨ ᠠᠴᠠ ᠪᠡᠭᠡᠵᠢᠩ ᠳᠤ ᠣᠷᠣᠬᠤ ᠡᠭᠡᠯᠵᠢ ᠶᠢᠨ ᠨᠢᠰᠬᠡᠯ ᠤᠨ ᠬᠢᠵᠠᠭᠠᠷᠯᠠᠯ ᠠᠴᠠ ᠪᠣᠯᠵᠣ᠂ ᠪᠡᠭᠡᠵᠢᠩ — ᠷᠠᠰᠢᠶᠠᠨ ᠤ ᠬᠤᠭᠤᠷᠤᠨᠳᠤᠬᠢ ᠠᠭᠠᠷ ᠤᠨ ᠠᠶᠠᠯᠠᠯ ᠤᠨ ᠱᠤᠭᠤᠮ ᠨᠢ ᠣᠬᠤᠷᠬᠠᠨ ᠬᠤᠭᠤᠴᠠᠭᠠᠨ ᠤ ︽ᠢᠴᠡᠭᠡᠯᠡᠯ︾ ᠢ ᠥᠩᠭᠡᠷᠡᠭᠦᠯᠵᠡᠶ᠂ ᠡᠭᠡᠯᠵᠢ ᠶᠢᠨ ᠨᠢᠰᠬᠡᠯ ᠢ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠨᠢᠰᠬᠡᠯ ᠤᠨ ᠪᠠᠭᠤᠳᠠᠯ ᠤᠨ ᠺᠣᠮᠫᠠᠨᠢ ᠠᠭᠠᠷ ᠤᠨ ᠠᠶᠠᠯᠠᠯ ᠤᠨ ᠺᠣᠮᠫᠠᠨᠢ ᠲᠠᠢ ᠰᠠᠶᠢᠳᠤᠷ ᠬᠠᠷᠢᠯᠴᠠᠵᠤ᠂ ᠠᠷᠠᠳ ᠤᠨ ᠠᠭᠠᠷ ᠤᠨ ᠠᠶᠠᠯᠠᠯ ᠤᠨ ᠲᠣᠪᠴᠢᠶ᠎ᠠ᠂ ᠪᠦᠯᠦᠭᠯᠡᠯ ᠺᠣᠮᠫᠠᠨᠢ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ ᠠᠶᠠᠯᠠᠯ ᠰᠡᠷᠭᠦᠭᠡᠬᠦ ᠶᠠᠪᠤᠳᠠᠯ ᠤᠷᠤᠭᠰᠢᠳᠠᠢ ᠶᠠᠪᠤᠭᠳᠠᠵᠠᠢ᠃    ᠵᠤᠨ ᠤ ᠠᠮᠠᠷᠠᠯᠲᠠ ᠶᠢᠨ ᠳᠡᠭᠡᠭᠡᠪᠤᠷᠢ ᠳᠤ ᠭᠠᠷᠴᠤ ᠮᠡᠳᠡᠬᠦ ᠠᠶᠠᠨᠴᠢᠳ ᠤᠨ ᠲᠤᠭ᠎ᠠ ᠬᠡᠮᠵᠢᠶ᠎ᠡ ᠳᠤ ᠴᠢᠭᠯᠡᠭᠦᠯᠦᠨ᠂ ᠷᠠᠰᠢᠶᠠᠨ ᠨᠢᠰᠬᠡᠯ ᠤᠨ ᠪᠠᠭᠤᠳᠠᠯ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠶᠠᠨᠴᠢᠳ ᠤᠨ ᠠᠮᠤᠷ ᠲᠦᠪᠰᠢᠨ ᠰᠠᠭᠠᠳ ᠥᠬᠡᠶ ᠠᠶᠠᠯᠠᠬᠤ ᠶᠢ ᠦᠨᠡᠨ ᠬᠦ ᠪᠠᠳᠤᠯᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠷᠠᠰᠢᠶᠠᠨ ᠨᠢᠰᠬᠡᠯ ᠤᠨ ᠪᠠᠭᠤᠳᠠᠯ ᠨᠢ ᠡᠯ᠎ᠡ ᠠᠭᠠᠷ ᠤᠨ ᠠᠶᠠᠯᠠᠯ ᠤᠨ ᠺᠤᠮᠫᠠᠨᠢ ᠲᠠᠢ ᠬᠠᠷᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠣᠰ ᠲᠣᠰ ᠤᠨ ᠢᠶᠠᠨ ᠳᠠᠯᠳᠠ ᠬᠦᠴᠦᠨ ᠤ ᠳᠠᠪᠠᠭᠤᠯᠢᠭ ᠢ ᠭᠦᠨ ᠠᠭᠤᠳᠠᠯᠵᠤ᠂ ︽ᠠᠭᠠᠷ ᠤᠨ ᠠᠶᠠᠯᠠᠯ + ᠵᠤᠭᠠᠴᠠᠯ︾  ᠢ ᠠᠭᠤᠰᠤᠯᠴᠠᠭᠤᠯᠤᠨ ᠬᠦᠭᠵᠢᠭᠦᠯᠬᠦ ᠶᠢᠨ ᠬᠠᠮᠲᠤ ᠷᠠᠰᠢᠶᠠᠨ ᠤ ᠤᠯᠤᠰ ᠤᠨ ᠲᠠᠰ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃  
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号