2022 ᠣᠨ ᠤ ︽ᠷᠠᠰᠢᠶᠠᠨ ᠤᠰᠤᠨ ᠤ ᠨᠠᠶᠢᠷ︾ ᠬᠦᠷᠴᠦ ᠢᠷᠡᠯ᠎ᠡ
ᠨᠡᠶᠢᠲᠡᠯᠡᠭᠰᠡᠨ ᠴᠠᠭ᠄
2022/7/28
      ᠷᠠᠰᠢᠶᠠᠨ ᠬᠤᠳᠠ ᠨᠢ ᠷᠠᠰᠢᠶᠠᠨ ᠤᠰᠤ ᠪᠠᠷ ᠢᠶᠠᠨ ᠨᠡᠷ᠎ᠡ ᠠᠯᠳᠠᠷᠰᠢᠵᠤ᠂ ᠡ᠊ᠨᠳᠡᠬᠢ ᠤᠰᠤᠨ ᠤ ᠰᠣᠶᠣᠯ ᠨᠢ ᠥᠨᠢ ᠤᠳᠠᠭᠠᠨ ᠤᠯᠠᠮᠵᠢᠯᠠᠯ ᠲᠠᠢ ᠶᠤᠮ᠃ ᠷᠠᠰᠢᠶᠠᠨ ᠤᠰᠤᠨ ᠤ ᠨᠠᠶᠢᠷ ᠪᠣᠯ ᠷᠠᠰᠢᠶᠠᠨ ᠤ ᠤᠯᠠᠮᠵᠢᠯᠠᠯᠲᠤ ᠪᠠᠶᠠᠷ ᠤᠨ ᠡᠳᠦᠷ ᠪᠠᠶᠢᠵᠤ᠂ ᠣᠯᠠᠨ ᠵᠢᠯ ᠤᠨ ᠬᠥᠭᠵᠢᠯᠲᠡ ᠶᠢ ᠥᠩᠭᠡᠷᠡᠭᠡᠭᠡᠳ ᠨᠢᠭᠡᠨᠲᠡ ᠥᠪᠥᠷ ᠮᠣᠩᠭᠤᠯ ᠤᠨ ᠤᠮᠠᠷᠠᠲᠤ ᠶᠢᠨ ᠴᠢᠬᠤᠯᠠ ᠵᠤᠭᠠᠴᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠣᠯᠤᠭᠰᠠᠨ ᠪᠠᠶᠢᠨ᠎ᠠ᠃    ᠡᠨᠡ ᠵᠢᠯ ᠤᠨ ᠷᠠᠰᠢᠶᠠᠨ ᠤᠰᠤᠨ ᠤ ᠨᠠᠶᠢᠷ ᠨᠢ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠬᠡᠪᠴᠢᠶ᠎ᠡ ᠪᠠ ᠪᠠᠶᠠᠷ ᠤᠨ ᠡᠳᠦᠷ ᠤᠨ ᠠᠭᠤᠯᠬᠤᠨ ᠢ ᠥᠷᠭᠡᠳᠬᠡᠵᠦ᠂ ᠨᠠᠩ ᠣᠯᠠᠨ ᠬᠠᠷᠢᠯᠴᠠᠨ ᠦᠢᠯᠡᠳᠦᠯᠴᠡᠬᠦ ᠡᠯᠧᠮᠧᠨ᠋ᠲ ᠪᠠ ᠰᠦᠯᠵᠢᠶᠡᠨ ᠳᠡᠭᠡᠷᠡᠬᠢ ᠠᠭᠤᠯᠭ᠎ᠠ ᠶᠢ ᠠᠭᠤᠯᠤᠭᠰᠠᠨ ᠪᠠᠶᠢᠨ᠎ᠠ᠃    ᠷᠠᠰᠢᠶᠠᠨ ᠤᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ    ᠴᠠᠭ᠄ 7 ᠰᠠᠷ᠎ᠠ ᠶᠢᠨ 30 ᠤ ᠡᠳᠦᠷ ᠤᠨ 8᠄ 00 — 9᠄ 30 ᠪᠤᠯᠳᠠᠯ᠎ᠠ ᠶᠠᠪᠤᠭᠳᠠᠨ᠎ᠠ᠃    ᠭᠠᠵᠠᠷ᠄ ᠬᠠᠢ ᠱᠧᠨ ᠬᠠᠯᠠᠭᠤᠨ ᠷᠠᠰᠢᠶᠠᠨ ᠤ ᠮᠦᠽᠧᠶ ᠶᠢᠨ ᠡᠮᠦᠨ᠎ᠡ ᠲᠠᠯ᠎ᠠ ᠶᠢᠨ ᠬᠠᠭᠤᠴᠢᠨ ᠣᠪᠣᠭ᠎ᠠ    ᠤᠯᠠᠮᠵᠢᠯᠠᠯᠲᠤ ᠷᠠᠰᠢᠶᠠᠨ ᠤᠰᠤᠨ ᠤ ᠳᠠᠬᠢᠯᠭ᠎ᠠ ᠶᠢᠨ ᠶᠣᠰᠣᠯᠠᠯ ᠢ ᠰᠤᠨᠢᠷᠬᠠᠵᠤ ᠪᠤᠯᠤᠨ᠎ᠠ᠃
   
  ᠷᠠᠰᠢᠶᠠᠨ ᠤᠰᠤᠨ ᠤ ᠴᠡᠩᠭᠡᠯ ᠤᠨ ᠤᠯᠠᠷᠢᠯ ᠤᠨ ᠡᠬᠢᠯᠡᠯᠲᠡ ᠶᠢᠨ ᠶᠣᠰᠣᠯᠠᠯ    ᠴᠠᠭ᠄ 7 ᠰᠠᠷ᠎ᠠ ᠶᠢᠨ 30 ᠤ ᠡᠳᠦᠷ ᠤᠨ 10᠄ 00 — 11᠄ 30 ᠪᠤᠯᠳᠠᠯ᠎ᠠ ᠶᠠᠪᠤᠭᠳᠠᠨ᠎ᠠ᠃    ᠭᠠᠵᠠᠷ᠄ ᠷᠠᠰᠢᠶᠠᠨ ᠤ ᠶᠠᠷᠢᠶᠠᠨ ᠤ ᠲᠠᠪᠴᠠᠩ ᠤᠨ ᠲᠥᠪ    ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠠᠭᠤᠤ ᠬᠦᠭᠵᠢᠮ᠂ ᠶᠠᠲᠤᠭ᠎ᠠ ᠶᠢᠨ ᠠᠶ᠎ᠠ ᠪᠠ ᠪᠥᠵᠢᠭ ᠭᠡᠬᠦ ᠮᠡᠳᠦ ᠶᠢᠨ ᠲᠤᠭᠯᠠᠯᠳᠠ ᠶᠢ ᠰᠤᠨᠢᠷᠬᠠᠵᠤ ᠪᠤᠯᠤᠨ᠎ᠠ᠃
    ︽ᠷᠠᠰᠢᠶᠠᠨ ᠤ ᠦᠳᠡᠰᠢ · ᠡᠭᠡ ᠭᠠᠵᠠᠷ ᠤᠨ ᠮᠠᠭᠲᠠᠭᠠᠯ︾ ᠲᠦᠳᠡᠭ ᠭᠠᠯ ᠤᠨ ᠦᠳᠡᠰᠢᠯᠡᠭᠡ     ᠴᠠᠭ᠄ 7 ᠰᠠᠷ᠎ᠠ ᠶᠢᠨ 30 ᠤ ᠡᠳᠦᠷ ᠤᠨ 19᠄ 30 — 21᠄ 00 ᠪᠤᠯᠳᠠᠯ᠎ᠠ ᠶᠠᠪᠤᠭᠳᠠᠨ᠎ᠠ᠃     ᠭᠠᠵᠠᠷ᠄ ᠱᠧᠩ ᠴᠢᠤᠸᠠᠨ ᠠᠭᠤᠳᠠᠮ ᠲᠠᠯᠠᠪᠠᠶ     ᠲᠦᠳᠡᠭ ᠭᠠᠯ ᠳᠤ ᠪᠠᠨ ᠲᠠᠭᠠᠳᠬᠠᠵᠤ ᠡᠷᠲᠡᠨ ᠤ ᠪᠣᠯᠪᠠᠰᠤᠨ ᠢ ᠦᠷᠬᠦᠯᠵᠢᠯᠡᠭᠦᠯᠦᠨ᠎ᠡ᠂ ᠪᠦᠬᠦ ᠠᠷᠠᠳ ᠢᠶᠠᠷ ᠢᠶᠠᠨ ᠲᠦᠳᠡᠭ ᠭᠠᠯ ᠤᠨ ᠦᠳᠡᠰᠢᠯᠡᠭᠡ ᠳᠤ ᠤᠷᠤᠯᠴᠠᠨ ᠪᠠᠶᠠᠷᠯᠠᠯᠳᠤᠨ ᠬᠦᠭᠡᠷᠦᠯᠳᠦᠭᠡᠷᠡᠢ︕
    ︽ᠭᠠᠯ ᠪᠠ ᠤᠰᠤᠨ ᠤ ᠳᠠᠭᠤᠯᠠᠯ︾ ᠤᠨ ᠰᠢᠭᠤᠳ ᠨᠡᠪᠳᠡᠷᠡᠭᠦᠯᠭᠡ     ᠴᠠᠭ᠄ 7 ᠰᠠᠷ᠎ᠠ ᠶᠢᠨ 30 ᠤ ᠡᠳᠦᠷ ᠤᠨ 19᠄ 30 — 21᠄ 00 ᠪᠤᠯᠳᠠᠯ᠎ᠠ ᠶᠠᠪᠤᠭᠳᠠᠨ᠎ᠠ᠃     ᠭᠠᠵᠠᠷ᠄ ᠱᠧᠩ ᠴᠢᠤᠸᠠᠨ ᠠᠭᠤᠳᠠᠮ ᠲᠠᠯᠠᠪᠠᠶ     ᠬᠦᠷ ᠬᠥᠭᠵᠢᠶᠡᠨ ᠲᠠᠢ ᠲᠦᠳᠡᠭ ᠭᠠᠯ ᠤᠨ ᠦᠳᠡᠰᠢᠯᠡᠭᠡ ᠪᠠᠷ ᠠᠷᠤ ᠦᠵᠡᠭᠳᠡᠯ ᠪᠣᠯᠭᠠᠵᠤ᠂ ᠲᠠᠯ᠎ᠠ ᠨᠤᠲᠤᠭ ᠤᠨ  ᠰᠤᠳᠤᠨ ᠲᠠᠭᠤᠴᠢᠨ ᠶᠦᠨ ᠹᠧᠢ ᠶᠢ ᠦᠳᠡᠰᠢᠯᠡᠭᠡ ᠶᠢᠨ ᠲᠤᠬᠠᠢ ᠶᠢᠨ ᠲᠠᠯᠠᠪᠠᠢ ᠳᠤ ᠤᠷᠢᠵᠤ᠂ ᠪᠦᠬᠦ ᠶᠠᠪᠤᠴᠠ ᠳᠤ  ᠤᠷᠤᠨ ᠨᠤᠳᠤᠭ ᠤᠨ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠰᠢᠭᠤᠳ ᠨᠡᠪᠳᠡᠷᠡᠭᠦᠯᠭᠡ  ᠪᠠᠷ ᠪᠠᠷᠠᠭ᠎ᠠ ᠬᠤᠳᠠᠯᠳᠤᠨ᠂ ᠨᠤᠲᠤᠭ ᠤᠨ ᠣᠨᠴᠠ ᠭᠠᠷᠤᠯᠲᠠ ᠶᠢ ᠲᠠᠨᠢᠯᠴᠠᠭᠤᠯᠬᠤ ᠪᠤᠯᠣᠨ᠎ᠠ᠃
 
    ᠵᠤᠭᠠᠴᠠᠨ ᠰᠡᠭᠦᠳᠡᠷ ᠳᠠᠳᠠᠵᠤ ᠲᠤᠷᠠᠰᠬᠠᠯ ᠦᠯᠡᠳᠡᠭᠡᠬᠦ ᠠᠵᠢᠯᠯᠠᠭ᠎ᠠ     ᠴᠠᠭ᠄ 7 ᠰᠠᠷ᠎ᠠ ᠶᠢᠨ 30 — 7 ᠰᠠᠷ᠎ᠠ ᠶᠢᠨ 31 ᠤ ᠡᠳᠦᠷ ᠪᠤᠯᠳᠠᠯ᠎ᠠ ᠶᠠᠪᠤᠭᠳᠠᠨ᠎ᠠ᠃     ᠭᠠᠵᠠᠷ᠄ ᠷᠠᠰᠢᠶᠠᠨ ᠬᠤᠲᠠ ᠶᠢᠨ ᠲᠣᠭᠤᠷᠢᠭ᠂ ᠷᠠᠰᠢᠶᠠᠨ ᠤ ᠤᠯᠤᠰ ᠤᠨ ᠳᠡᠰ ᠤᠨ ᠣᠶ ᠰᠢᠭᠤᠶ ᠶᠢᠨ ᠴᠡᠴᠡᠷᠯᠢᠭ᠂ ᠣᠪᠣᠭ᠎ᠠ ᠵᠡᠷᠭᠡ ᠣᠯᠠᠨ ᠭᠠᠵᠠᠷ ᠢᠶᠠᠷ ᠲᠣᠭᠤᠷᠢᠨ ᠵᠤᠭᠠᠴᠠᠵᠤ ᠪᠤᠯᠤᠨ᠎ᠠ᠃     ᠷᠠᠰᠢᠶᠠᠨ ᠤ ᠣᠶ ᠰᠢᠭᠤᠶ᠂ ᠬᠡᠬᠡᠷ᠎ᠡ ᠲᠠᠯ᠎ᠠ᠂ ᠨᠠᠭᠤᠷ ᠴᠥᠭᠦᠷᠥᠮ ᠵᠡᠷᠭᠡ ᠪᠠᠶᠢᠭᠠᠯᠢ ᠶᠢᠨ ᠦᠵᠡᠭᠳᠡᠯ ᠢᠶᠠᠷ ᠠᠷᠤ ᠦᠵᠡᠭᠳᠡᠯ ᠪᠣᠯᠭᠠᠵᠤ ᠨᠢᠭᠡ ᠤᠳᠠᠭᠠᠨ ᠤ ᠪᠠᠶᠢᠭᠠᠯᠢᠯᠢᠭ ᠵᠤᠭᠠᠴᠠᠯ ᠤᠨ ᠰᠡᠭᠦᠳᠡᠷ ᠳᠠᠳᠠᠵᠤ ᠪᠤᠯᠤᠨ᠎ᠠ᠃
 
    ︽ᠮᠦᠩᠭᠡ ᠶᠢᠨ ᠷᠠᠰᠢᠶᠠᠨ · 48 ᠪᠤᠯᠠᠭ︾ ᠢ ᠪᠦᠬᠦ ᠠᠷᠠᠳ ᠤᠨ ᠰᠠᠬᠢᠨ ᠬᠠᠮᠠᠭᠠᠯᠠᠬᠤ ᠠᠵᠢᠯᠯᠠᠭ᠎ᠠ     ᠴᠠᠭ᠄ 7 ᠰᠠᠷ᠎ᠠ ᠶᠢᠨ 30 ᠤ ᠡᠳᠦᠷ ᠨᠡᠶᠢᠳᠡᠯᠡᠵᠦ ᠨᠢᠭᠡ ᠭᠠᠷᠠᠭ ᠦᠷᠭᠦᠯᠵᠢᠯᠡᠨ᠎ᠡ᠃     ᠭᠠᠵᠠᠷ᠄ ᠰᠦᠯᠵᠢᠶᠡᠨ ᠳᠡᠭᠡᠷ᠎ᠡ᠂ H5 ᠬᠡᠯᠪᠡᠷᠢ ᠪᠠᠷ ᠨᠡᠶᠢᠳᠡᠯᠡᠨ᠎ᠡ᠃     ᠠᠷᠠᠳ ᠤᠯᠠᠨ ᠰᠦᠯᠵᠢᠶᠡᠨ ᠳᠡᠭᠡᠷ᠎ᠡ ᠷᠠᠰᠢᠶᠠᠨ ᠪᠤᠯᠠᠭ ᠢ ︽ᠲᠠᠨᠢᠵᠤ ᠠᠪᠬᠤ︾ ᠰᠠᠬᠢᠨ ᠬᠠᠮᠠᠭᠠᠯᠠᠬᠤ ᠠᠵᠢᠯᠯᠠᠭ᠎ᠠ ᠳᠤ ᠤᠷᠤᠯᠴᠠᠵᠤ ᠪᠤᠯᠤᠨ᠎ᠠ᠂ ︽599 ᠲᠥᠭᠦᠷᠢᠭ ᠤᠨ ᠪᠥᠬᠦ ᠵᠢᠯ ᠳᠤ ᠰᠦᠢᠳᠭᠡᠯ ᠬᠤᠷᠢᠶᠠᠬᠤ ᠥᠬᠡᠶ ᠪᠠᠷ 30 ᠤᠳᠠᠭ᠎ᠠ ᠷᠠᠰᠢᠶᠠᠨ ᠳᠤ ᠤᠷᠤᠬᠤ︾ ᠬᠠᠭᠤᠳᠠᠰᠤ ᠶᠢ ᠨᠡᠶᠢᠳᠡ 48 ᠬᠤᠪᠢ ᠳᠠᠷᠬᠠᠭᠠᠨ᠎ᠠ᠃
    ︽ᠡᠴᠢᠭᠡ ᠲᠩᠷᠢ ᠶᠢᠨ ᠬᠡᠰᠢᠭᠳᠦ ᠷᠠᠰᠢᠶᠠᠨ · ᠡᠷᠬᠢᠮ ᠰᠣᠶᠣᠯ ᠵᠤᠭᠠᠴᠠᠯ ᠢᠶᠠᠷ ᠠᠰᠢᠭ ᠬᠦᠷᠳᠡᠭᠡᠬᠦ︾ ᠷᠠᠰᠢᠶᠠᠨ ᠤᠰᠤᠨ ᠤ ᠰᠣᠶᠣᠯ ᠢ ᠪᠡᠶᠡᠴᠢᠯᠡᠨ ᠤᠶᠢᠯᠠᠭᠠᠬᠤ ᠠᠵᠢᠯᠯᠠᠭ᠎ᠠ     ᠴᠠᠭ᠄ 7 ᠰᠠᠷ᠎ᠠ ᠶᠢᠨ 30 ᠤ ᠡᠳᠦᠷ — 8 ᠰᠠᠷ᠎ᠠ ᠶᠢᠨ 1 ᠤ ᠡᠳᠦᠷ ᠪᠤᠯᠳᠠᠯ᠎ᠠ ᠶᠠᠪᠤᠭᠳᠠᠨ᠎ᠠ᠃     ᠭᠠᠵᠠᠷ᠄ ᠬᠠᠢ ᠱᠧᠨ ᠰᠤᠪᠢᠯᠠᠯᠲᠠ ᠠᠮᠠᠷᠠᠯᠲᠠ ᠶᠢᠨ ᠣᠷᠣᠨ᠂ ᠷᠠᠰᠢᠶᠠᠨ ᠬᠤᠲᠠ ᠶᠢᠨ ᠬᠠᠢ ᠱᠧᠨ ᠬᠠᠯᠠᠭᠤᠨ ᠷᠠᠰᠢᠶᠠᠨ ᠤ ᠮᠦᠽᠧᠶ     ᠲᠤᠬᠠᠶ ᠶᠢᠨ ᠲᠠᠯᠠᠪᠤᠷ ᠲᠤ ᠱᠠᠩᠨᠠᠯ ᠤᠨ ᠳᠡᠮᠳᠡᠭ ᠰᠤᠭᠤᠯᠵᠤ ᠪᠤᠯᠤᠨ᠎ᠠ᠃ ᠬᠠᠯᠠᠭᠤᠨ ᠷᠠᠰᠢᠶᠠᠨ ᠡᠮᠴᠢᠯᠡᠭᠡᠨ ᠤ ᠲᠤᠷᠰᠢᠯᠲᠠ ᠶᠢᠨ ᠲᠡᠮᠳᠡᠭᠲᠦ᠂ ᠬᠠᠢ ᠱᠧᠨ ᠮᠦᠽᠧᠶ ᠶᠢᠨ ᠤᠬᠢᠶᠠᠯᠭ᠎ᠠ ᠶᠢᠨ ᠪᠢᠯᠧᠲ ᠢ ᠬᠠᠭᠠᠰ ᠢᠶᠠᠷ ᠬᠢᠮᠳᠠᠷᠠᠭᠤᠯᠬᠤ ᠂ ᠬᠠᠯᠠᠭᠤᠨ ᠷᠠᠰᠢᠶᠠᠨ ᠤ ᠬᠡᠤᠬᠡᠳ ᠤᠨ ᠴᠡᠩᠭᠡᠯ ᠤᠨ ᠬᠦᠷᠢᠶᠡᠯᠡᠩ ᠤᠨ ᠡᠭᠦᠳᠡᠨ ᠪᠢᠯᠧᠲ ᠵᠡᠷᠭᠡ ᠶᠢ ᠦᠨ᠎ᠡ ᠲᠥᠯᠥᠪᠦᠷᠢ ᠥᠬᠡᠶ ᠪᠠᠷ ᠬᠦᠷᠭᠡᠨ᠎ᠡ᠃
    ︽ᠰᠢᠳᠢᠳᠦ ᠷᠠᠰᠢᠶᠠᠨ ·  ᠷᠢᠳᠢᠳᠦ ᠠᠮᠢᠳᠤᠷᠠᠯ︾ ᠷᠠᠰᠢᠶᠠᠨ ᠭᠤᠤᠯ ᠤᠨ ᠪᠢᠨ ᠾᠧ ᠴᠡᠴᠡᠷᠯᠢᠭ ᠤᠨ ᠤᠰᠤᠨ ᠳᠡᠭᠡᠷᠡᠬᠢ ᠵᠤᠭ᠎ᠠ ᠴᠡᠩᠭᠡᠯ ᠤᠨ ᠠᠵᠢᠯᠯᠠᠭ᠎ᠠ     ᠴᠠᠭ᠄ 7 ᠰᠠᠷ᠎ᠠ ᠶᠢᠨ 30 ᠤ ᠡᠳᠦᠷ — 8 ᠰᠠᠷ᠎ᠠ ᠶᠢᠨ 30 ᠤ ᠡᠳᠦᠷ ᠪᠤᠯᠳᠠᠯ᠎ᠠ ᠶᠠᠪᠤᠭᠳᠠᠨ᠎ᠠ᠃     ᠭᠠᠵᠠᠷ᠄ ᠷᠠᠰᠢᠶᠠᠨ ᠭᠤᠤᠯ ᠤᠨ ᠪᠢᠨ ᠾᠧ ᠴᠡᠴᠡᠷᠯᠢᠭ     ᠭᠤᠤᠯ ᠳᠡᠭᠡᠷᠡᠬᠢ ᠬᠥᠪᠦᠮᠡᠯ ᠪᠥᠮᠪᠦᠭᠡ ᠵᠡᠷᠭᠡ ᠤᠯᠠᠨ ᠵᠦᠢᠯ ᠤᠨ ᠬᠡᠯᠪᠡᠷᠢ ᠶᠢᠨ ᠤᠰᠤᠨ ᠳᠡᠭᠡᠷᠡᠬᠢ ᠵᠤᠭ᠎ᠠ ᠴᠡᠩᠭᠡᠯ ᠢ ᠪᠡᠶᠡᠴᠢᠯᠡᠨ ᠤᠶᠢᠯᠠᠭᠠᠵᠤ ᠪᠤᠯᠤᠨ᠎ᠠ︕
    ᠰᠢᠳᠢᠳᠦ ᠷᠠᠰᠢᠶᠠᠨ ᠤ 2022 ᠲᠠᠯ᠎ᠠ ᠨᠤᠳᠤᠭ ᠤᠨ ᠳᠠᠭᠤᠤ ᠶᠢᠨ ᠰᠦᠯᠵᠢᠶᠡᠨ ᠤ ᠤᠷᠤᠯᠳᠤᠭᠠᠨ     ᠴᠠᠭ᠄ 8 ᠰᠠᠷ᠎ᠠ ᠶᠢᠨ 1 ᠤ ᠡᠳᠦᠷ — 9 ᠰᠠᠷ᠎ᠠ ᠶᠢᠨ 15 ᠤ ᠡᠳᠦᠷ ᠪᠤᠯᠳᠠᠯ᠎ᠠ ᠶᠠᠪᠤᠭᠳᠠᠨ᠎ᠠ᠃    ᠭᠠᠵᠠᠷ᠄  ᠰᠦᠯᠵᠢᠶᠡᠨ ᠳᠡᠭᠡᠷ᠎ᠡ ᠶᠠᠪᠤᠭᠳᠠᠨ᠎ᠠ᠃    ︽ᠵᠡᠯᠮ᠎ᠠ ᠬᠠᠷ᠎ᠠ ᠬᠠᠮᠳᠤᠯᠢᠭ︾ ᠠᠴᠠ 8 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 15 ᠤ ᠡᠳᠦᠷ ᠪᠤᠯᠳᠠᠯ᠎ᠠ᠂ ᠷᠠᠰᠢᠶᠠᠨ ᠤ ᠵᠤᠭᠠᠴᠠᠯ ᠤᠨ ᠡᠬᠢ ᠪᠠᠶᠠᠯᠢᠭ᠂ ᠷᠠᠰᠢᠶᠠᠨ ᠤᠰᠤᠨ ᠤ ᠨᠠᠶᠢᠷ ᠤᠨ ᠵᠤᠭᠠᠴᠠᠯ ᠤᠨ ᠵᠠᠮ ᠵᠡᠷᠭᠡ  ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠬᠠᠭᠤᠯᠵᠤ᠂ ᠷᠠᠰᠢᠶᠠᠨ ᠤ ᠭᠤᠸ᠎ᠠ ᠰᠠᠶᠢᠬᠠᠨ ᠢ ᠤᠯᠠᠮᠵᠢᠯᠠᠨ᠎ᠠ᠃  
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号