ᠬᠠᠯᠳᠠᠪᠤᠷᠢᠲᠤ ᠡᠪᠡᠳᠴᠢᠨ ᠲᠠᠢ ᠮᠠᠯ ᠤᠨ ᠬᠢᠵᠢᠭ ᠢ ᠪᠠᠶᠢᠴᠠᠭᠠᠬᠤ ᠬᠦᠷᠢᠶ᠎ᠡ ᠬᠡᠪᠴᠢᠶ᠎ᠡ
ᠨᠡᠶᠢᠲᠡᠯᠡᠭᠰᠡᠨ ᠴᠠᠭ᠄
2022/8/12
     ᠬᠢᠵᠢᠭ ᠤᠨ ᠪᠠᠶᠢᠴᠠᠭᠠᠯᠳᠠ ᠶᠢᠨ ᠰᠢᠨᠵᠢ ᠴᠢᠨᠠᠷ᠂ ᠲᠦᠷᠦᠯ ᠵᠦᠢᠯ ᠢ ᠦᠨᠳᠦᠰᠦᠯᠡᠵᠦ ᠬᠢᠵᠢᠭ ᠤᠨ ᠪᠠᠶᠢᠴᠠᠭᠠᠯᠳᠠ ᠶᠢ ᠦᠢᠯᠡᠳᠪᠤᠷᠢᠯᠡᠯ ᠤᠨ ᠴᠢᠨᠠᠷᠲᠠᠢ᠂ ᠦᠵᠡᠮᠦᠷᠢ ᠶᠢᠨ ᠴᠢᠨᠠᠷᠲᠠᠢ᠂ ᠠᠷᠠᠯᠵᠢᠶᠠᠨ ᠤ ᠴᠢᠨᠠᠷᠲᠠᠢ᠂ ᠠᠷᠠᠯᠵᠢᠶᠠᠨ ᠤ ᠪᠤᠰᠤ ᠴᠢᠨᠠᠷᠲᠠᠢ ᠪᠠ ᠬᠢᠯᠢ ᠠᠴᠠ ᠭᠠᠷᠬᠤ ᠬᠢᠵᠢᠭ ᠤᠨ ᠪᠠᠶᠢᠴᠠᠭᠠᠯᠳᠠ ᠬᠡᠬᠦ ᠲᠠᠪᠤᠨ ᠲᠠᠯ᠎ᠠ ᠪᠠᠷ ᠬᠤᠪᠢᠶᠠᠨ᠎ᠠ᠃     ⑴ ᠦᠢᠯᠡᠳᠪᠤᠷᠢᠯᠡᠯ ᠤᠨ ᠴᠢᠨᠠᠷᠲᠠᠢ ᠬᠢᠵᠢᠭ ᠤᠨ ᠪᠠᠶᠢᠴᠠᠭᠠᠯᠳᠠ ᠶᠢᠨ ᠬᠦᠷᠢᠶ᠎ᠡ ᠬᠡᠪᠴᠢᠶ᠎ᠡ ᠳᠤ ᠣᠯᠣᠰ ᠠᠴᠠ ᠡᠷᠬᠢᠯᠡᠭᠰᠡᠨ ᠲᠠᠷᠢᠶᠠᠯᠠᠩ᠂ ᠮᠠᠯᠵᠢᠯ ᠤᠨ ᠲᠠᠯᠠᠪᠠᠢ᠂ ᠬᠠᠮᠲᠤ ᠪᠠ ᠬᠤᠪᠢ ᠶᠢᠨ ᠠᠷᠠᠴᠢᠯᠠᠨ ᠲᠡᠵᠢᠬᠡᠭᠰᠡᠨ ᠮᠠᠯ ᠵᠢᠬᠦᠷᠳᠡᠨ ᠨᠦᠭᠦᠳ ᠪᠠᠭᠳᠠᠨ᠎ᠠ᠃      ⑵ ᠦᠵᠡᠮᠦᠷᠢ ᠶᠢᠨ ᠴᠢᠨᠠᠷᠲᠠᠢ ᠬᠢᠵᠢᠭ ᠤᠨ ᠪᠠᠶᠢᠴᠠᠭᠠᠯᠳᠠ ᠳᠤ ᠠᠮᠢᠳᠠᠨ ᠤ ᠬᠦᠷᠢᠶᠡᠯᠡᠩ ᠳᠤ ᠪᠠᠶᠢᠭ᠎ᠠ ᠦᠵᠡᠮᠦᠷᠢ ᠶᠢᠨ ᠠᠮᠢᠳᠠᠨ ᠪᠠ ᠤᠳᠬ᠎ᠠ ᠤᠷᠠᠯᠢᠭ ᠤᠨ ᠪᠦᠯᠬᠦᠮ ᠤᠨ ᠲᠤᠭᠯᠠᠯᠲᠠ ᠶᠢᠨ ᠠᠮᠢᠳᠠᠨ ᠨᠤᠭᠤᠳ ᠪᠠᠭᠳᠠᠨ᠎ᠠ᠃      ⑶ ᠠᠷᠠᠯᠵᠢᠶᠠᠨ ᠤ ᠴᠢᠨᠠᠷᠲᠠᠢ ᠬᠢᠵᠢᠭ ᠤᠨ ᠪᠠᠶᠢᠴᠠᠭᠠᠯᠳᠠ ᠳᠤ ᠣᠯᠣᠰ ᠠᠴᠠ ᠤᠷᠤᠭᠤᠯᠵᠦ ᠭᠠᠷᠭᠠᠬᠤ ᠮᠠᠯ ᠵᠢᠬᠦᠷᠳᠡᠨ᠂ ᠵᠠᠬ᠎ᠠ ᠳᠡᠯᠬᠡᠬᠦᠷ ᠤᠨ ᠰᠤᠯᠢᠯᠴᠠᠭᠠᠨ ᠤ ᠮᠠᠯ ᠵᠢᠬᠦᠷᠳᠡᠨ ᠵᠢᠴᠢ ᠲᠡᠭᠦᠨ ᠤ ᠭᠠᠷᠣᠯᠳᠠ ᠵᠡᠷᠭᠡ ᠪᠠᠭᠳᠠᠨ᠎ᠠ᠃      ⑷ ᠠᠷᠠᠯᠵᠢᠶᠠᠨ ᠤ ᠪᠤᠰᠤ ᠴᠢᠨᠠᠷᠲᠠᠢ ᠬᠢᠵᠢᠭ ᠤᠨ ᠪᠠᠶᠢᠴᠠᠭᠠᠯᠳᠠ ᠳᠤ ᠤᠯᠤᠰ ᠤᠨ ᠬᠤᠭᠤᠷᠤᠨᠳᠤ ᠭᠤᠪᠢᠭᠤᠯᠬᠤ ᠰᠢᠤᠳᠠᠨ ᠪᠠᠭᠯᠠᠭ᠎ᠠ᠂ ᠳᠡᠯᠬᠡᠨ ᠦᠵᠡᠬᠦᠯᠦᠯᠳᠡ ᠶᠢᠨ ᠪᠤᠳᠠᠰ᠂ ᠲᠤᠰᠠᠯᠠᠮᠵᠢ᠂ ᠰᠣᠯᠢᠯᠴᠠᠭᠠᠨ ᠤ ᠪᠡᠯᠡᠭ᠂ ᠠᠶᠠᠨᠴᠢᠳ ᠤᠨ ᠠᠪᠴᠤ ᠶᠠᠪᠤᠬᠤ ᠠᠮᠢᠳᠠᠨ ᠵᠢᠴᠢ ᠲᠡᠬᠦᠨ ᠤ ᠭᠠᠷᠤᠯᠳᠠ ᠵᠡᠷᠭᠡ ᠪᠠᠭᠳᠠᠨ᠎ᠠ᠃      ⑸ ᠬᠢᠯᠢ ᠶᠢᠨ ᠬᠢᠵᠢᠭ ᠤᠨ ᠪᠠᠶᠢᠴᠠᠭᠠᠯᠳᠠ ᠳᠤ ᠤᠯᠤᠰ ᠤᠨ ᠬᠢᠯᠢ ᠠᠴᠠ ᠭᠠᠷᠬᠤ ᠭᠠᠯᠲᠤ ᠳᠡᠷᠭᠡ ᠪᠤᠶᠤ ᠨᠢᠰᠬᠡᠯ ᠢᠶᠠᠷ ᠳᠡᠭᠡᠭᠡᠪᠤᠷᠢᠯᠡᠬᠦ ᠠᠮᠢᠳᠠᠨ ᠪᠠ ᠠᠮᠢᠳᠠᠨ ᠤ ᠭᠠᠷᠤᠯᠳᠠ ᠵᠡᠷᠭᠡ ᠪᠠᠭᠳᠠᠨ᠎ᠠ᠃ ᠬᠢᠵᠢᠭ ᠪᠠᠶᠢᠴᠠᠭᠠᠬᠤ ᠠᠮᠢᠳᠠᠨ ᠳᠤ ᠡᠯ᠎ᠡ ᠲᠦᠷᠦᠯ ᠤᠨ ᠮᠠᠯ᠂ ᠵᠢᠬᠦᠷᠳᠡᠨ᠂ ᠠᠷᠠᠰᠣ ᠨᠣᠣᠰᠤᠨ ᠤ ᠠᠷᠢᠶᠠᠳᠠᠨ᠂ ᠲᠤᠷᠰᠢᠯᠳᠡ ᠶᠢᠨ ᠠᠮᠢᠳᠠᠨ᠂ ᠵᠦᠬᠡᠢ᠂ ᠵᠢᠭᠠᠰᠤ ᠵᠢᠷᠭᠠᠬᠠᠢ᠂ ᠵᠢᠭᠠᠰᠤᠨ ᠦᠷ᠎ᠡ ᠦᠨᠳᠡᠭᠡ ᠵᠡᠷᠭᠡ ᠪᠠᠭᠳᠠᠨ᠎ᠠ᠃ ᠠᠮᠢᠳᠠᠨ ᠤ ᠭᠠᠷᠤᠯᠳᠠ ᠳᠤ ᠲᠦᠬᠦᠬᠡᠢ ᠠᠷᠠᠰᠤ᠂ ᠲᠦᠬᠦᠬᠡᠢ ᠨᠤᠤᠰᠤ᠂ ᠲᠦᠬᠦᠬᠡᠢ ᠮᠢᠬ᠎ᠠ᠂ ᠦᠷ᠎ᠡ ᠶᠢᠨ ᠦᠨᠳᠡᠭᠡ᠂ ᠵᠢᠭᠠᠰᠤᠨ ᠨᠤᠨᠳᠠᠭ᠂ ᠠᠷᠢᠶᠠᠳᠠᠨ ᠤ ᠶᠠᠰᠤ᠂ ᠡᠪᠡᠷ ᠲᠤᠭᠤᠷᠠᠢ ᠵᠡᠷᠭᠡ᠂ ᠵᠦᠬᠡᠬᠡᠨ ᠲᠡᠭᠡᠭᠡᠪᠤᠷᠢᠯᠡᠬᠦ ᠪᠠᠭᠠᠵᠢ ᠬᠡᠷᠡᠭᠰᠡᠯ ᠳᠤ ᠲᠡᠷᠭᠡ᠂ ᠤᠩᠭᠤᠴᠠ᠂ ᠨᠢᠰᠬᠡᠯ᠂ ᠪᠤᠭᠤᠳᠠᠯ ᠪᠠᠭᠯᠠᠭ᠎ᠠ᠂ ᠲᠡᠪᠢᠰᠬᠦ ᠮᠠᠲ᠋ᠧᠷᠢᠶᠠᠯ᠂ ᠠᠷᠠᠴᠢᠯᠠᠨ ᠲᠡᠵᠢᠬᠡᠬᠦ ᠪᠠᠭᠠᠵᠢ ᠭᠡᠷᠡᠭᠰᠡᠯ ᠪᠤᠯᠤᠨ ᠪᠤᠷᠳᠤᠭ᠎ᠠ ᠵᠡᠷᠭᠡ ᠪᠠᠭᠳᠠᠨ᠎ᠠ᠃      ︽ᠮᠠᠯ ᠤᠨ ᠬᠠᠯᠳᠠᠪᠤᠷᠢᠲᠤ ᠡᠪᠡᠳᠴᠢᠨ ᠤ ᠤᠬᠠᠭᠠᠨ︾ ᠭᠡᠬᠦ ᠨᠤᠮ ᠠᠴᠠ ᠪᠠᠭᠤᠯᠭᠠᠪᠠ
 
ᠢᠷᠡᠯᠲᠡ᠄ ᠦᠣᠰᠢᠨ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号