ᠮᠠᠯ ᠤᠨ ᠡᠪᠡᠳᠴᠢᠨ ᠬᠢᠵᠢᠭ ᠡᠭᠦᠰᠦᠭᠰᠡᠨ ᠦᠶ᠎ᠡ ᠳᠠᠬᠢ ᠣᠰᠠᠳᠬᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/8/12
     ⒈ ᠴᠠᠭ ᠲᠤᠬᠠᠢ ᠳᠤᠨᠢ ᠮᠡᠳᠡᠵᠦ᠂ ᠣᠨᠣᠰᠢᠯᠠᠵᠦ᠂ ᠬᠢᠵᠢᠭ ᠤᠨ ᠪᠠᠶᠢᠳᠠᠯ ᠢ ᠳᠡᠭᠡᠭᠰᠢ ᠪᠠ ᠵᠡᠷᠭᠡᠯᠡᠳᠡᠭᠡ ᠭᠠᠵᠠᠷ ᠣᠷᠣᠨ ᠳᠠᠭᠠᠨ ᠮᠡᠳᠡᠬᠦᠯᠦᠨ᠎ᠡ᠃      ⒉ ᠡᠪᠡᠳᠴᠢᠲᠠᠢ ᠮᠠᠯ ᠢ ᠲᠦᠷᠭᠡᠨ ᠲᠤᠰᠠᠭᠠᠷᠯᠠᠵᠦ᠂ ᠪᠤᠵᠠᠷᠳᠤᠭᠰᠠᠨ ᠤᠷᠤᠨ ᠢ ᠴᠠᠭ ᠲᠤᠬᠠᠢ ᠳᠤᠨᠢ ᠠᠷᠢᠭᠤᠳᠬᠠᠵᠦ᠂ ᠴᠢᠬᠤᠯᠠ ᠲᠠᠢ ᠪᠤᠯ ᠬᠢᠵᠢᠭᠲᠦ ᠤᠷᠤᠨ ᠢ ᠪᠢᠳᠡᠬᠦᠮᠵᠢᠯᠡᠨ᠎ᠡ᠃      ⒊ ᠡᠪᠡᠳᠴᠢᠨ ᠲᠠᠢ ᠮᠠᠯ ᠢ ᠵᠤᠬᠢᠰᠲᠠᠢ ᠡᠮᠨᠡᠨ ᠵᠠᠰᠠᠵᠦ᠂ ᠦᠬᠦᠳᠡᠯ ᠢ ᠵᠤᠬᠢᠰᠲᠠᠢ ᠰᠢᠢᠳᠪᠤᠷᠢᠯᠡᠨ᠎ᠡ᠃      ⒋ ᠸᠠᠺᠼᠢᠨ ᠤ ᠪᠠᠴᠢᠮ ᠲᠠᠷᠢᠯᠭ᠎ᠠ ᠬᠢᠨ᠎ᠡ᠃      ᠡᠪᠡᠳᠴᠢᠨ ᠬᠢᠵᠢᠭ ᠤᠨ ᠰᠡᠷᠭᠡᠶᠢᠯᠡᠯᠲᠡ      ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ᠂ ᠡᠪᠡᠳᠴᠢᠨ ᠬᠢᠵᠢᠭ ᠢ ᠬᠠᠯᠳᠠᠪᠤᠷᠢᠯᠠᠭᠰᠠᠨ ᠦᠬᠡᠢ ᠮᠠᠯ ᠰᠦᠷᠦᠭ ᠠᠴᠠ ᠵᠠᠶᠢᠯᠠᠭᠤᠯᠤᠨ᠎ᠠ᠃ ᠡᠬᠦᠨ ᠳᠤ ᠲᠤᠰᠠᠭᠠᠷᠯᠠᠬᠤ᠂ ᠬᠢᠵᠢᠭ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠠᠪᠴᠤ ᠬᠠᠯᠳᠠᠪᠤᠷᠢ ᠶᠢᠨ ᠡᠬᠢ ᠶᠢ ᠤᠳᠤᠬᠠᠨ ᠳᠤ ᠲᠤᠰ ᠡᠪᠡᠳᠴᠢᠨ ᠡᠬᠦᠰᠦᠬᠡᠲᠤᠢ ᠤᠷᠤᠨ  ᠳᠤ ᠤᠷᠤᠭᠤᠯᠬᠤ ᠦᠬᠡᠢ ᠶᠢᠨ ᠵᠡᠷᠭᠡ ᠪᠠᠷ ᠬᠠᠮᠲᠤ ᠶᠢᠨ ᠡᠬᠡᠯᠢᠯᠡᠭᠡ᠂ ᠬᠠᠮᠲᠤ ᠶᠢᠨ ᠰᠡᠷᠭᠡᠶᠢᠯᠡᠯᠲᠡ ᠶᠢᠨ ᠴᠢᠨᠠᠷᠲᠠᠢ ᠡᠮᠴᠢᠯᠡᠨ ᠵᠠᠰᠠᠬᠤ ᠵᠢᠴᠢ ᠤᠷᠴᠢᠨ ᠲᠤᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠵᠤᠬᠢᠬᠤ ᠲᠤᠭᠠᠨ ᠤ ᠮᠠᠯ ᠰᠦᠷᠦᠭ ᠲᠤᠰ ᠤᠷᠤᠨ ᠳᠤ ᠪᠠᠶᠢᠭ᠎ᠠ ᠡᠪᠡᠳᠴᠢᠨ ᠬᠢᠵᠢᠭ ᠲᠤ ᠬᠠᠯᠳᠠᠪᠤᠷᠢᠯᠠᠭᠳᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃      ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ      ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠡᠪᠡᠳᠴᠢᠨ ᠬᠢᠵᠢᠭ ᠤᠨ ᠡᠪᠡᠳᠴᠢᠯᠡᠬᠦᠯᠦᠭᠴᠢ ᠶᠢ ᠪᠠᠭᠠᠰᠬᠠᠬᠤ ᠪᠤᠶᠤ ᠠᠷᠢᠯᠭᠠᠵᠦ᠂ ᠮᠠᠯ ᠰᠦᠷᠦᠭ ᠲᠤ ᠡᠬᠦᠰᠦᠭᠰᠡᠨ ᠬᠢᠵᠢᠭ ᠤᠨ ᠡᠪᠡᠳᠴᠢᠨ ᠡᠬᠦᠰᠬᠦ ᠨᠤᠷᠮ᠎ᠠ ᠶᠢ ᠲᠤᠷᠤᠭᠰᠢᠯᠠᠭᠤᠯᠵᠦ᠂ ᠡᠪᠡᠳᠴᠢᠨ ᠢ ᠵᠤᠬᠢᠬᠤ ᠤᠷᠤᠨ ᠳᠤ ᠬᠢᠵᠠᠭᠠᠷᠯᠠᠬᠤ ᠶᠢ ᠬᠡᠯᠡᠨ᠎ᠡ᠃      ᠡᠪᠡᠳᠴᠢᠨ ᠬᠢᠵᠢᠭ ᠢ ᠤᠰᠠᠳᠬᠠᠬᠤ      ᠲᠤᠭᠲᠠᠭᠰᠠᠨ ᠲᠦᠷᠦᠯ ᠤᠨ ᠡᠪᠡᠳᠴᠢᠯᠡᠬᠦᠯᠦᠭᠴᠢ ᠶᠢ ᠤᠰᠠᠳᠬᠠᠨ᠎ᠠ᠃ ᠨᠢᠬᠡ ᠵᠦᠢᠯ ᠤᠨ ᠬᠠᠯᠳᠠᠪᠤᠷᠢᠲᠤ ᠡᠪᠡᠳᠴᠢᠨ ᠢ ᠳᠡᠯᠡᠬᠡᠢ ᠶᠢᠨ ᠬᠡᠪᠴᠢᠶ᠎ᠡ ᠪᠠᠷ ᠤᠰᠠᠳᠬᠠᠬᠤ ᠨᠢ ᠲᠡᠶᠢᠮᠦ ᠠᠮᠠᠷᠬᠠᠨ ᠪᠢᠰᠢ᠂ ᠬᠡᠪᠡᠴᠤ ᠵᠤᠬᠢᠬᠤ ᠤᠷᠤᠨ ᠪᠠ ᠬᠡᠪᠴᠢᠶᠡᠨ ᠳᠤ ᠵᠠᠷᠢᠮ ᠬᠠᠯᠳᠠᠪᠤᠷᠢᠲᠤ ᠡᠪᠡᠳᠴᠢᠨ ᠢ ᠤᠰᠠᠳᠬᠠᠬᠤ ᠳᠤ ᠬᠡᠷᠪᠡ ᠶᠡᠷᠤᠩᠬᠡᠶᠢᠯᠡᠭᠰᠡᠨ ᠮᠠᠯ ᠡᠮᠨᠡᠯᠬᠡ ᠶᠢᠨ ᠬᠢᠵᠢᠭ ᠰᠡᠷᠬᠡᠶᠢᠯᠡᠬᠦ ᠠᠷᠭ᠎ᠠ ᠭᠡᠮᠵᠢᠶ᠎ᠡ ᠠᠪᠤᠪᠠᠯ᠂ ᠵᠢᠱᠢᠶᠡᠯᠡᠪᠡᠯ᠂ ᠡᠪᠡᠳᠴᠢᠨ ᠲᠠᠢ ᠮᠠᠯ ᠢ ᠲᠤᠳᠤᠯᠠᠨ᠂ ᠠᠯᠠᠵᠦ ᠬᠠᠶᠠᠬᠤ᠂ ᠲᠤᠰᠠᠭᠠᠷᠯᠠᠨ ᠬᠢᠵᠢᠭ ᠪᠠᠶᠢᠴᠠᠭᠠᠬᠤ᠂ ᠮᠠᠯ ᠰᠦᠷᠦᠭ ᠲᠤ ᠡᠭᠡᠯᠢᠯᠡᠭᠡ ᠬᠢᠬᠦ᠂ ᠡᠮᠨᠡᠨ ᠵᠠᠰᠠᠬᠤ᠂ ᠣᠷᠴᠢᠨ ᠲᠤᠭᠤᠷᠢᠨ ᠢ ᠠᠷᠢᠭᠤᠳᠬᠠᠬᠤ᠂ ᠳᠠᠮᠵᠢᠭᠤᠯᠬᠤ ᠵᠠᠭᠤᠴᠢ ᠶᠢ ᠬᠢᠵᠠᠭᠠᠷᠯᠠᠬᠤ ᠵᠡᠷᠭᠡ ᠤᠷᠳᠤ ᠬᠤᠭᠤᠴᠠᠭᠠᠨ ᠤ ᠴᠢᠷᠮᠠᠶᠢᠯᠳᠠ ᠪᠠᠷ ᠳᠠᠮᠵᠢᠨ ᠪᠡᠶᠡᠯᠡᠬᠦᠯᠵᠦ ᠴᠢᠳᠠᠨ᠎ᠠ᠃         ︽ᠮᠠᠯ ᠤᠨ ᠬᠠᠯᠳᠠᠪᠤᠷᠢᠲᠤ ᠡᠪᠡᠳᠴᠢᠨ ᠤ ᠤᠬᠠᠭᠠᠨ︾ ᠭᠡᠬᠦ ᠨᠤᠮ ᠠᠴᠠ ᠪᠠᠭᠤᠯᠭᠠᠪᠠ
 
ᠢᠷᠡᠯᠲᠡ᠄ ᠦᠣᠰᠢᠨ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号