ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠷᠠᠰᠢᠶᠠᠨ ᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2022/8/16
            8 ᠰᠠᠷ᠎ᠠ ᠶᠢᠨ 13 ᠤ ᠡᠳᠦᠷ᠂ ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠶᠢᠨ ᠶᠠᠷᠢᠶᠠᠨ ᠤ ᠲᠠᠪᠴᠠᠩ ᠷᠠᠰᠢᠶᠠᠨ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠤᠨ ᠭᠤᠤᠯ ᠰᠡᠳᠦᠪ ᠨᠢ ︽ᠰᠤᠷᠭᠠᠭᠤᠯᠢ ᠶᠢᠨ ᠬᠠᠨᠢᠳᠠᠨ ᠤ ᠠᠵᠤ ᠠᠬᠤᠶ᠄ ᠬᠥᠳᠡᠭᠡ ᠲᠣᠰᠬᠤᠨ ᠬᠢᠭᠡᠳ ᠬᠥᠭᠵᠢᠯᠲᠡ ᠶᠢ ᠵᠤᠯᠭᠠᠯᠴᠠᠭᠤᠯᠤᠨᠠᠮ︾ ᠪᠣᠯᠤᠨ᠎ᠠ᠂ 300 ᠭᠠᠷᠤᠶ ᠨᠡᠷ᠎ᠡ ᠨᠦᠯᠦᠭᠡᠳᠡᠢ ᠨᠠᠷᠠᠲᠤ ᠰᠤᠷᠭᠠᠭᠤᠯᠢ ᠶᠢᠨ ᠬᠠᠨᠢᠳᠠᠨ ᠠᠵᠤ ᠠᠬᠤᠶᠢᠯᠠᠯᠲᠠᠨ ᠵᠢᠴᠢ ᠬᠤᠪᠸᠢ ᠶᠢᠨ ᠲᠥᠯᠥᠭᠡᠯᠡᠭᠴᠢ ᠷᠠᠰᠢᠶᠠᠨ ᠳᠤ ᠴᠤᠭᠯᠠᠷᠠᠵᠤ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠣᠨ ᠨᠡᠮᠡᠷᠢᠯᠡᠪᠡ᠃
     ᠶᠠᠷᠢᠶᠠᠨ ᠤ ᠲᠠᠪᠴᠠᠩ ᠤᠨ ᠠᠬᠤᠶ ᠲᠠᠯᠠᠪᠠᠢ
     ᠶᠠᠷᠢᠶᠠᠨ ᠤ ᠲᠠᠪᠴᠠᠩ ᠤᠨ ᠠᠬᠤᠶ ᠲᠠᠯᠠᠪᠠᠢ       ᠦᠬᠠᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠣᠨ ᠤᠨ ᠨᠥᠬᠦᠷᠯᠡᠯ ᠤᠨ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠬᠤᠪᠸᠢ ᠮᠤᠵᠢ ᠶᠢᠨ ᠴᠥ᠋ ᠱᠠᠩ ᠬᠤᠯᠪᠣᠭᠠᠲᠤ ᠬᠤᠷᠠᠯ ᠤᠨ ᠳᠠᠷᠤᠭ᠎ᠠ᠂ ᠲᠠᠢ ᠺᠠᠩ ᠳᠠᠭᠠᠳᠬᠠᠯ ᠤᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠪᠥᠭᠡᠳ CEO ᠴᠧᠨ ᠳ᠋ᠦᠩ ᠱᠧᠩ ᠪᠠᠶᠠᠷ ᠤᠨ ᠦᠭᠡ ᠳᠡᠭᠡᠨ᠂ ᠷᠠᠰᠢᠶᠠᠨ ᠤ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠨᠢ ᠳᠤᠮᠳᠠᠳᠤ ᠤᠯᠤᠰ ᠤᠨ ᠰᠤᠷᠭᠠᠭᠤᠯᠢ ᠶᠢᠨ ᠬᠠᠨᠢᠳᠠᠳ ᠤᠨ ᠬᠤᠳᠠᠯᠳᠤᠭᠠᠴᠢᠳ ᠤᠨ ᠪᠦᠯᠬᠦᠮ ᠪᠣᠯᠤᠨ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠶᠢᠨ ᠬᠦᠭᠵᠢᠯᠳᠡ ᠶᠢ ᠭᠡᠷᠡᠴᠢᠯᠡᠵᠣ ᠪᠣᠢ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠨᠢ ᠣᠷᠣᠨ ᠪᠦᠰᠡ ᠶᠢᠨ ᠠᠵᠤ ᠠᠬᠤᠢ ᠪᠣᠯᠤᠨ ᠬᠤᠳᠠ ᠶᠢᠨ ᠥᠷᠢᠰᠥᠯᠳᠦᠭᠡᠨ ᠤ ᠰᠢᠨ᠎ᠡ ᠬᠥᠳᠡᠯᠭᠡᠬᠦ ᠬᠦᠴᠦᠨ ᠪᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ ᠪᠠᠶᠢᠨ᠎ᠠ᠃ ᠷᠠᠰᠢᠶᠠᠨ ᠤ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠶᠢᠨ ᠶᠠᠷᠢᠶᠠᠨ ᠤ ᠲᠠᠪᠴᠠᠩ ᠢ ᠬᠤᠭᠤᠴᠠᠭ᠎ᠠ ᠳᠠᠷᠠᠭᠠᠯᠠᠨ ᠡᠷᠭᠢᠯᠡᠵᠤ ᠷᠠᠰᠢᠶᠠᠨ ᠢ ᠳᠤᠮᠳᠠᠳᠤ ᠤᠯᠤᠰ ᠤᠨ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠶᠢᠨ ︽ᠦᠵᠡᠮᠵᠢᠲᠦ ᠣᠷᠣᠨ︾ ᠪᠣᠯᠭᠠᠨ᠂ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠰᠢᠨ᠎ᠡ ︽ᠨᠡᠷ᠎ᠡ ᠶᠢᠨ ᠬᠠᠭᠤᠳᠠᠰᠤ︾ ᠪᠣᠯᠬᠤ ᠨᠢ ᠯᠠᠪᠲᠠᠶ ᠶᠤᠮ ᠭᠡᠵᠡᠢ᠃
     ᠴᠧᠨ ᠳ᠋ᠦᠩ ᠱᠧᠩ ᠪᠠᠶᠠᠷ ᠤᠨ ᠦᠭᠡ ᠶᠠᠷᠢᠵᠣ ᠪᠣᠢ       ᠦᠬᠠᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠬᠠᠨ ᠶᠢᠨ ᠪᠠᠶᠠᠷ ᠤᠨ ᠦᠭᠡ ᠳᠡᠭᠡᠨ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠨᠢ 3 ᠵᠢᠯ ᠰᠢᠬᠠᠮ ᠤᠨ ᠴᠢᠷᠮᠠᠶᠢᠯᠭ᠎ᠠ ᠪᠠᠷ᠂ ᠬᠢᠩᠭᠠᠨ ᠠᠶᠢᠮᠠᠭ ᠤᠨ ᠦᠵᠡᠰᠬᠦᠯᠡᠩᠲᠦ ᠰᠠᠶᠢᠬᠠᠨ ᠬᠠᠯᠠᠭᠤᠨ ᠬᠥᠷᠥᠰᠥᠨ ᠳᠤ ᠡᠯᠪᠡᠭ ᠪᠠᠶᠠᠯᠢᠭ ᠠᠮᠵᠢᠯᠳᠡ ᠪᠦᠲᠦᠭᠡᠯ ᠢ ᠡᠬᠦᠳᠴᠣ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠥᠬᠰᠠᠨ ᠪᠠᠶᠢᠨ᠎ᠠ᠃ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠶᠢᠨ ᠬᠥᠭᠵᠢᠯᠲᠡ ᠨᠢ ᠰᠤᠷᠭᠠᠭᠤᠯᠢ ᠶᠢᠨ ᠬᠠᠨᠢᠳᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠯᠭᠡ ᠪᠣᠯᠣᠨ ᠰᠣᠯᠢᠯᠴᠠᠭᠠᠨ ᠤ ᠲᠠᠪᠴᠠᠩ ᠤᠨ ᠪᠠᠶᠢᠭᠤᠯᠤᠯᠲᠠ ᠠᠴᠠ ᠰᠠᠯᠵᠤ ᠲᠠᠶᠢᠯᠬᠦ ᠥᠬᠡᠶ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠶᠢᠨ ︽ᠠᠵᠤ ᠣᠶᠢᠯᠡᠰ ᠢᠶᠠᠷ ᠶᠠᠳᠠᠭᠤ ᠶᠢ ᠲᠡᠳᠬᠦᠬᠦ ᠶᠢ ᠠᠬᠢᠭᠤᠯᠬᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ᠂ ᠪᠥᠬᠦ ᠬᠦᠷᠢᠶᠡᠨ ᠳᠠᠬᠢ ᠵᠣᠭᠠᠴᠠᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ︾ ᠵᠡᠷᠭᠡ ᠲᠠᠯ᠎ᠠ ᠪᠠᠷ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ ᠭᠡᠵᠣ ᠢᠲᠡᠭᠡᠵᠦ ᠪᠠᠶᠢᠨ᠎ᠠ ᠭᠡᠵᠡᠢ᠃
     ᠬᠠᠨ ᠶᠢᠨ ᠪᠠᠶᠠᠷ ᠤᠨ ᠦᠭᠡ ᠶᠠᠷᠢᠵᠣ ᠪᠣᠢ      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠳᠤ᠂ ᠡᠩ ᠲᠠᠷᠢᠬᠦᠨ ᠳᠤ ᠡᠷᠬᠢᠮ ᠵᠣᠴᠢᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠡᠢ᠃ ᠵᠠᠯᠭᠠᠭᠠᠳ᠂ ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽ᠰᠤᠷᠭᠠᠭᠤᠯᠢ ᠶᠢᠨ ᠬᠠᠨᠢᠳᠠᠨ ᠤ ᠠᠵᠤ ᠠᠬᠤᠶ᠄ ᠬᠥᠳᠡᠭᠡ ᠲᠣᠰᠬᠤᠨ ᠬᠢᠭᠡᠳ ᠬᠥᠭᠵᠢᠯᠲᠡ ᠶᠢ ᠵᠤᠯᠭᠠᠯᠴᠠᠭᠤᠯᠤᠨᠠᠮ︾ ᠪᠠᠷ ᠭᠤᠤᠯ ᠰᠡᠳᠦᠪ ᠢᠶᠠᠨ ᠪᠣᠯᠭᠠᠭᠰᠠᠨ ᠨᠢ ᠶᠠᠭ ᠴᠠᠭ ᠲᠠᠭᠠᠨ ᠳᠣᠭᠢᠷᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠢ 2019 ᠣᠨ ᠳᠤ ᠷᠠᠰᠢᠶᠠᠨ ᠳᠤ ᠠᠮᠵᠢᠯᠲᠠ ᠲᠠᠢ ᠡᠷᠬᠢᠯᠡᠭᠰᠠᠨ ᠠᠴᠠ ᠨᠠᠰᠢ᠂ ᠬᠢᠩᠭᠠᠨ ᠠᠶᠢᠮᠠᠭ ᠴᠢᠨᠠᠭᠰᠢᠯᠠᠪᠠᠯ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠮᠠᠰᠢ ᠤᠯᠠᠨ ᠤᠶᠤᠨ ᠤᠬᠠᠭᠠᠨ ᠪᠠ ᠲᠥᠰᠦᠯ ᠢ ᠨᠡᠮᠡᠷᠢᠯᠡᠵᠡᠢ᠃ ᠰᠤᠷᠭᠠᠭᠤᠯᠢ ᠶᠢᠨ ᠨᠥᠬᠦᠳ ᠪᠣᠯᠤᠨ ᠠᠵᠤ ᠠᠬᠤᠶᠢᠯᠠᠯᠲᠠᠳ ᠤᠨ ᠥᠪᠥᠷ ᠮᠣᠩᠭᠤᠯ ᠳᠤ ᠠᠩᠬᠠᠷᠤᠯ ᠢᠶᠠᠨ ᠲᠦᠪᠯᠡᠷᠡᠬᠦᠯᠣᠨ᠂ ᠥᠪᠥᠷ ᠮᠣᠩᠭᠤᠯ ᠳᠤ ᠪᠡᠯᠡ ᠣᠷᠣᠭᠤᠯᠵᠤ᠂ ᠥᠪᠥᠷ ᠮᠣᠩᠭᠤᠯ ᠢᠶᠠᠨ ᠲᠠᠨᠢᠯᠴᠠᠭᠤᠯᠣᠨ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠶᠤᠨ ᠤᠬᠠᠭᠠᠨ ᠪᠡ ᠬᠦᠴᠣ ᠴᠢᠳᠡᠯ ᠢᠶᠠᠨ ᠨᠡᠮᠡᠷᠢᠯᠠᠬᠦᠯᠥᠭᠰᠠᠨ ᠪᠠᠶᠢᠨ᠎ᠠ᠂ ᠬᠤᠷᠠᠯ ᠳᠤ ᠣᠷᠣᠯᠴᠠᠭᠰᠠᠳ ᠶᠠᠷᠢᠶᠠᠨ ᠤ ᠲᠠᠪᠴᠠᠩ ᠤᠨ ᠭᠤᠣᠯ ᠰᠡᠳᠦᠪ ᠤᠨ ᠲᠣᠭᠤᠷᠢᠨ ᠳᠤ᠂ ᠶᠡᠭᠡ ᠪᠤᠳᠤᠯᠭ᠎ᠠ ᠶᠢ ᠬᠠᠮᠲᠤᠪᠠᠷ ᠵᠥᠪᠳᠡᠯᠴᠡᠨ᠂ ᠨᠡᠩ ᠤᠯᠠᠨ ᠰᠢᠨ᠎ᠡ ᠰᠡᠳᠬᠢᠴᠡ ᠪᠡ ᠰᠢᠨ᠎ᠡ ᠠᠷᠭ᠎ᠠ ᠪᠣᠳᠣᠯᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠠᠢ᠃
     ᠴᠢ᠊ ᠪᠠᠳᠤ ᠪᠠᠶᠠᠷ ᠤᠨ ᠦᠭᠡ ᠶᠠᠷᠢᠵᠣ ᠪᠣᠢ      ᠵᠠᠩ ᠰᠢᠶᠤᠤ ᠪᠢᠩ ᠠᠴᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠤᠨ ᠬᠠᠯᠠᠭᠤᠮᠰᠤᠭ ᠵᠣᠴᠢᠨᠰᠠᠭ ᠬᠢᠩᠭᠠᠨ ᠤ ᠠᠷᠠᠳ ᠲᠦᠮᠡᠨ ᠢ ᠲᠥᠯᠥᠭᠡᠯᠡᠵᠦ᠂ ᠶᠠᠷᠢᠶᠠᠨ ᠤ ᠲᠠᠪᠴᠠᠩ ᠦᠪᠡᠭᠳᠡᠭᠰᠢ ᠶᠡᠭᠡᠪᠡᠷ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠣ ᠪᠠᠶᠢᠨ᠎ᠠ᠃ ᠲᠡᠷᠡ ᠪᠠᠰᠠ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠬᠢᠩᠭᠠᠨ ᠠᠶᠢᠮᠠᠭ ᠲᠤ ᠨᠤᠲᠤᠭᠰᠢᠭᠰᠠᠨ ᠠᠴᠠ ᠨᠠᠰᠢ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠡᠨᠡᠬᠦ ᠪᠡᠯᠡ ᠮᠥᠩᠭᠦ ᠴᠤᠭᠯᠠᠭᠤᠯᠵᠤ ᠦᠢᠯᠡᠰ ᠪᠤᠰᠬᠠᠬᠤ ᠲᠠᠪᠴᠠᠩ ᠢ ᠬᠦᠢᠴᠡᠳ ᠠᠰᠢᠭᠯᠠᠨ᠂ ᠬᠢᠩᠭᠠᠨ ᠠᠶᠢᠮᠠᠭ ᠤᠨ ᠡᠯ᠎ᠡ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯ ᠲᠠᠢ ᠤᠯᠠᠨ ᠤᠳᠠᠭ᠎ᠠ ᠬᠠᠷᠢᠯᠴᠠᠨ ᠠᠶᠢᠯᠴᠢᠯᠠᠵᠤ᠂ ᠨᠢᠭᠲᠠ ᠨᠡᠪᠲᠡᠷᠡᠯᠴᠡᠨ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠲᠠᠰᠤᠷᠠᠯᠳᠡ ᠦᠭᠡᠢ ᠲᠡᠭᠦᠯᠳᠡᠷᠵᠢᠵᠤ᠂ ᠬᠠᠮᠲᠤᠷᠠᠯᠴᠠᠭᠠᠨ ᠤ ᠬᠦᠷᠢᠶ᠎ᠠ ᠬᠡᠪᠴᠢᠶ᠎ᠠ ᠶᠢ ᠲᠠᠰᠤᠷᠠᠯᠳᠡ ᠦᠭᠡᠢ ᠥᠷᠭᠡᠳᠭᠡᠵᠤ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠲᠠᠰᠤᠷᠠᠯᠳᠡ ᠦᠭᠡᠢ ᠳᠡᠭᠡᠭᠰᠢᠯᠡᠵᠤ᠂ ᠣᠷᠣᠨ ᠨᠤᠲᠤᠭ ᠪᠡ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠤ᠂ ᠡᠯ᠎ᠡ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃ ᠲᠤᠰ ᠬᠤᠭᠤᠴᠠᠭᠠᠨ ᠤ ᠰᠤᠷᠭᠠᠭᠤᠯᠢ ᠶᠢᠨ ᠬᠠᠨᠢᠳᠠᠨ ᠤ ᠠᠵᠤ ᠠᠬᠤᠶ ᠶᠢᠨ ᠶᠠᠷᠢᠶᠠᠨ ᠤ ᠲᠠᠪᠴᠠᠩ ᠨᠢ ︽ᠰᠤᠷᠭᠠᠭᠤᠯᠢ ᠶᠢᠨ ᠬᠠᠨᠢᠳᠠᠨ ᠤ ᠠᠵᠤ ᠠᠬᠤᠶ᠄ ᠬᠥᠳᠡᠭᠡ ᠲᠣᠰᠬᠤᠨ ᠬᠢᠭᠡᠳ ᠬᠥᠭᠵᠢᠯᠲᠡ ᠶᠢ ᠵᠤᠯᠭᠠᠯᠴᠠᠭᠤᠯᠤᠨᠠᠮ︾ ᠭᠡᠬᠦ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠠᠰᠠ ᠬᠥᠭᠵᠢᠯᠲᠡ ᠶᠢᠨ ᠬᠠᠨᠳᠤᠰᠢ ᠶᠢ ᠳᠠᠭᠠᠵᠤ ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠳ ᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠨᠡᠶᠢᠭᠡᠮ ᠤᠨ ᠴᠢᠩᠭ᠎ᠠ ᠬᠠᠷᠢᠭᠤᠴᠠᠯᠭ᠎ᠠ ᠶᠢ ᠢᠯᠡᠷᠡᠭᠦᠯᠥᠭᠰᠠᠨ ᠪᠠᠶᠢᠨ᠎ᠠ᠃ ᠲᠤᠰ ᠤᠳᠠᠭᠠᠨ ᠤ ᠶᠠᠷᠢᠶᠠᠨ ᠤ ᠲᠠᠪᠴᠠᠩ ᠨᠢ ᠡᠯ᠎ᠡ ᠶᠡᠭᠡ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠬᠠᠨᠢᠳᠠᠨ ᠤ ᠵᠣᠬᠢᠶᠠᠨ ᠪᠠᠶᠢᠭᠤᠯᠤᠯᠲᠠ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠨ ᠯᠤᠭ᠎ᠠ ᠵᠣᠯᠭᠠᠯᠴᠠᠭ᠎ᠠ ᠬᠠᠷᠢᠯᠴᠠᠭ᠎ᠠ ᠪᠠᠨ ᠣᠯᠡᠮ ᠴᠢᠨᠠᠭᠰᠢᠳᠠ ᠭᠦᠨᠵᠡᠭᠡᠶᠢᠷᠡᠭᠦᠯᠵᠦ᠂ ᠰᠤᠷᠭᠠᠭᠤᠯᠢ᠂ ᠣᠷᠣᠨ ᠨᠤᠲᠤᠭ᠂ ᠠᠵᠤ ᠠᠬᠤᠶᠢᠯᠠᠯ ᠤᠨ  ᠰᠣᠯᠢᠯᠴᠠᠭ᠎ᠠ ᠪᠠᠨ ᠣᠯᠡᠮ ᠴᠢᠨᠠᠭᠰᠢᠳᠠ ᠨᠢᠭᠲᠠᠷᠠᠭᠤᠯᠵᠤ᠂ ᠡᠯ᠎ᠡ ᠲᠠᠯ᠎ᠠ ᠶᠢᠨ ᠦᠨᠡᠨᠴᠢ ᠪᠠᠷ ᠬᠠᠮᠲᠤᠷᠠᠯᠴᠠᠨ᠂ ᠠᠵᠠ ᠲᠣᠬᠢᠶᠠᠯ ᠢ ᠬᠠᠮᠲᠤᠪᠠᠷ ᠡᠳ᠋ᠯᠡᠵᠦ᠂ ᠰᠡᠳᠬᠢᠯ ᠵᠢᠷᠦᠬᠡ ᠪᠠᠨ ᠬᠤᠯᠪᠣᠨ᠂ ᠮᠥᠷᠥ ᠵᠡᠷᠭᠡᠴᠡᠨ ᠬᠦᠰᠡᠯ ᠵᠡᠭᠦᠳᠦ ᠪᠠᠨ ᠲᠡᠷᠭᠡᠯᠰᠢᠭᠦᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠨ ᠪᠠᠶᠢᠭᠤᠯᠤᠨ᠎ᠠ ᠭᠡᠵᠡᠢ᠃
     ᠵᠠᠩ ᠰᠢᠶᠤᠤ ᠪᠢᠩ ᠤᠭᠲᠤᠬᠤ ᠦᠭᠡ ᠶᠠᠷᠢᠵᠣ ᠪᠣᠢ      ᠦᠬᠠᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠳ ᠤᠨ ᠨᠥᠬᠦᠷᠯᠡᠯ ᠤᠨ ᠬᠤᠷᠠᠯ ᠤᠨ ᠨᠠᠷᠢᠨ ᠪᠢᠴᠢᠭ ᠤᠨ ᠳᠠᠷᠤᠭ᠎ᠠ᠂ ᠬᠤᠪᠸᠢ ᠮᠤᠵᠢ ᠶᠢᠨ ᠴᠦ᠋ ᠱᠠᠩ ᠬᠤᠯᠪᠣᠭᠠᠲᠤ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠵᠢᠶᠠᠨ ᠬᠤᠩ ᠶᠡᠭᠡ ᠳᠡᠭᠡᠳᠦ ᠰᠤᠷᠭᠠᠭᠤᠯᠢ ᠶᠢᠨ ᠬᠠᠨᠢᠳᠠᠨ ᠨᠠᠷ ᠲᠤ ᠷᠠᠰᠢᠶᠠᠨ ᠤ ᠵᠤᠭᠠᠴᠠᠯ ᠳᠤ ᠬᠦᠴᠦ ᠨᠡᠮᠡᠷᠢᠯᠡᠬᠦ ᠰᠠᠨᠠᠭᠠᠴᠢᠯᠠᠭ᠎ᠠ ᠭᠠᠷᠭᠠᠵᠤ᠂ ᠥᠷᠭᠡᠨ ᠤᠯᠠᠨ ᠰᠤᠷᠭᠠᠭᠤᠯᠢ ᠶᠢᠨ ᠬᠠᠨᠢᠳᠠᠨ᠂ ᠠᠵᠤ ᠠᠬᠤᠶᠢᠯᠠᠯᠲᠠᠳ ᠢ ᠤᠷᠢᠶᠠᠯᠠᠨ ᠬᠢᠩᠭᠠᠨ ᠠᠶᠢᠮᠠᠭ ᠲᠤ ᠢᠷᠡᠵᠣ᠂ ᠬᠠᠯᠠᠭᠤᠨ ᠳᠣᠲᠣᠨᠣ ᠰᠤᠷᠭᠠᠭᠤᠯᠢ ᠶᠢᠨ ᠬᠠᠨᠢᠳᠠᠨ  ᠤ ᠭᠡᠷ ᠪᠣᠯᠬᠤ ᠷᠠᠰᠢᠶᠠᠨ ᠳᠤ ᠬᠦᠷᠴᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠷᠠᠰᠢᠶᠠᠨ ᠤ ᠨᠠᠶᠢᠵᠠ ᠶᠢᠨ ᠲᠣᠭᠤᠷᠢᠭ ᠢ ᠦᠷᠭᠡᠳᠭᠡᠨ᠂ ᠬᠠᠮᠤᠭ ᠤᠨ ᠶᠡᠭᠡ ᠬᠥᠭᠵᠢᠯᠲᠡ ᠶᠢᠨ ᠢᠵᠢᠯ ᠲᠥᠪᠲᠦ ᠲᠣᠭᠤᠷᠢᠭ ᠢ ᠵᠢᠷᠤᠭᠯᠠᠨ᠂ ᠷᠠᠰᠢᠶᠠᠨ ᠤ ᠵᠤᠭᠠᠴᠠᠯ ᠤᠨ ᠦᠢᠯᠡᠰ ᠤᠨ ︽ᠬᠠᠪᠤᠷ ᠤᠨ ᠦᠯᠢᠭᠡᠷ︾ ᠢ ᠬᠠᠮᠲᠤᠪᠠᠷ ᠰᠠᠶᠢᠲᠤᠷ ᠪᠢᠴᠢᠭᠯᠡᠶ᠎ᠠ ᠭᠡᠵᠣ ᠬᠡᠯᠡᠪᠡ᠃
     ᠵᠢᠶᠠᠨ ᠬᠤᠩ ᠷᠠᠰᠢᠶᠠᠨ ᠤ  ᠵᠣᠭᠠᠴᠠᠯ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠭᠠᠷᠭᠠᠵᠣ ᠪᠣᠢ
      ᠰᠦᠬᠡ ᠡᠬᠢᠯᠡᠯᠲᠡ ᠶᠢᠨ ᠶᠣᠰᠣᠯᠠᠯ ᠢ ᠡᠷᠬᠢᠯᠡᠵᠣ ᠪᠣᠢ      ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠨᠡᠩ ᠣᠯᠠᠨ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠳ ᠤᠨ ᠷᠠᠰᠢᠶᠠᠨ ᠳᠤ ᠬᠦᠷᠴᠦ᠂ ᠷᠠᠰᠢᠶᠠᠨ ᠢ ᠤᠬᠠᠭᠤᠯᠣᠨ᠂ ᠷᠠᠰᠢᠶᠠᠨ ᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠡᠢ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ ᠵᠢᠦ ᠶᠡᠭᠡ ᠳᠡᠭᠡᠳᠦ ᠰᠤᠷᠭᠠᠭᠤᠯᠢ ᠶᠢᠨ ᠬᠠᠨᠢᠳᠠᠨ ᠤ ᠷᠠᠰᠢᠶᠠᠨ ᠤ ᠵᠤᠭᠠᠴᠠᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠲᠡᠯᠡᠵᠦ ᠂ 2022 ᠣᠨ ᠤ 8 ᠰᠠᠷ᠎ᠠ ᠠᠴᠠ 12 ᠰᠠᠷ᠎ᠠ ᠪᠣᠯᠲᠠᠯ᠎ᠠ᠂ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠳ  ᠤᠨ ᠨᠥᠬᠦᠷᠯᠡᠯ ᠤᠨ ᠬᠤᠷᠠᠯ᠂ ᠬᠢᠩᠭᠠᠨ ᠠᠶᠢᠮᠠᠭ ᠤᠨ ᠬᠠᠮᠲᠤᠷᠠᠯᠴᠠᠭᠠᠨ ᠤ ᠶᠡᠭᠡ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠬᠠᠨᠢᠳᠠᠨ ᠤ ᠷᠠᠰᠢᠶᠠᠨ ᠢᠶᠠᠷ ᠵᠤᠭᠠᠴᠠᠬᠤ ᠰᠢᠷᠢᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠲᠡᠯᠡᠵᠡᠢ᠃ ᠡᠭᠦᠨ ᠤ ᠵᠡᠷᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠠᠨᠢᠳᠠᠨ ᠪᠠ ᠵᠤᠭᠠᠴᠠᠭᠰᠠᠳ ᠪᠠᠰᠠ ᠰᠦᠯᠵᠢᠶᠡᠨ ᠳᠡᠭᠡᠷ᠎ᠡ ︽ᠬᠥᠮᠦᠨ ᠤ ᠠᠮᠢᠳᠤᠷᠠᠯ ᠤᠨ ᠰᠢᠳᠢᠳᠦ ᠤᠷᠤᠨ · ᠬᠦᠰᠡᠯ ᠵᠡᠭᠦᠳᠦ ᠪᠠᠨ ᠵᠢᠷᠣᠬᠯᠬᠤ ᠭᠠᠵᠠᠷ︾ ᠭᠡᠬᠦ ᠴᠠᠭ ᠦᠶ᠎ᠡ ᠶᠢᠨ ᠬᠡᠷᠡᠯ ᠵᠢᠷᠤᠭ ᠤᠨ ᠣᠷᠳᠣᠨ ᠤ ᠠᠵᠢᠯᠯᠠᠭ᠎ᠠ ᠳᠤ ᠣᠷᠣᠯᠴᠠᠵᠤ᠂ ᠷᠠᠰᠢᠶᠠᠨ ᠬᠤᠲᠠ ᠶᠢᠨ A ᠲᠠᠰ ᠤᠨ ᠦᠵᠡᠮᠵᠢ ᠶᠢᠨ ᠣᠷᠣᠨ ᠤ 1 ᠲᠦᠮᠡᠨ ᠬᠤᠪᠢ ᠬᠠᠷᠠᠭᠠᠯᠵᠠᠯ ᠤᠨ ᠺᠡᠷᠲ ᠢ ᠠᠪᠴᠤ ᠪᠣᠯᠣᠨ᠎ᠠ ᠭᠡᠵᠡᠢ᠃ ᠪᠡᠰᠠ ᠣᠢ  ᠶᠢᠨ ᠭᠦᠨ ᠳᠤ ᠪᠤᠭᠤ ᠰᠦᠯᠵᠢᠯᠳᠦᠨ᠎ᠡ᠂ ᠪᠤᠭᠤ ᠤᠷᠤᠮᠳᠠᠬᠤ ᠦᠶ᠎ᠡ ᠳᠤ ᠪᠤᠯᠠᠭ ᠬᠠᠷᠠᠭᠳᠠᠨ᠎ᠠ᠂ ᠶᠠᠷᠢᠶᠠᠨ ᠤ ᠲᠠᠪᠴᠠᠩ ᠤᠨ ᠲᠤᠬᠠᠢ ᠶᠢᠨ ᠲᠠᠯᠠᠪᠠᠢ ᠳᠤ ᠪᠠᠰᠠ ᠷᠠᠰᠢᠶᠠᠨ ᠤ  ᠴᠣ ᠰᠢᠨ᠎ᠡ ᠵᠤᠭᠠᠴᠠᠯ ᠤᠨ ᠲᠦᠷᠢ ᠲᠥᠷᠬᠦ ︽ ᠷᠡᠰᠢᠶᠠᠨ ᠤ ᠪᠣᠭᠤ︾ IP ᠢ ᠠᠩᠬ᠎ᠠ ᠲᠠᠷᠬᠠᠭᠠᠰᠠᠨ ᠪᠠᠶᠢᠨ᠎ᠠ᠃
     ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠠᠨᠢᠳᠠᠨ ᠤ ᠷᠠᠰᠢᠶᠠᠨ ᠤ ᠵᠤᠭᠠᠴᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠣ ᠪᠣᠢ      ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠰᠢᠶᠤᠤ ᠬᠤᠸᠠᠨ ᠷᠠᠰᠢᠶᠠᠨ ᠬᠤᠳᠠ ᠶᠢᠨ ᠵᠤᠭᠠᠴᠠᠯ ᠤᠨ ᠦᠢᠯᠡᠰ ᠲᠤ ᠲᠠᠨᠢᠯᠴᠠᠭᠤᠯᠭ᠎ᠠ ᠬᠢᠵᠦ᠂ ᠤᠯᠤᠰ ᠤᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ᠂ ᠭᠤᠷᠪᠠᠨ ᠳ᠋ᠦᠩᠰᠢᠭᠤᠷ ᠬᠥᠮᠦᠨ ᠢ ᠮᠥᠰᠥ ᠴᠠᠰᠤᠨ ᠳᠤ  ᠨᠠᠭᠠᠳᠬᠤ ᠬᠥᠭᠵᠢᠯᠲᠡ ᠶᠢᠨ ᠬᠠᠯᠠᠭᠤᠨ ᠥᠷᠨᠢᠯᠲᠡ᠂ ᠤᠰᠤᠨ ᠤ ᠰᠣᠶᠣᠯ ᠢ ᠠᠭᠤᠳᠠᠯᠬᠤ᠂ ᠤᠰᠤᠨ ᠤ ᠶᠠᠪᠤᠳᠠᠯ ᠢ ᠰᠠᠶᠢᠲᠤᠷ ᠬᠢᠬᠦ ᠵᠡᠷᠭᠡ ᠭᠤᠷᠪᠠᠨ ᠲᠠᠯ᠎ᠠ ᠪᠠᠷ ᠬᠤᠳᠠᠯᠳᠤᠭᠠᠴᠢᠨ ᠤᠷᠢᠬᠤ 14 ᠲᠦᠷᠦᠯ ᠵᠦᠢᠯ ᠢ ᠭᠠᠷᠭᠠᠬᠰᠠᠨ ᠪᠠᠶᠢᠨ᠎ᠠ᠃ ᠡᠭᠦᠨ ᠤ ᠵᠡᠷᠭᠡᠪᠡᠷ᠂ ᠷᠠᠰᠢᠶᠠᠨ ᠤ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠣᠨᠴᠠᠯᠢᠭ ᠤᠨ ᠲᠣᠭᠤᠷᠢᠨ ᠳᠤ᠂ 109 ᠰᠢᠯᠢᠳᠡᠭ ᠲᠦᠷᠦᠯ ᠵᠦᠢᠯ ᠢ ᠨᠠᠶᠢᠷᠠᠭᠤᠯᠤᠨ ᠬᠡᠪᠯᠡᠵᠦ᠂ ᠰᠣᠶᠣᠯ ᠵᠤᠭᠠᠴᠠᠯ ᠤᠨ ᠡᠵᠡᠩᠨᠡᠯᠲᠡ ᠶᠢᠨ ᠬᠡᠯᠪᠡᠷᠢ ᠶᠢ ᠴᠣᠭᠴᠠᠯᠠᠬᠤ᠂ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ᠂ ᠦᠢᠯᠡᠴᠢᠯᠡᠭᠡᠨ ᠤ ᠠᠵᠤ ᠦᠢᠯᠡᠰ ᠢ ᠢᠵᠢ ᠪᠦᠷᠢᠳᠦᠭᠦᠯᠬᠦ ᠵᠡᠷᠭᠡ ᠡᠯ᠎ᠡ ᠬᠦᠷᠢᠶ᠎ᠠ ᠬᠡᠪᠴᠢᠶ᠎ᠠ ᠶᠢ ᠬᠠᠮᠤᠷᠣᠨ᠂  ᠬᠤᠳᠡᠯᠳᠣᠭᠠᠴᠢᠨ ᠤᠷᠢᠬᠤ ᠶᠡᠷᠦᠩᠬᠡᠢ ᠬᠦᠷᠢᠶ᠎ᠠ ᠬᠡᠪᠴᠢᠶ᠎ᠠ ᠶᠢ 228.4 ᠳ᠋ᠦᠩᠰᠢᠭᠤᠷ ᠲᠥᠭᠦᠷᠢᠭ ᠲᠤ ᠬᠦᠷᠭᠡᠵᠡᠢ᠃ ᠪᠠᠰᠠ ᠡᠯ᠎ᠡ ᠡᠲᠡᠭᠡᠳ ᠤᠨ ᠬᠦᠨᠳᠦᠲᠦ ᠵᠣᠴᠢᠳ ᠢ ᠤᠷᠢᠵᠤ ᠷᠢᠳᠢ ᠰᠢᠳᠢᠳᠣ ᠷᠠᠰᠢᠶᠠᠨ ᠢᠶᠠᠷ ᠬᠠᠮᠲᠤ ᠵᠤᠭᠠᠴᠠᠬᠤ ᠶᠢ ᠪᠠᠶᠠᠷᠯᠡᠨ ᠣᠬᠳᠣᠵᠣ ᠪᠠᠶᠢᠨ᠎ᠠ ᠭᠡᠵᠡᠢ᠃
     ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠷᠠᠰᠢᠶᠠᠨ ᠬᠤᠲᠠ ᠶᠢᠨ  ᠵᠣᠭᠠᠴᠠᠯ ᠤᠨ ᠠᠵᠤ ᠣᠶᠢᠯᠡᠰ ᠤᠨ ᠲᠠᠨᠢᠯᠴᠠᠭᠤᠯᠭ᠎ᠠ ᠬᠢᠵᠣ ᠪᠤᠢ      ᠶᠠᠷᠢᠶᠠᠨ ᠤ ᠲᠠᠪᠴᠠᠩ ᠤᠨ ᠬᠤᠭᠤᠴᠠᠭᠠᠨ ᠳᠤ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠦᠬᠠᠨ ᠤ ᠭᠤᠣ ᠳ᠋ᠧ ᠬᠤᠩ ᠸᠠᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠯᠢ᠂ ᠨᠠᠨᠺᠠᠢ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯᠲᠠᠳ ᠤᠨ ᠨᠥᠬᠦᠷᠯᠡᠯ ᠤᠨ ᠬᠤᠷᠠᠯ ᠤᠨ ᠲᠡᠷᠢᠭᠦᠯᠡᠭᠴᠢ᠂ ᠲᠢᠶᠠᠨᠵᠢᠨ ᠤ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠤᠨ ᠳᠠᠷᠤᠭ᠎ᠠ᠂ ᠡᠤ ᠮᠧᠢ ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠳ᠋ᠥᠸᠧ ᠳ᠋ᠢᠶᠠᠨ DMALL ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠧᠨ ᠸᠧᠨ᠂ ᠬᠤᠪᠸᠢ ᠮᠤᠵᠢ ᠶᠢᠨ ᠴᠦ᠋ ᠱᠠᠩ ᠬᠤᠯᠪᠣᠭᠠᠲᠤ ᠬᠤᠷᠠᠯ ᠤᠨ ᠭᠦᠢᠴᠡᠳᠬᠡᠭᠴᠢ ᠳᠠᠷᠤᠭ᠎ᠠ᠂ ᠵᠢᠤ ᠵᠧᠦ ᠲᠦᠩ ᠡᠮ ᠡᠮᠨᠡᠯᠭᠡ ᠶᠢᠨ ᠪᠦᠯᠦᠭᠯᠡᠯ ᠤᠨ ᠨᠠᠰᠤᠨ ᠲᠤᠷᠰᠢᠳᠠ ᠶᠢᠨ ᠨᠡᠷ᠎ᠡ ᠬᠦᠨᠳᠦᠲᠦ ᠬᠡᠷᠡᠭ ᠮᠡᠳᠡᠭᠴᠢᠳ ᠤᠨ ᠳᠠᠷᠤᠭ᠎ᠠ ᠯᠢᠦ ᠪᠦᠦ ᠯᠢᠨ ᠨᠠᠷ ᠭᠤᠣᠯᠳᠠᠯᠭ᠎ᠠ ᠲᠠᠢ ᠬᠦᠷᠢᠶ᠎ᠠ ᠬᠡᠪᠴᠢᠶ᠎ᠠ ᠶᠢᠨ ᠲᠣᠭᠤᠷᠢᠨ ᠳᠤ ᠭᠤᠣᠯ ᠵᠤᠷᠢᠯᠳᠠᠳᠤ ᠶᠠᠷᠢᠶ᠎ᠠ ᠲᠠᠯᠪᠢᠵᠠᠢ᠃ ᠬᠢᠩᠭᠠᠨ ᠠᠶᠢᠮᠠᠭ ᠤᠨ 7 ᠰᠤᠷᠭᠠᠭᠤᠯᠢ ᠶᠢᠨ ᠬᠠᠨᠢᠳᠠᠨ ᠤ ᠲᠥᠯᠥᠭᠡᠯᠡᠭᠴᠢ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠥᠪᠯᠡᠭᠴᠢ ᠶᠢᠨ ᠦᠨᠡᠮᠯᠡᠯ︾ ᠣᠯᠭᠤᠭᠰᠠᠨ ᠪᠥᠭᠡᠳ ᠬᠤᠷᠰᠢᠭᠰᠠᠨ ᠠᠵᠤ ᠠᠬᠤᠶᠢᠯᠠᠯ ᠲᠠᠢ ᠵᠣᠭᠠᠴᠠᠯ᠂ ᠵᠠᠮ ᠬᠠᠷᠢᠯᠴᠠᠭ᠎ᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠤ ᠲᠣᠭᠤᠷᠢᠨ ᠳᠤ 21 ᠬᠠᠮᠲᠤᠷᠠᠯᠴᠠᠭᠠᠨ ᠤ ᠲᠥᠷᠥᠯ ᠵᠣᠶᠢᠯ ᠳᠤ ᠭᠠᠷ ᠤᠨ ᠥᠰᠥᠭ ᠵᠢᠷᠤᠵᠤ᠂ ᠬᠡᠯᠡᠯᠴᠡᠭᠡᠷ ᠤᠨ ᠵᠣᠭᠤᠰ ᠤᠨ ᠲᠤᠭ᠎ᠠ ᠨᠢ 92 ᠳ᠋ᠦᠩᠰᠢᠭᠤᠷ ᠲᠥᠭᠦᠷᠢᠭ ᠲᠤ ᠬᠦᠷᠴᠡᠶ᠃ ᠬᠤᠪᠸᠢ ᠶᠢᠨ ᠵᠢᠶᠧ ᠷᠦᠢ ᠰᠢᠨ᠂ ᠦᠬᠠᠨ ᠤ ᠵᠢᠶᠠ ᠴᠢᠶᠣᠤ᠂ ᠦᠬᠠᠨ ᠤ ᠵᠢᠶᠠᠩ ᠢ᠂ ᠦᠬᠠᠨ ᠤ ᠶᠤᠸᠠᠨ ᠴᠢ ᠰᠢᠨᠵᠢᠯᠡᠬᠦ ᠤᠬᠠᠭᠠᠨ ᠮᠡᠷᠭᠡᠵᠢᠯ ᠤᠨ ᠳᠥᠷᠪᠡᠨ ᠰᠤᠷᠭᠠᠭᠤᠯᠢ ᠶᠢᠨ ᠬᠠᠨᠢᠳᠠᠨ ᠤ ᠠᠵᠤ ᠠᠬᠤᠶᠢᠯᠠᠯ ᠠᠴᠠ ᠬᠢᠩᠭᠠᠨ ᠠᠶᠢᠮᠠᠭ ᠲᠤ ᠮᠢᠩᠭ᠎ᠠ ᠭᠠᠷᠤᠶ ᠲᠦᠮᠡᠨ ᠲᠥᠭᠦᠷᠢᠭ ᠤᠨ ᠡᠮᠴᠢᠯᠡᠭᠡᠨ ᠤ ᠪᠠᠭᠠᠵᠢ ᠬᠡᠷᠡᠭᠰᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠬᠡᠷᠡᠭᠰᠡᠯ ᠬᠠᠨᠳᠢᠪᠯᠠᠬᠰᠠᠨ ᠪᠠᠶᠢᠨ᠎ᠠ᠃
     ᠬᠢᠩᠭᠠᠨ ᠠᠶᠢᠮᠠᠭ ᠤᠨ ᠬᠢᠨ 7 ᠰᠤᠷᠭᠠᠭᠤᠯᠢ ᠶᠢᠨ ᠬᠠᠨᠢᠳᠠᠨ ᠤ ᠲᠥᠯᠥᠭᠡᠯᠡᠭᠴᠢ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠥᠪᠯᠡᠭᠴᠢ ᠶᠢᠨ ᠦᠨᠡᠮᠯᠡᠯ︾ ᠣᠯᠭᠤᠵᠣ ᠪᠤᠢ
     ᠭᠡᠷ᠎ᠡ ᠲᠣᠭᠲᠠᠬᠤ ᠶᠣᠰᠣᠯᠠᠯ
      ᠪᠡᠯᠡᠭᠯᠡᠨ ᠬᠦᠷᠭᠡᠬᠦ ᠶᠣᠰᠣᠯᠠᠯ      ᠲᠤᠰ ᠡᠳᠦᠷ ᠤᠨ ᠦᠳᠡ ᠶᠢᠨ ᠬᠤᠶᠢᠨ᠎ᠠ ᠶᠠᠪᠤᠭᠳᠠᠭᠰᠠᠨ ᠲᠣᠭᠤᠷᠢᠭ ᠰᠢᠷᠡᠭᠡᠨ ᠤ ᠶᠠᠷᠢᠶᠠᠨ ᠤ ᠲᠠᠪᠴᠠᠩ ᠳᠡᠭᠡᠷ᠎ᠡ᠂ ᠪᠡᠭᠡᠵᠢᠩ ᠶᠡᠭᠡ ᠰᠤᠷᠭᠠᠭᠤᠯᠢ᠂ ᠦᠬᠠᠨ ᠶᠡᠭᠡ ᠰᠤᠷᠭᠠᠭᠤᠯᠢ᠂ ᠨᠠᠨᠺᠠᠢ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ᠂ ᠰᠢᠶᠠᠮᠧᠨ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ᠂ ᠳᠤᠮᠳᠠᠳᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠨᠡᠷᠡᠲᠦ ᠶᠡᠭᠡ ᠳᠡᠭᠡᠳᠦ ᠰᠤᠷᠭᠠᠭᠤᠯᠢ ᠶᠢᠨ ᠵᠠᠬᠢᠷᠤᠯ ᠪᠠ ᠲᠤᠰᠬᠠᠶ ᠮᠡᠷᠭᠡᠵᠢᠯᠲᠡᠨ ᠡᠷᠳᠡᠮᠲᠡᠨ᠂ ᠰᠤᠷᠭᠠᠭᠤᠯᠢ ᠶᠢᠨ ᠬᠠᠨᠢᠳᠠᠨ ᠤ ᠵᠣᠬᠢᠶᠠᠨ ᠪᠠᠶᠢᠭᠤᠯᠤᠯᠲᠠ᠂ ᠰᠤᠷᠭᠠᠭᠤᠯᠢ ᠶᠢᠨ ᠬᠠᠨᠢᠳᠠᠨ ᠠᠵᠤ ᠠᠬᠤᠶᠢᠯᠠᠯᠲᠠᠳ ︽ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ︾᠂ ︽ᠰᠤᠷᠭᠠᠭᠤᠯᠢ ᠶᠢᠨ ᠬᠠᠨᠢᠳᠠᠳ ᠤᠨ ᠵᠣᠬᠢᠶᠠᠨ ᠪᠠᠶᠢᠭᠤᠯᠬᠤ ᠦᠢᠯᠡᠳᠦᠯ᠂ ᠰᠤᠷᠭᠠᠭᠤᠯᠢ ᠶᠢᠨ  ᠬᠠᠨᠢᠳᠠᠳ ᠤᠨ ᠠᠵᠢᠯ ᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠬᠡᠷᠡᠭᠲᠡᠢ︾᠂ ︽ᠰᠤᠷᠭᠠᠭᠤᠯᠢ ᠶᠢᠨ ᠬᠠᠨᠢᠳᠠᠨ ᠤ ᠠᠵᠤ ᠠᠬᠤᠢ ᠪᠠᠷ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠶ᠎ᠡ︾ ᠵᠡᠷᠭᠡ ᠭᠤᠣᠯ ᠰᠡᠳᠦᠪ ᠨᠢ ᠦᠵᠡᠯ ᠰᠠᠨᠠᠭᠠᠨ ᠤ ᠮᠥᠷᠭᠦᠯᠳᠦᠯ᠂ ᠤᠶᠤᠨ ᠤᠬᠠᠭᠠᠨ ᠤ ᠰᠣᠯᠢᠯᠴᠠᠭ᠎ᠠ ᠶᠢ ᠥᠷᠨᠢᠭᠦᠯᠵᠦ᠂ ᠤᠯᠠᠨ ᠢᠶᠠᠷ ᠢᠶᠠᠨ ᠲᠤᠷᠰᠢᠯᠭ᠎ᠠ ᠪᠠᠨ ᠬᠤᠪᠢᠶᠠᠯᠴᠠᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠡᠷᠭᠦᠵᠦ᠂ ᠬᠦᠴᠣᠨ ᠨᠡᠮᠡᠷᠢᠯᠡᠭᠰᠠᠨ ᠪᠠᠶᠢᠨ᠎ᠠ᠃
     ᠲᠣᠭᠤᠷᠢᠭ ᠰᠢᠷᠡᠭᠡᠨ ᠤ ᠶᠠᠷᠢᠯᠴᠠᠨ ᠤ ᠲᠠᠪᠴᠠᠩ      ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠯᠢᠦ ᠱᠦ ᠴᠧᠩ᠂ ᠯᠢ ᠬᠤᠩ ᠼᠠᠢ᠂ ᠰᠢᠤᠢ ᠪᠦᠦ ᠴᠢᠤᠸᠠᠨ᠂ ᠵᠠᠩ ᠯᠢ ᠬᠤᠸᠠ᠂ ᠯᠢ ᠭᠦᠸᠧ ᠬᠤᠩ᠂ ᠳ᠋ᠦᠩ ᠰᠢᠨ ᠶᠤᠸᠠᠢ᠂ ᠶᠠᠩ ᠵᠢᠶ ᠫᠧᠩ᠂ ᠢᠦᠶ ᠯᠢ ᠶᠦᠨ᠂ ᠪᠦᠦ ᠰᠢᠨ ᠮᠢᠨ᠂ ᠾᠧ ᠸᠧᠶ ᠯᠢ᠂ ᠯᠢᠦ ᠮᠢᠨ᠂ ᠯᠢᠶᠠᠩ ᠶᠠᠨ ᠵᠢᠶᠦ᠋ᠨ᠂ ᠴᠢᠦ ᠹᠧᠩ᠂ ᠯᠢᠦ  ᠸᠧᠨ ᠱᠠᠨ ᠨᠠᠷ  ᠶᠠᠷᠢᠶᠠᠨ ᠤ ᠲᠠᠪᠴᠠᠩ ᠳᠤ ᠣᠷᠣᠯᠴᠠᠵᠠᠶ᠃  
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号