ᠪᠠᠢ ᠯᠠᠩ ᠬᠠᠤᠯᠢ ᠴᠠᠭᠠᠵᠠ ᠶᠢᠨ ᠭᠠᠵᠠᠷ ᠨᠠᠰᠤᠲᠠᠶᠢᠴᠤᠳ ᠲᠤ ᠦᠢᠯᠡᠴᠢᠯᠡᠬᠦ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2022/8/25
     ᠨᠠᠰᠤᠲᠠᠶᠢᠴᠤᠳ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠡᠳᠡᠭᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ᠂ ᠰᠡᠷᠭᠡᠶᠢᠯᠡᠬᠦ ᠤᠬᠠᠮᠰᠠᠷ ᠪᠠ ᠠᠷᠭᠠᠴᠠᠭᠠᠬᠤ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 23 ᠤ ᠡᠳᠦᠷ᠂ ᠪᠠᠢ ᠯᠠᠩ ᠬᠠᠤᠯᠢ ᠴᠠᠭᠠᠵᠠ ᠶᠢᠨ ᠭᠠᠵᠠᠷ ᠪᠠᠢ ᠯᠠᠩ ᠬᠢᠯᠢ ᠶᠢᠨ ᠲᠣᠳᠣᠭᠠᠳᠣ ᠶᠢ ᠬᠠᠮᠠᠭᠠᠯᠠᠬᠤ ᠰᠠᠯᠪᠤᠷᠢ᠂ ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ ᠲᠠᠢ ᠬᠠᠮᠲᠤᠷᠠᠨ ᠬᠠᠷᠢᠶ᠎ᠠ ᠣᠷᠣᠨ ᠳᠤ ᠪᠠᠨ ᠨᠠᠰᠤᠲᠠᠶᠢᠴᠤᠳ ᠲᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃      ᠲᠤᠰ ᠤᠳᠠᠭᠠᠨ ᠤ ᠠᠵᠢᠯᠯᠠᠭᠠᠨ ᠳᠤ᠂ ᠠᠵᠢᠯᠲᠠᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠬᠡᠷᠬᠢᠨ ᠰᠡᠷᠭᠡᠶᠢᠯᠡᠬᠦ ᠲᠤᠬᠠᠶ ᠨᠠᠷᠢᠨ ᠨᠢᠮᠪᠠᠶ ᠤᠬᠠᠭᠤᠯᠭ᠎ᠠ ᠬᠢᠵᠦ᠂ ᠬᠤᠳᠠᠯ ᠬᠠᠭᠤᠷᠮᠠᠭ ᠤᠬᠠᠭᠤᠯᠭ᠎ᠠ ᠶᠢᠨ ᠠᠵᠢᠯᠯᠠᠭ᠎ᠠ ᠶᠢ ᠠᠮᠠᠷᠬᠠᠨ ᠢᠲᠡᠭᠡᠵᠦ ᠪᠣᠯᠬᠤ ᠥᠬᠡᠶ ᠭᠡᠵᠦ ᠨᠠᠰᠤᠲᠠᠶᠢᠴᠤᠳ ᠲᠤ ᠰᠠᠨᠠᠭᠤᠯᠤᠭᠰᠠᠨ ᠪᠠᠶᠢᠨ᠎ᠠ᠃ ᠡᠬᠦᠨ ᠤ ᠬᠠᠮᠲᠤ᠂ ᠨᠠᠰᠤᠲᠠᠶᠢᠴᠤᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠤᠬᠠᠭᠤᠯᠵᠤ᠂ ᠨᠠᠰᠤᠲᠠᠶᠢᠴᠤᠳ ᠤᠨ ᠬᠠᠤᠯᠢ ᠶᠣᠰᠣᠭᠠᠷ ᠡᠳ᠋ᠯᠡᠬᠦ ᠡᠯ᠎ᠡ ᠵᠣᠶᠢᠯ ᠤᠨ ᠡᠷᠬᠡ ᠵᠢᠴᠢ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠲᠣᠬᠠᠢ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠬᠠᠤᠯᠢ ᠴᠠᠭᠠᠵᠠ ᠶᠢᠨ ᠲᠤᠰᠠᠯᠠᠮᠵᠢ ᠭᠥᠷᠳᠡᠬᠦ ᠬᠡᠪᠴᠢᠶ᠎ᠡ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠨᠠᠷᠢᠨ ᠲᠠᠶᠢᠯᠪᠤᠷᠢᠯᠠᠵᠤ ᠥᠭᠴᠠᠢ᠃      ᠲᠣᠰ ᠤᠳᠠᠭᠠᠨ ᠤ ᠲᠤᠰᠬᠠᠶ ᠵᠣᠶᠢᠯ ᠤᠨ ᠬᠠᠤᠯᠢ ᠴᠠᠭᠠᠵᠠ ᠶᠢᠨ ᠣᠶᠢᠯᠡᠴᠢᠯᠡᠭᠡᠨ ᠤ ᠠᠵᠢᠯᠯᠠᠭ᠎ᠠ ᠨᠢ ᠨᠠᠰᠤᠲᠠᠶᠢᠴᠤᠳ ᠤᠨ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠬᠠᠤᠯᠢᠵᠢᠯ ᠤᠨ ᠨᠡᠶᠢᠭᠡᠮ ᠠᠴᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠢᠯᠡᠷᠡᠭᠦᠯᠵᠦ ᠰᠠᠶᠢᠨ ᠰᠠᠶᠢᠬᠠᠨ ᠦᠷ᠎ᠡ ᠪᠦᠲᠦᠮᠵᠢ ᠣᠯᠤᠭᠰᠠᠨ ᠪᠠᠶᠢᠨ᠎ᠠ᠃
 
ᠢᠷᠡᠯᠲᠡ᠄ ᠷᠡᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号