ᠯᠢᠨ ᠬᠠᠶ ᠵᠡᠭᠡᠯᠢ ᠳᠤ ︽ᠢᠷᠭᠡᠨ ᠤ ᠬᠠᠤᠯᠢ ᠶᠢᠨ ᠪᠢᠴᠢᠭ — ᠣᠷᠤᠭ ᠬᠡᠷ ᠪᠦᠯᠢ ᠶᠢᠨ ᠡᠮᠬᠢᠳᠭᠡᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ  ᠬᠢᠵᠡᠢ
ᠨᠡᠶᠢᠲᠡᠯᠡᠭᠰᠡᠨ ᠴᠠᠭ᠄
2022/8/26
     ︽ᠢᠷᠭᠡᠨ ᠤ ᠬᠠᠤᠯᠢ ᠶᠢᠨ ᠪᠢᠴᠢᠭ — ᠣᠷᠤᠭ ᠬᠡᠷ ᠪᠦᠯᠢ ᠶᠢᠨ ᠡᠮᠬᠢᠳᠭᠡᠯ︾ ᠢ ᠦᠨᠳᠦᠰᠦᠨ ᠱᠠᠲᠤᠨ ᠳᠤ  ᠬᠦᠷᠭᠡᠬᠦ ᠶᠢ ᠳᠥᠯᠭᠢᠨ ᠠᠬᠢᠭᠤᠯᠵᠤ᠂ ᠰᠤᠷᠤᠯᠴᠠᠵᠤ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠥᠪ ᠣᠨᠣᠪᠴᠢᠲᠠᠶ ᠢᠨᠠᠭ ᠳᠤᠷᠠᠯᠠᠯ ᠤᠨ ᠦᠵᠡᠯᠲᠡ᠂ ᠣᠷᠤᠭ ᠤᠨ ᠦᠵᠡᠯᠲᠡ᠂ ᠬᠡᠷ ᠪᠦᠯᠢ ᠶᠢᠨ ᠦᠵᠡᠯᠲᠡ ᠶᠢ ᠤᠬᠠᠭᠤᠯᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ ᠯᠢᠨ ᠬᠠᠶ ᠵᠡᠭᠡᠯᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠣᠶᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠣᠶᠢᠯᠡᠴᠢᠯᠡᠭᠴᠢ ︽ᠢᠷᠭᠡᠨ ᠤ ᠬᠠᠤᠯᠢ ᠶᠢᠨ ᠪᠢᠴᠢᠭ — ᠣᠷᠤᠭ ᠬᠡᠷ ᠪᠦᠯᠢ ᠶᠢᠨ ᠡᠮᠬᠢᠳᠭᠡᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ ᠪᠠᠶᠢᠨ᠎ᠠ᠃      ᠯᠢᠨ ᠬᠠᠢ ᠵᠡᠭᠡᠯᠢ ᠶᠢᠨ ᠠᠵᠢᠯᠯᠠᠭᠠᠨ ᠤ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠢᠷᠭᠡᠨ ᠤ ᠬᠠᠤᠯᠢ ᠶᠢᠨ ᠪᠢᠴᠢᠭ ᠲᠠᠬᠢ ᠤᠷᠤᠭ᠂ ᠭᠡᠷ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠪᠠᠷ ᠭᠤᠣᠯ ᠰᠢᠵᠢᠮ ᠢᠶᠠᠨ ᠪᠣᠯᠭᠠᠵᠤ᠂ ᠬᠡᠷᠡᠭ ᠢᠶᠠᠷ  ᠵᠢᠱᠢᠶᠠᠯᠠᠵᠣ ᠤᠷᠤᠭ ᠭᠡᠷ ᠪᠦᠯᠢ ᠶᠢᠨ ᠬᠠᠷᠢᠴᠠᠭᠠᠨ ᠳᠠᠬᠢ ᠬᠤᠶᠠᠷ ᠡᠲᠡᠭᠡᠳ ᠤᠨ ᠡᠳ᠋ᠯᠡᠪᠡᠰᠦ ᠵᠣᠬᠢᠬᠤ ᠦᠨᠳᠦᠰᠦᠨ ᠡᠷᠬᠡ᠂ ᠡᠭᠦᠷᠭᠡ ᠶᠢ ᠨᠠᠷᠢᠨ ᠲᠠᠶᠢᠯᠪᠤᠷᠢᠯᠠᠵᠡᠢ᠃᠂ ᠵᠢᠱᠢᠶᠡᠯᠡᠪᠡᠯ ᠤᠷᠤᠬ ᠭᠡᠷ ᠪᠦᠯᠢ ᠶᠢᠨ ᠡᠷᠬᠡ᠂ ᠭᠡᠷ ᠪᠦᠯᠢ ᠶᠢᠨ ᠠᠴᠢᠯᠠᠨ ᠲᠡᠵᠢᠭᠡᠬᠦ ᠡᠷᠬᠡ᠂ ᠣᠷᠣᠨ ᠰᠠᠭᠤᠴᠠ ᠶᠢᠨ ᠡᠷᠬᠡ᠂ ᠡᠳ᠋ ᠬᠦᠷᠦᠩᠭᠡ ᠶᠢᠨ ᠥᠮᠴᠢᠯᠡᠯ ᠤᠨ ᠡᠷᠬᠡ ᠵᠢᠴᠢ ᠤᠷᠤᠬ ᠰᠠᠯᠬᠤ ᠬᠡᠷᠡᠭ ᠲᠠᠬᠢ ᠥᠷᠢ ᠰᠢᠷᠢ ᠶᠢ ᠬᠤᠪᠢᠶᠠᠷᠢᠯᠠᠬᠤ ᠪᠠ ᠠᠰᠠᠷᠠᠨ ᠲᠡᠵᠢᠭᠡᠬᠦ ᠡᠷᠬᠡ ᠶᠢᠨ ᠬᠠᠷᠢᠶᠠᠯᠠᠯ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠤᠬᠠᠶ ᠶᠢᠨ ᠲᠠᠯᠠᠪᠤᠷ ᠤᠨ ᠤᠯᠡᠠ ᠲᠦᠮᠡᠨ ᠤ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠴᠦ᠂ ᠤᠯᠡᠠ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠣᠬᠠᠢ ᠲᠠᠶᠢᠯᠪᠣᠷᠢᠯᠡᠨ ᠦᠭᠴᠠᠢ᠃      ᠯᠢᠨ ᠬᠠᠢ ᠵᠡᠭᠡᠯᠢ ᠶᠢᠨ ᠡᠨᠡ ᠬᠦ ᠠᠵᠢᠯᠯᠠᠭ᠎ᠠ ᠨᠢ ᠰᠠᠭᠤᠭᠠᠯᠢ ᠠᠷᠠᠳ ᠢ ᠬᠠᠤᠯᠢ ᠶᠢ ᠰᠣᠷᠴᠣ᠂ ᠵᠥᠪ ᠣᠨᠣᠪᠴᠢᠲᠠᠶ ᠢᠨᠠᠭ ᠳᠤᠷᠠᠯᠠᠯ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠪᠤᠶ ᠪᠣᠯᠭᠠᠵᠤ᠂ ᠰᠠᠶᠢᠨ ᠰᠠᠶᠢᠬᠠᠨ ᠬᠠᠤᠯᠢ ᠴᠠᠭᠠᠵᠠ ᠶᠢᠨ ᠰᠣᠶᠣᠯ ᠤᠨ ᠠᠭᠤᠷ ᠠᠮᠢᠰᠬᠤᠯ ᠢ ᠪᠤᠶ ᠪᠣᠯᠭᠠᠵᠤ᠂ ᠥᠷᠭᠡᠨ ᠣᠯᠠᠨ ᠠᠷᠡᠳ ᠲᠦᠮᠡᠨ ᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠳᠤᠷ᠎ᠠ ᠰᠣᠨᠢᠷᠬᠠᠯ ᠢ ᠬᠥᠭᠵᠢᠭᠡᠵᠦ᠂ ᠬᠠᠷᠢᠯᠴᠠᠨ ᠬᠠᠶᠢᠷᠠᠯᠠᠯᠴᠠᠬᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠤᠷᠤᠭ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠪᠤᠶ ᠪᠣᠯᠭᠠᠭᠰᠠᠨ ᠪᠠᠶᠢᠨ᠎ᠠ᠃  
 
ᠢᠷᠡᠯᠲᠡ᠄ ᠷᠡᠰᠢᠶᠠᠨ ᠬᠤᠳᠡ ᠶᠢᠨ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号