ᠷᠠᠰᠢᠶᠠᠨ ᠤ ᠵᠣᠭᠠᠴᠠᠯ ᠤᠨ ᠦᠵᠡᠮᠵᠢ ᠶᠢᠨ ᠣᠷᠣᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠪᠤᠯᠤᠨ ᠠᠷᠠᠳ ᠤᠨ ᠴᠠᠬᠳᠠᠭ᠎ᠠ ᠠᠴᠠ ᠰᠣᠶᠢᠳᠭᠡᠯ ᠬᠤᠷᠢᠶᠠᠬᠤ ᠦᠭᠡᠢ
ᠨᠡᠶᠢᠲᠡᠯᠡᠭᠰᠡᠨ ᠴᠠᠭ᠄
2022/8/3
     ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠶᠢᠨ ᠲᠠᠰᠢᠷᠠᠮ ᠢᠶᠠᠷ᠂ ᠷᠠᠰᠢᠶᠠᠨ ᠤ ᠵᠤᠭᠠᠴᠠᠯ ᠤᠨ ᠦᠵᠡᠮᠵᠢ ᠶᠢᠨ ᠣᠷᠣᠨ ᠨᠢ ᠴᠡᠷᠢᠭ ᠠᠵᠤ ᠠᠬᠤᠶᠢᠯᠠᠯ ᠢ ᠠᠭᠤᠰᠤᠯᠴᠠᠭᠤᠯᠬᠤ᠂ ᠴᠡᠷᠢᠭ ᠠᠷᠠᠳ ᠬᠠᠮᠲᠤᠪᠠᠷ ᠪᠠᠶᠢᠭᠤᠯᠬᠤ᠂ ᠴᠡᠷᠢᠭ ᠴᠠᠭᠳᠠᠭ᠎ᠠ ᠠᠷᠠᠳ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠠᠵᠢᠯᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠷᠠᠳ ᠤᠨ ᠴᠠᠭᠳᠠᠭ᠎ᠠ ᠨᠠᠷ ᠬᠦᠴᠦᠨ ᠪᠦᠬᠦᠢ ᠦᠨᠡᠮᠯᠡᠯ ᠢᠶᠠᠷ ᠢᠶᠠᠨ ᠰᠦᠢᠳᠬᠡᠯ ᠲᠤᠰᠢᠶᠠᠬᠤ ᠦᠭᠡᠢ ᠪᠠᠷ ᠴᠡᠴᠡᠷᠯᠢᠭ ᠢᠶᠠᠷ ᠵᠤᠭᠠᠴᠠᠵᠤ ᠪᠤᠯᠤᠨ᠎ᠠ ᠭᠡᠵᠦ ᠲᠤᠰᠬᠠᠶᠢᠯᠠᠨ ᠨᠡᠶᠢᠲᠡᠯᠡᠪᠡ᠃ ︵ᠨᠢᠭᠡ ᠦᠨᠡᠮᠯᠡᠯ ᠳᠤ ᠬᠤᠶᠠᠷ ᠬᠡᠷ ᠤᠨ ᠬᠥᠮᠦᠨ ᠢᠶᠠᠨ ᠲᠠᠭᠠᠭᠤᠯᠵᠣ ᠪᠣᠯᠤᠨ᠎ᠠ︶᠃ ᠬᠡᠷᠪᠡ ᠣᠨᠴᠠᠭᠠᠶ ᠰᠢᠯᠲᠠᠭᠠᠨ ᠠᠴᠠ ᠪᠤᠯᠵᠤ ᠴᠡᠷᠢᠭ᠂ ᠴᠠᠭᠳᠠᠭ᠎ᠠ ᠥᠪᠡᠷ ᠢᠶᠠᠨ ᠭᠡᠷ ᠤᠨ ᠬᠦᠮᠣᠰ ᠲᠠᠢ ᠪᠠᠨ ᠬᠠᠮᠳᠣ ᠢᠷᠡᠵᠦ ᠳᠡᠶᠢᠯᠬᠦ ᠦᠭᠡᠢ ᠪᠤᠯ ᠴᠡᠷᠢᠭ ᠤᠨ ᠭᠡᠷ ᠪᠦᠯᠢ᠂ ᠴᠠᠭᠳᠠᠭᠠᠨ ᠤ ᠭᠡᠷ ᠪᠦᠯᠢ ᠶᠢᠨ ᠬᠢᠨ ᠬᠦᠴᠦᠨ ᠪᠦᠬᠦᠢ ᠭᠡᠷᠡᠴᠢ ᠶᠢ ᠬᠠᠩᠭᠠᠪᠡᠯ ᠲᠡᠷᠭᠡ ᠪᠠᠷ ᠢᠶᠠᠨ ᠴᠡᠴᠡᠷᠯᠢᠭ ᠲᠤ ᠣᠷᠣᠵᠤ ᠵᠤᠭᠠᠴᠠᠨ ᠲᠤᠭᠤᠷᠢᠵᠤ ᠪᠣᠯᠤᠨ᠎ᠠ᠃      ᠬᠠᠷᠠᠭᠠᠯᠵᠠᠯ ᠬᠦᠷᠳᠡᠭᠡᠬᠦ ᠡᠳᠡᠭᠡᠳ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ ᠂ ᠠᠷᠠᠳ ᠤᠨ ᠴᠠᠭᠳᠠᠭ᠎ᠠ ᠵᠡᠷᠭᠡ ᠪᠠᠭᠳᠠᠨ᠎ᠠ᠃      ᠬᠠᠷᠠᠭᠠᠯᠵᠠᠯ ᠬᠦᠷᠳᠡᠭᠡᠬᠦ ᠠᠭᠤᠯᠭ᠎ᠠ      ᠵᠢᠩᠬᠢᠨᠢ ᠴᠡᠷᠢᠭ ᠤᠨ ᠠᠯᠪᠠ ᠲᠠᠢ ᠬᠦᠮᠦᠰ ᠣᠹᠢᠼᠧᠷ ᠤᠨ ᠦᠨᠡᠮᠯᠡᠯ ᠪᠤᠶᠤ ᠪᠠᠶᠢᠯᠳᠤᠭᠴᠢ ᠶᠢᠨ ᠦᠨᠡᠮᠯᠡᠯ ᠲᠠᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠨᠢ ᠴᠡᠷᠢᠭ ᠠᠴᠠ ᠪᠠᠭᠤᠬᠰᠠᠨ ᠦᠨᠡᠮᠯᠡᠯ ᠲᠠᠢ᠂ ᠠᠷᠠᠳ ᠤᠨ ᠴᠠᠭᠳᠠᠭ᠎ᠠ ᠨᠢ ᠠᠷᠠᠳ ᠤᠨ ᠴᠠᠭᠳᠠᠭ᠎ᠠ ᠶᠢᠨ ᠦᠨᠡᠮᠯᠡᠯ ᠲᠠᠢ ᠪᠣᠯ ᠰᠦᠢᠳᠬᠡᠯ ᠲᠤᠰᠢᠶᠠᠬᠤ ᠦᠭᠡᠢ ᠪᠠᠷ ᠴᠡᠴᠡᠷᠯᠢᠭ ᠲᠤ ᠣᠷᠣᠵᠤ ᠵᠤᠭᠠᠴᠠᠵᠤ ᠪᠣᠯᠤᠨ᠎ᠠ᠃      ᠬᠠᠷᠠᠭᠠᠯᠵᠠᠯ ᠬᠦᠷᠳᠡᠭᠡᠬᠦ ᠴᠠᠭ ᠬᠤᠭᠤᠴᠠᠭ᠎ᠠ      2022 ᠣᠨ ᠤ 8 ᠰᠠᠷ᠎ᠠ ᠶᠢᠨ 1 ᠤ ᠡᠳᠦᠷ ᠠᠴᠠ 2022 ᠣᠨ ᠤ 8 ᠰᠠᠷ᠎ᠠ ᠶᠢᠨ31 ᠤ ᠡᠳᠣᠷ ᠪᠤᠯᠳᠠᠯ᠎ᠠ ᠶᠠᠪᠤᠭᠳᠠᠨ᠎ᠠ᠃
 
ᠢᠷᠡᠯᠲᠡ᠄ ᠷᠠᠰᠢᠶᠠᠨ ᠤ ᠵᠣᠭᠠᠴᠠᠯ ᠤᠨ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号