ᠬᠤᠳᠠ ᠶᠢᠨ ᠨᠠᠮ ᠤᠨ ᠬᠤᠷᠢᠶ᠎ᠠ ᠶᠢᠨ ᠣᠷᠣᠨ ᠲᠣᠭᠠᠨ ᠤ ᠠᠯᠪᠡᠨ ᠭᠡᠷ ᠦᠨᠡᠨ ᠨᠡᠷ᠎ᠡ ᠶᠢᠨ ᠳᠦᠷᠢᠮ  ᠢᠶᠠᠷ ᠺᠠᠳ᠋ᠷ ᠲᠣᠬᠢᠷᠠᠭᠤᠯᠬᠤ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2022/8/30
     ᠪᠠᠶᠢᠭᠤᠯᠤᠮᠵᠢ ᠶᠢᠨ ᠣᠷᠣᠨ ᠲᠤᠭ᠎ᠠ ᠶᠢᠨ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠪᠥᠬᠦ ᠶᠠᠪᠤᠴᠠ ᠳᠠᠬᠢ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠰᠠᠭᠤᠷᠢᠯᠠᠬᠤ ᠴᠢᠨᠠᠷᠲᠠᠶ ᠣᠶᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠥᠯᠥᠭᠡ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠦᠨᠡᠨ ᠨᠡᠷ᠎ᠡ ᠶᠢᠨ ᠲᠦᠷᠢᠮ ᠢᠶᠠᠷ ᠺᠠᠳ᠋ᠷ ᠳᠣᠭᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃      ᠨᠢᠭᠡ ᠳᠤ᠂ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠲᠥᠯᠥᠪᠵᠢᠭᠦᠯᠵᠦ᠂ ᠬᠠᠮᠤᠭ ᠤᠨ ᠰᠢᠯᠢᠳᠡᠭ ᠲᠥᠰᠦᠯ ᠢ ᠲᠣᠭᠲᠠᠭᠠᠪᠡ᠃ ᠣᠷᠣᠨ ᠲᠤᠭ᠎ᠠ ᠶᠢᠨ ᠠᠯᠪᠠᠨ ᠬᠡᠷ ᠤᠨ ᠭᠤᠤᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠷ ᠢᠶᠠᠨ ᠪᠠᠶᠢᠷᠢᠯᠠᠭᠤᠯᠬᠤ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠪᠠ᠃ ᠲᠤᠰ ᠤᠳᠠᠭᠠᠨ ᠤ ᠺᠠᠳ᠋ᠷ ᠢ ᠲᠣᠬᠢᠷᠠᠭᠤᠯᠬᠤ ᠠᠵᠢᠯ ᠳᠤ ᠬᠤᠯᠪᠣᠭᠳᠠᠬᠤ ᠬᠥᠮᠦᠨ ᠤ ᠲᠤᠭ᠎ᠠ ᠣᠯᠠᠨ᠂ ᠲᠣᠬᠢᠷᠠᠭᠤᠯᠬᠤ ᠳᠤ ᠬᠦᠴᠢᠷᠳᠡᠯᠳᠡᠢ ᠪᠠᠶᠢᠵᠣ᠂ ᠣᠷᠣᠨ ᠲᠤᠭ᠎ᠠ ᠶᠢᠨ ᠠᠯᠪᠠᠨ ᠬᠡᠷ ᠤᠨ ᠠᠵᠢᠯᠲᠠᠳ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ ᠢ ᠦᠨᠳᠦᠰᠦᠯᠡᠨ᠂ ᠦᠨᠡᠨ ᠨᠡᠷ᠎ᠡ ᠶᠢᠨ ᠲᠦᠷᠢᠮ ᠢᠶᠠᠷ ᠠᠵᠢᠯᠲᠠᠨ ᠤ ᠲᠤᠰᠢᠶᠠᠯ ᠡᠭᠦᠷᠭᠡᠯᠡᠬᠦ ᠪᠠᠶᠢᠭᠤᠯᠭ᠎ᠠ ᠨᠢᠭᠡᠴᠢ ᠶᠢᠨ ᠣᠷᠣᠨ ᠲᠤᠭ᠎ᠠ ᠠᠴᠠ ᠳᠠᠪᠠᠭᠰᠠᠨ ᠵᠢᠴᠢ ᠰᠤᠯᠠ ᠪᠠᠶᠢᠭ᠎ᠠ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢᠨ ᠪᠠᠶᠢᠳᠠᠯ ᠢ ᠨᠠᠷᠢᠨ ᠨᠢᠮᠪᠠᠶ ᠬᠠᠷᠭᠤᠭᠤᠯᠵᠤ᠂ ᠲᠣᠬᠢᠷᠠᠭᠤᠯᠤᠯᠲᠠ ᠶᠢᠨ ᠲᠥᠰᠦᠯ ᠢᠶᠠᠨ ᠲᠠᠰᠤᠷᠠᠯᠲᠠ ᠥᠬᠡᠶ ᠨᠠᠷᠢᠯᠢᠬᠵᠢᠭᠤᠯᠤᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠤᠨ ᠬᠠᠮᠤᠭ ᠤᠨ ᠰᠢᠯᠢᠳᠡᠭ ᠲᠣᠬᠢᠷᠠᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠳᠣᠯᠠᠵᠠᠢ᠃      ᠬᠤᠶᠠᠷ ᠲᠤ᠂ ᠴᠠᠭ ᠤᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠪᠡ᠃ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠰᠢᠨ᠎ᠡ ᠪᠠᠷ ᠰᠢᠯᠭᠠᠵᠣ ᠡᠯᠰᠡᠬᠦ ᠠᠵᠢᠯᠲᠠᠨ ᠤ ᠣᠷᠣᠨ ᠲᠤᠭ᠎ᠠ ᠳᠤ ᠣᠷᠣᠬᠤ ᠠᠵᠢᠯ ᠢ ᠨᠢᠭᠲᠠ ᠵᠣᠯᠭᠠᠭᠤᠯᠵᠤ᠂ ᠺᠠᠳ᠋ᠷ ᠳᠣᠭᠢᠷᠠᠭᠤᠯᠬᠤ ᠰᠢᠰᠲ᠋ᠧᠮ ᠤᠨ ᠲᠤᠭ᠎ᠠ ᠪᠠᠷᠢᠮᠲᠠ ᠶᠢ ᠲᠥᠪᠯᠡᠷᠡᠭᠦᠯᠦᠨ ᠳᠣᠭᠢᠷᠠᠭᠤᠯᠵᠤ᠂ ᠲᠠᠷᠠᠭᠠᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ ᠤᠨ ᠣᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠳᠤ ᠲᠤᠭ᠎ᠠ ᠪᠠᠷᠢᠮᠲᠠ ᠶᠢᠨ ᠰᠠᠭᠤᠷᠢ ᠶᠢ ᠪᠠᠲᠤᠳᠬᠠᠨ᠂ ᠣᠯᠠᠨ ᠲᠦᠮᠡᠨ ᠤ ᠲᠤᠬᠠᠶᠢᠯᠠᠭᠰᠠᠨ ᠠᠵᠢᠯ ᠢᠶᠠᠨ ᠬᠦ᠋ᠶᠢᠴᠡᠳᠬᠡᠬᠦ ᠳᠤ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠬᠦ︾᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠤ᠂ ︽ᠪᠢ ᠣᠯᠠᠨ ᠲᠦᠮᠡᠨ ᠳᠤ ᠪᠤᠳᠠᠳᠤ ᠠᠵᠢᠯ ᠬᠢᠵᠦ ᠥᠭᠬᠦ︾ ᠠᠵᠢᠯ ᠢ ᠦᠨᠡᠨ ᠬᠦ ᠰᠠᠶᠢᠲᠤᠷ ᠬᠢᠵᠡᠢ᠃      ᠭᠤᠷᠪᠠ ᠳᠤ᠂ ᠲᠤᠭ᠎ᠠ ᠪᠠᠷᠢᠮᠲᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠠᠭᠤᠷᠢ ᠲᠤᠭ᠎ᠠ ᠲᠣᠳᠣᠷᠬᠠᠢ ᠪᠠᠶᠢᠬᠤ ᠶᠢ ᠪᠠᠲᠤᠯᠠᠪᠡ᠃ ᠦᠨᠡᠨ ᠨᠡᠷ᠎ᠡ ᠶᠢᠨ ᠲᠦᠷᠢᠮ ᠢᠶᠠᠷ ᠲᠤᠰᠢᠶᠠᠯ ᠡᠭᠦᠷᠭᠡᠯᠡᠬᠦ ᠺᠠᠳ᠋ᠷ ᠤᠨ ᠰᠤᠷᠠᠭ ᠵᠠᠩᠭᠢ ᠳᠤ ᠣᠪᠣᠭ ᠨᠡᠷ᠎ᠡ᠂ ᠤᠳᠤᠷᠢᠳᠬᠤ ᠲᠤᠰᠢᠶᠠᠯ ᠤᠨ ᠨᠡᠷᠡᠶᠢᠳᠦᠯ᠂ ᠤᠳᠤᠷᠢᠳᠬᠤ ᠲᠤᠰᠢᠶᠠᠯ ᠤᠨ ᠲᠠᠰ ᠳᠠᠪᠬᠤᠷᠭ᠎ᠠ᠂ ᠲᠤᠰᠢᠶᠠᠯ ᠡᠭᠦᠷᠭᠡᠯᠡᠬᠦ ᠴᠠᠭ ᠬᠤᠭᠤᠴᠠᠭ᠎ᠠ ᠵᠢᠴᠢ ᠠᠵᠢᠯ ᠤᠨ ᠪᠠᠶᠢᠷᠢ ᠶᠢᠨ ᠠᠩᠭᠢᠯᠠᠯ ᠵᠡᠷᠭᠡ ᠶᠢ ᠪᠠᠭᠲᠠᠭᠠᠭᠰᠠᠨ ᠪᠥᠬᠦ ᠰᠢᠰᠲ᠋ᠧᠮ ᠤᠨ ᠬᠢᠨᠠᠨ ᠰᠢᠯᠭᠠᠯᠲᠠ ᠬᠢᠬᠦ ᠶᠢᠨ ᠬᠠᠮᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠰᠤᠷᠠᠭ ᠵᠠᠩᠭᠢ ᠶᠢᠨ ᠨᠠᠷᠢᠯᠢᠬᠵᠢᠯᠲᠠ ᠪᠠ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠵᠡᠢ᠃ ᠡᠭᠦᠨ ᠤ ᠬᠠᠮᠲᠤ᠂ ︽ᠨᠢᠭᠡ ᠶᠢ ᠬᠤᠪᠢᠷᠠᠭᠤᠯᠵᠤ᠂ ᠨᠢᠭᠡ ᠶᠢ ᠳᠣᠭᠢᠷᠠᠭᠤᠯᠬᠤ︾ ᠠᠵᠢᠯ ᠤᠨ ᠵᠠᠷᠴᠢᠮ ᠶᠣᠰᠣᠭᠠᠷ᠂ ᠠᠵᠢᠯᠲᠠᠨ ᠤ ᠬᠤᠪᠢᠷᠠᠯᠲᠠ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠵᠡᠷᠭᠡ ᠪᠠᠷ ᠰᠢᠨᠡᠳᠬᠡᠵᠦ᠂ ᠡᠬᠡ ᠲᠠᠩᠰᠠ ᠶᠢᠨ ᠰᠤᠷᠠᠭ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ᠂ ᠪᠥᠬᠦ ᠲᠠᠯ᠎ᠠ ᠪᠠᠷ᠂ ᠵᠢᠷᠤᠮᠵᠢᠯ ᠲᠠᠢ ᠪᠠᠶᠢᠯᠭᠠᠬᠤ ᠶᠢ ᠪᠠᠲᠤᠯᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠪᠡ᠃
 
ᠢᠷᠡᠯᠲᠡ᠄ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号