ᠯᠢᠨ ᠬᠠᠶ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠬᠠᠷᠢᠶ᠎ᠠ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2022/9/1
     ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ ᠂ ᠬᠠᠷᠢᠶ᠎ᠠ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠬᠦᠯᠣᠨ᠂ ᠨᠠᠮ ᠤᠨ ᠠᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠷᠠᠰᠢᠶᠠᠨ ᠬᠤᠳᠠ ᠶᠢᠨ ᠯᠢᠨ ᠬᠠᠶ ᠵᠡᠭᠡᠯᠢ ᠶᠢᠨ ᠨᠠᠮ ᠤᠨ ᠠᠵᠢᠯ ᠤᠨ ᠵᠦᠪᠯᠡᠯ  ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠠᠵᠢᠯᠲᠠᠨ ᠢ ᠲᠣᠮᠢᠯᠠᠵᠣ ᠱᠤᠸᠠᠩ ᠠᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠠᠮᠤᠷ ᠢ ᠬᠠᠮᠠᠭᠠᠯᠠᠬᠤ ᠬᠤᠯᠪᠣᠭᠠᠯᠠᠨ ᠰᠡᠷᠭᠡᠶᠢᠯᠡᠬᠦ ᠨᠡᠶᠢᠭᠡᠮᠯᠢᠭ ᠵᠡᠷᠭᠡ ᠨᠡᠶᠢᠲᠡ ᠶᠢᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠢᠶ᠎ᠠ ᠣᠷᠣᠨ ᠤ ᠨᠡᠶᠢᠲᠡ ᠶᠢᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠪᠠ᠃      ᠰᠤᠷᠪᠤᠯᠵᠢᠯᠠᠬᠤ ᠶᠠᠪᠤᠴᠠ ᠳᠤ᠂ ᠤᠷᠢᠳᠠᠪᠠᠷ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠠᠵᠤ ᠠᠬᠤᠶᠢᠯᠠᠯ ᠤᠨ ᠨᠠᠮ ᠤᠨ ᠭᠡᠰᠢᠭᠦᠨ ᠤ ᠪᠠᠶᠢᠳᠠᠯ ᠵᠢᠴᠢ ᠠᠵᠤ ᠠᠬᠤᠶᠢᠯᠠᠯ ᠤᠨ ᠠᠵᠢᠯᠲᠠᠨ ᠤ ᠲᠤᠭ᠎ᠠ ᠵᠡᠷᠭᠡ  ᠰᠤᠷᠠᠭ ᠵᠠᠩᠭᠢ ᠶᠢ ᠣᠶᠢᠯᠠᠭᠠᠭᠰᠠᠨ ᠪᠥᠭᠡᠳ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠮᠠᠲ᠋ᠧᠷᠢᠶᠠᠯ  ᠪᠡ ᠬᠠᠲᠠᠭᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠳᠠᠷᠠᠭ᠎ᠠ ᠨᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠠᠴᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠲᠤᠬᠠᠶ ᠰᠠᠨᠠᠯ ᠰᠠᠨᠠᠭᠤᠯᠭ᠎ᠠ ᠶᠢ ᠳᠠᠮᠵᠢᠭᠤᠯᠵᠤ᠂ ᠴᠠᠭ ᠦᠶ᠎ᠡ ᠶᠢᠨ ᠠᠵᠠ ᠲᠣᠬᠢᠶᠠᠯ ᠢ ᠠᠮᠵᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠣᠨ᠂ ᠢᠳᠡᠪᠬᠢᠲᠡᠢ ᠪᠠᠷ ᠰᠡᠳᠬᠢᠵᠦ᠂ ᠲᠠᠰᠤᠷᠠᠯᠲᠠ ᠦᠭᠡᠢ ᠰᠢᠨ᠎ᠡ ᠶᠢ ᠡᠭᠦᠳᠣᠨ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠣᠨ᠂ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠬᠦᠳᠦᠯᠦᠨ ᠳᠠᠭᠠᠭᠤᠯᠵᠤ᠂ ᠬᠥᠭᠵᠢᠯᠲᠡ ᠪᠠᠷ ᠨᠠᠮ ᠤᠨ ᠪᠠᠶᠢᠭᠤᠯᠤᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠳᠠᠷᠠᠭᠠᠴᠢ ᠶᠢᠨ ᠠᠯᠬᠤᠮ ᠳᠤ᠂ ᠯᠢᠨ ᠬᠠᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠬᠠᠷᠢᠶ᠎ᠠ ᠣᠷᠣᠨ ᠤ ᠪᠠᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠬᠠᠮᠵᠢᠯᠴᠠᠭᠰᠠᠨ᠂ ᠨᠠᠮ ᠤᠨ ᠭᠡᠰᠢᠭᠦᠨ ᠣᠷᠣᠯᠴᠠᠭᠰᠠᠨ᠂ ᠬᠠᠮᠲᠤᠪᠠᠷ ᠰᠠᠭᠤᠷᠢᠰᠢᠵᠣ ᠬᠠᠮᠲᠤᠪᠠᠷ ᠪᠠᠶᠢᠭᠤᠯᠤᠭᠰᠠᠨ᠂ ᠡᠶ᠎ᠡ ᠵᠣᠬᠢᠴᠠᠩᠭᠤᠢ ᠪᠠᠷ ᠬᠥᠭᠵᠢᠭᠰᠡᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠦᠨ᠎ᠡ᠃
 
ᠢᠷᠡᠯᠲᠡ᠄ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号