ᠬᠤᠲᠠ ᠶᠢᠨ ᠣᠶᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠬᠦᠯᠬᠦ — ᠰᠡᠳᠬᠢᠯ ᠨᠢᠭᠡᠳᠣᠨ ᠰᠤᠷᠤᠯᠭ᠎ᠠ ᠶᠢ ᠲᠡᠳᠬᠦᠬᠦ︾ ᠨᠡᠶᠢᠲᠡ ᠶᠢᠨ ᠠᠰᠠᠷᠠᠮᠵᠢ ᠶᠢᠨ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/15
     9 ᠰᠠᠷ᠎ᠠ ᠶᠢᠨ 13 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ  ᠭᠧ ᠯᠧ ᠣᠯᠠᠨ ᠤᠯᠤᠰ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠵᠥᠪᠯᠡᠯ ᠢ ᠬᠤᠯᠪᠣᠭᠠᠯᠠᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠳᠤ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠦᠭᠵᠢᠬᠦᠯᠬᠦ —— ᡺ᠰᠡᠳᠬᠢᠯ ᠨᠢᠭᠡᠳᠣᠨ ᠰᠤᠷᠤᠯᠭ᠎ᠠ ᠶᠢ ᠲᠡᠳᠬᠦᠬᠦ  ︾ ᠨᠡᠶᠢᠲᠡ ᠶᠢᠨ ᠠᠰᠠᠷᠠᠮᠵᠢ ᠶᠢᠨ ᠬᠠᠨᠳᠢᠪᠯᠠᠬᠤ ᠠᠵᠢᠯᠯᠠᠭ᠎ᠠ ᠶᠢ ᠦᠷᠨᠢᠬᠦᠯᠪᠡ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠭᠦᠸᠧ ᠴᠧᠩ᠂ ᠭᠧ ᠯᠧ ᠣᠯᠠᠨ ᠤᠯᠤᠰ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ ᠵᠢᠭᠠᠨ ᠰᠤᠷᠭᠠᠯᠲᠠ ᠶᠢᠨ ᠬᠡᠯᠲᠡᠰ ᠤᠨ ᠳᠠᠷᠤᠭ᠎ᠠ ᠴᠧᠨ ᠬᠣ᠋᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠫᠢᠩ ᠵᠢᠴᠢ ᠵᠢᠷᠭᠤᠭᠠᠨ ᠰᠤᠷᠭᠠᠭᠤᠯᠢ ᠶᠢᠨ ᠵᠠᠬᠢᠷᠤᠯ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃      ᠬᠠᠨᠳᠢᠪᠯᠠᠨ ᠬᠦᠷᠭᠡᠬᠦ ᠶᠣᠰᠣᠯᠠᠯ ᠳᠤ᠂  ᠴᠧᠨ ᠬᠣ᠋ ᠬᠡᠯᠳᠡᠰ ᠤᠨ ᠲᠠᠷᠤᠭ᠎ᠠ ᠭᠧ ᠯᠧ ᠣᠯᠠᠨ ᠤᠯᠤᠰ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠵᠥᠪᠯᠡᠯ ᠢ ᠲᠥᠯᠥᠭᠡᠯᠡᠨ ᠵᠢᠷᠭᠤᠭᠠᠨ ᠳᠤᠮᠳᠠᠳᠤ ᠪᠠᠭ᠎ᠠ ᠰᠤᠷᠭᠠᠭᠤᠯᠢ ᠳᠤ 14 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠡᠳ᠋ ᠪᠣᠳᠠᠰ ᠪᠠ ᠵᠢᠭᠠᠨ ᠰᠤᠷᠭᠠᠯᠲᠠ ᠶᠢᠨ ᠣᠶᠤᠨᠴᠢ ᠲᠤᠨᠤᠭ ᠲᠦᠬᠦᠭᠡᠷᠤᠮᠵᠢ ᠶᠢ ᠬᠠᠨᠳᠢᠪᠯᠠᠪᠠ᠂ ᠡᠭᠦᠨ ᠳᠤ ᠵᠢᠯᠣᠭᠤᠴᠢ ᠥᠬᠡᠶ ᠨᠢᠰᠭᠡᠯ ᠲᠣᠷᠡᠨ᠂ ᠫᠷᠤᠭ᠍ᠷᠠᠮ ᠨᠠᠶᠢᠷᠠᠭᠤᠯᠬᠤ ᠮᠠᠰᠢᠨᠳᠣ ᠬᠥᠮᠦᠨ ᠵᠡᠷᠭᠡ ᠵᠢᠭᠠᠨ ᠰᠤᠷᠭᠠᠯᠲᠠ ᠶᠢᠨ ᠬᠡᠷᠡᠭᠰᠡᠯ ᠪᠠᠭᠲᠠᠨ᠎ᠠ᠃ ᠲᠣᠰ ᠤᠳᠠᠭᠠᠨ ᠤ  ᠠᠵᠢᠯᠯᠠᠭ᠎ᠠ ᠨᠢ ᠮᠠᠨ ᠤ ᠬᠤᠲᠠ ᠶᠢᠨ ᠵᠢᠭᠠᠨ ᠰᠤᠷᠭᠠᠯᠲᠠ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠶᠢᠨ ᠲᠤᠭᠠᠴᠠᠯᠠᠭᠰᠠᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠣᠶᠢᠯᠡᠳᠦᠯ ᠦᠵᠡᠭᠦᠯᠥᠭᠰᠠᠨ ᠪᠠᠶᠢᠨ᠎ᠠ᠃      ᠵᠠᠩ ᠭᠦᠸᠧ ᠴᠧᠩ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠤᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠲᠦᠯᠣᠭᠡᠯᠡᠨ ᠪᠠᠶᠠᠷ ᠤᠨ ᠦᠭᠡ ᠶᠠᠷᠢᠪᠡ᠃ ᠲᠠᠷᠡ᠂  ᠰᠤᠷᠤᠯᠭ᠎ᠠ ᠲᠡᠳᠬᠦᠬᠦ ᠪᠣᠯ ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠠᠭᠤᠤ ᠶᠡᠭᠡ ᠦᠢᠯᠡᠰ ᠮᠥᠨ᠂ ᠭᠡᠷᠡᠯ ᠣᠯᠠᠨ ᠤᠯᠤᠰ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ ᠡᠨᠡ ᠬᠦ ᠠᠵᠢᠯᠯᠠᠭ᠎ᠠ ᠨᠢ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠣᠶᠢᠯᠡᠳᠦᠯ ᠦᠵᠡᠭᠦᠯᠵᠦ᠂ ᠬᠠᠮᠢᠶᠠᠷᠤᠯᠲᠠ ᠶᠢᠨ ᠵᠥᠪᠯᠡᠯ ᠤᠨ ᠨᠡᠶᠢᠭᠡᠮ ᠳᠤ ᠬᠤᠪᠢ ᠨᠡᠮᠡᠷᠢ ᠦᠵᠡᠭᠦᠯᠬᠦ᠂ ᠨᠡᠶᠢᠭᠡᠮ ᠳᠤ ᠠᠴᠢ ᠬᠠᠷᠢᠭᠤᠯᠬᠤ᠂ ᠨᠡᠶᠢᠭᠡᠮ ᠳᠤ ᠣᠶᠢᠯᠡᠴᠢᠯᠡᠬᠦ ᠬᠠᠷᠢᠭᠤᠴᠠᠯᠭᠠᠲᠤ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠯᠡᠷᠡᠭᠦᠯᠥᠭᠰᠠᠨ ᠪᠠᠶᠢᠨ᠎ᠠ ᠭᠡᠵᠡᠢ᠃
 
ᠢᠷᠡᠯᠲᠡ᠄ ᠷᠡᠰᠢᠶᠠᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号