ᠯᠢᠨ ᠬᠠᠶ ᠵᠡᠭᠡᠯᠢ ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/27
     ᠥᠷᠭᠡᠨ ᠤᠯᠠᠨ ᠲᠦᠮᠡᠨ ᠤ ᠭᠠᠵᠢᠭᠤ ᠨᠣᠮᠯᠠᠯ ᠤᠨ ᠮᠥᠨ ᠴᠢᠨᠠᠷ ᠤᠨ ᠲᠤᠬᠠᠢ ᠲᠠᠨᠢᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠭᠠᠵᠢᠭᠤ ᠨᠣᠮᠯᠠᠯ ᠢ ᠡᠰᠠᠷᠬᠦᠴᠠᠬᠦ ᠤᠬᠠᠮᠰᠠᠷ ᠪᠡ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 21 ᠤ ᠡᠳᠦᠷ᠂ ᠷᠡᠰᠢᠶᠠᠨ ᠬᠤᠳᠡ ᠶᠢᠨ ᠯᠢᠨ ᠬᠠᠢ ᠵᠡᠭᠡᠯᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠬᠦᠴᠦᠨ ᠢᠶᠠᠨ ᠲᠥᠪᠯᠡᠷᠡᠭᠦᠯᠦᠨ ᠭᠠᠵᠢᠭᠤ ᠨᠣᠮᠯᠠᠯ ᠢ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠲᠣᠰ ᠠᠵᠢᠯᠯᠠᠭᠠᠨ ᠤ ᠳᠤᠮᠳᠠ᠂ ᠡᠯᠭᠦᠭᠡ ᠪᠢᠴᠢᠭᠡᠰᠦ ᠨᠠᠭᠠᠬᠤ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠭᠠᠵᠢᠭᠤ ᠨᠣᠮᠯᠠᠯ ᠢ ᠰᠡᠷᠭᠡᠶᠢᠯᠡᠬᠦ ᠶᠢᠨ ᠠᠴᠢ ᠬᠤᠯᠪᠣᠭᠳᠠᠯ ᠪᠡ ᠭᠠᠵᠢᠭᠤ ᠨᠣᠮᠯᠠᠯ ᠤᠨ ᠮᠥᠨ ᠴᠢᠨᠠᠷ ᠤᠨ ᠣᠨᠴᠠᠯᠢᠭ᠂ ᠬᠤᠣᠷ ᠬᠦᠨᠦᠭᠡᠯᠳᠦ ᠴᠢᠨᠠᠷ ᠢ ᠲᠠᠶᠢᠯᠪᠤᠷᠢᠯᠠᠨ ᠥᠭᠴᠦ᠂ ᠥᠷᠭᠡᠨ ᠤᠯᠠᠨ ᠲᠦᠮᠡᠨ ᠳᠤ ᠱᠠᠰᠢᠨ ᠰᠤᠷᠲᠠᠬᠤᠨ ᠪᠣᠯᠤᠨ ᠭᠠᠵᠢᠭᠤ ᠨᠣᠮᠯᠠᠯ ᠤᠨ ᠢᠯᠭᠠᠭ᠎ᠠ ᠶᠢ ᠲᠠᠨᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠨᠡᠮᠡᠭᠳᠡᠭᠦᠯᠵᠦ᠂ ᠰᠡᠷᠡᠮᠵᠢᠯᠡᠯ ᠬᠥᠮᠦᠵᠢᠯ ᠤᠨ ᠵᠣᠷᠢᠯᠭ᠎ᠠ ᠳᠤ ᠬᠦᠷᠭᠡᠭᠰᠠᠨ ᠪᠠᠶᠢᠨ᠎ᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 100 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠲᠤ 30 ᠭᠠᠷᠤᠶ ᠬᠥᠮᠦᠨ ᠤ ᠠᠰᠠᠭᠤᠯᠳᠡ ᠳᠤ ᠬᠠᠷᠢᠭᠤᠯᠳᠡ ᠦᠭᠴᠣ᠂ ᠭᠠᠵᠢᠭᠤ ᠨᠣᠮᠯᠠᠯ ᠢ ᠡᠰᠡᠷᠭᠦᠴᠡᠨ ᠰᠡᠷᠡᠮᠵᠢᠯᠡᠬᠦᠯᠣᠯ ᠬᠥᠮᠦᠵᠢᠯ ᠤᠨ  ᠬᠦᠷᠢᠶ᠎ᠠ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠷᠡᠰᠢᠶᠠᠨ ᠬᠤᠳᠡ ᠶᠢᠨ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号