ᠰᠢᠨ ᠴᠧᠩ ᠵᠡᠭᠡᠯᠢ ᠳᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠭᠠᠵᠢᠭᠤ ᠨᠣᠮᠯᠠᠯ ᠢ ᠰᠠᠶᠢᠳᠣᠷ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/27
     9 ᠰᠠᠷ᠎ᠠ ᠶᠢᠨ 21 ᠤ ᠡᠳᠦᠷ᠂  ᠷᠡᠰᠢᠶᠠᠨ ᠬᠤᠳᠡ ᠶᠢᠨ  ᠰᠢᠨ ᠴᠧᠩ ᠵᠡᠭᠡᠯᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠲᠣᠣᠷᠵᠢᠭᠤᠯᠣᠬᠴᠢ᠂ ᠰᠠᠶᠢᠨ ᠳᠤᠷ᠎ᠠ ᠶᠢᠨ ᠠᠵᠢᠯᠯᠠᠭᠴᠢᠳ ᠲᠠᠢ ᠬᠠᠮᠳᠣᠷᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠭᠠᠵᠢᠭᠤ ᠨᠣᠮᠯᠠᠯ ᠢ ᠰᠠᠶᠢᠳᠣᠷ ᠡᠰᠡᠷᠭᠦᠴᠡᠬᠦ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠲᠣᠰ ᠠᠵᠢᠯᠯᠠᠭ᠎ᠠ ᠶᠢᠨ ᠳᠤᠮᠳᠠ ᠵᠡᠭᠡᠯᠢ ᠭᠤᠳᠣᠮᠵᠢ ᠶᠢᠨ ᠠᠵᠢᠯᠲᠠᠨ᠂ ᠲᠣᠣᠷᠵᠢᠭᠤᠯᠣᠬᠴᠢ᠂ ᠰᠠᠶᠢᠨ ᠳᠤᠷ᠎ᠠ ᠶᠢᠨ ᠠᠵᠢᠯᠳᠡᠳ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠭᠠᠵᠢᠭᠤ ᠨᠣᠮᠯᠠᠯ ᠤᠨ ᠬᠤᠣᠷ ᠬᠥᠨᠥᠭᠡᠯ ᠵᠢᠴᠢ ᠭᠠᠵᠢᠭᠤ ᠨᠣᠮᠯᠠᠯ ᠢ ᠬᠡᠷᠬᠢᠨ ᠢᠯᠭᠠᠨ ᠲᠠᠨᠢᠬᠤ ᠪᠠ ᠥᠪᠡᠷ ᠤᠨ ᠠᠮᠤᠷ ᠲᠦᠪᠰᠢᠨ ᠢᠶᠠᠨ ᠬᠡᠷᠬᠢᠨ ᠬᠠᠮᠠᠭᠠᠯᠠᠬᠤ ᠲᠤᠬᠠᠶ ᠤᠬᠠᠭᠤᠯᠤᠨ ᠲᠠᠶᠢᠯᠪᠤᠷᠢᠯᠠᠪᠠ᠃      ᠳᠠᠷᠠᠭᠠᠴᠢ ᠪᠠᠷ᠂ ᠰᠢᠨ ᠴᠧᠩ ᠵᠡᠭᠡᠯᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠪᠣᠯᠤᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠪᠣᠯᠣᠨ᠎ᠠ᠃
 
ᠢᠷᠡᠯᠲᠡ᠄ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号