ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠷᠠᠰᠢᠶᠠᠨ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/27
     ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠷᠠᠰᠢᠶᠠᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠢ ᠬᠤᠷᠡᠯᠳᠣᠭᠤᠯᠪᠡ᠃ ᠬᠤᠷᠠᠯ ᠠᠴᠠ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠶᠤᠤ ᠵᠢᠶᠠᠨ ᠵᠠᠩ ᠷᠠᠰᠢᠶᠠᠨ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠭᠦᠸᠧ ᠴᠧᠩ ᠲᠠᠢ ᠶᠠᠪᠣᠬᠳᠡᠬᠤ ᠠᠭᠤᠯᠵᠠᠯᠳᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠳ᠋ ᠳᠤᠭᠤᠶᠢᠯᠠᠩ ᠤᠨ ᠳᠠᠷᠤᠭ᠎ᠠ ᠰᠢᠤᠢ ᠰᠢᠤᠸᠠᠢ ᠴᠢᠩ ᠲᠥᠪ ᠤᠨ ᠪᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠱᠠᠭᠠᠷᠳᠠᠯᠭ᠎ᠠ ᠶᠢ ᠤᠯᠠᠮᠵᠢᠯᠠᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠶᠤᠤ ᠵᠢᠶᠠᠨ ᠵᠠᠩ ᠲᠤᠭᠤᠷᠢᠨ ᠪᠠᠶᠢᠴᠠᠭᠠᠬᠤ ᠡᠭᠦᠷᠭᠡ ᠪᠣᠯᠤᠨ ᠠᠵᠢᠯ ᠤᠨ ᠲᠣᠬᠢᠷᠠᠭᠤᠯᠤᠯᠲᠠ ᠶᠢ ᠮᠡᠳᠡᠭᠳᠡᠵᠦ᠂ ᠤᠯᠤᠰ ᠲᠥᠷᠥ ᠶᠢᠨ ᠲᠤᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠲᠤᠭᠤᠷᠢᠨ ᠪᠠᠶᠢᠴᠠᠭᠠᠬᠤ ᠠᠵᠢᠯ ᠢ ᠬᠠᠮᠵᠢᠯᠴᠠᠬᠤ ᠲᠤᠬᠠᠶ ᠱᠠᠭᠠᠷᠳᠠᠯᠭ᠎ᠠ ᠳᠤᠷᠠᠳᠴᠠᠶ᠃ ᠵᠠᠩ ᠭᠦᠸᠧ ᠴᠧᠩ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠰᠢᠤᠢ ᠰᠢᠤᠸᠠᠢ ᠴᠢᠩ ᠵᠢᠴᠢ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠪᠥᠬᠦ ᠠᠵᠢᠯᠲᠠᠨ᠂ ᠣᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠣᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠢᠭᠡᠴᠢ ᠶᠢᠨ ᠡᠯ᠎ᠡ ᠳᠣᠲᠣᠭᠠᠳᠤ ᠶᠢᠨ ᠰᠠᠯᠠᠭ᠎ᠠ ᠮᠥᠴᠢᠷ᠂ ᠬᠠᠷᠢᠶ᠎ᠠ ᠨᠢᠭᠡᠴᠶᠢᠥ ᠶᠢᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠬᠥᠮᠦᠰ ᠬᠤᠷᠠᠯ ᠳᠤ ᠰᠤᠯᠠ ᠣᠷᠣᠯᠴᠠᠪᠠ᠃      ᠰᠢᠶᠤᠤ ᠵᠢᠶᠠᠨ ᠵᠠᠩ ︵ᠳᠤᠭᠤᠶᠢᠯᠠᠩ ᠤᠨ ᠳᠠᠷᠤᠭ᠎ᠠ︶᠂ ᠨᠢᠭᠡ ᠳᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ  ᠴᠢᠩᠭᠠᠳᠬᠠᠵᠣ᠂ ᠠᠵᠢᠯ ᠤᠨ ᠭᠤᠤᠯᠳᠠᠯᠭ᠎ᠠ ᠪᠠᠨ ᠰᠠᠶᠢᠲᠤᠷ ᠡᠵᠡᠮᠳᠡᠨ᠂ ᠦᠨᠡᠨ ᠠᠴᠠ ᠵᠥᠪ ᠢ ᠡᠷᠢᠬᠦ ᠶᠢ ᠰᠠᠶᠢᠲᠤᠷ ᠡᠵᠡᠮᠳᠡᠬᠦ ᠬᠡᠷᠡᠭᠲᠡᠶ᠃ ᠬᠤᠶᠠᠷ ᠲᠤ᠂ ᠲᠤᠭᠤᠷᠢᠨ ᠪᠠᠶᠢᠴᠠᠭᠠᠬᠤ ᠶᠢᠨ ︽ᠬᠢᠵᠠᠭᠠᠷᠯᠠᠬᠤ ᠦᠢᠯᠡᠳᠦᠯ︾ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠᠨ ᠴᠢᠩᠭᠠᠳᠬᠠᠵᠤ᠂ ᠪᠠᠲᠤᠯᠠᠭ᠎ᠠ ᠪᠠᠨ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠡᠮᠡᠭᠳᠡᠬᠦᠯᠵᠣ᠂ ᠰᠠᠬᠢᠯᠭ᠎ᠠ ᠪᠠᠲᠤ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠴᠠᠭ ᠲᠤᠬᠠᠢ ᠳᠤᠨᠢ ᠳᠦᠷᠢᠮ ᠲᠣᠭᠲᠠᠭᠠᠯ ᠲᠣᠭᠲᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠭᠦᠨᠵᠡᠭᠡᠶᠢᠷᠡᠬᠦᠯᠣᠨ ᠬᠥᠭᠵᠢᠬᠦᠯᠬᠦ ᠶᠢ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ᠃      ᠵᠠᠩ ᠭᠦᠸᠧ ᠴᠧᠩ  ᠂ ᠣᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ ᠪᠠᠭ ᠪᠣᠯᠤᠨ ᠪᠥᠬᠦ ᠺᠠᠳ᠋ᠷ ᠠᠵᠢᠯᠲᠠᠨ ᠬᠡᠳᠦᠨ ᠲᠠᠯ᠎ᠠ ᠶᠢ ᠪᠡᠶᠡᠯᠡᠭᠦᠯᠬᠦ ᠬᠡᠷᠡᠭᠲᠡᠶ᠄ ᠨᠢᠭᠡ ᠳᠤ ᠦᠵᠡᠯ ᠰᠠᠨᠠᠭ᠎ᠠ ᠪᠠᠨ ᠨᠢᠭᠡᠳᠬᠡᠨ᠂ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠲᠤᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠬᠤ ᠬᠡᠷᠡᠭᠲᠡᠶ︔ ᠬᠤᠶᠠᠷ ᠲᠤ᠂ ᠪᠦᠬᠦ ᠬᠦᠴᠦᠨ ᠢᠶᠠᠷ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠢ ᠬᠠᠮᠵᠢᠯᠴᠠᠭ᠎ᠠ ᠦᠵᠡᠬᠦᠯᠣᠨ᠎ᠠ︔ ᠭᠤᠷᠪᠠ ᠳᠤ᠂ ᠳ᠋ᠦᠩᠨᠡᠯᠲᠡ ᠶᠢ ᠰᠠᠶᠢᠲᠤᠷ ᠬᠢᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠲᠤᠭᠤᠷᠢᠨ ᠪᠠᠶᠢᠴᠠᠭᠠᠬᠤ ᠠᠵᠢᠯ ᠤᠨ ᠳᠤᠮᠳᠠ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠬᠢᠨᠠᠮᠠᠭᠠᠶ ᠴᠡᠭᠴᠡᠯᠡᠨ ᠥᠭᠡᠷᠡᠴᠢᠯᠡᠨ᠎ᠡ︔ ᠲᠦᠷᠪᠡ ᠳᠤ᠂ ᠠᠵᠠ ᠲᠣᠬᠢᠶᠠᠯ ᠢ ᠡᠵᠡᠮᠳᠡᠵᠦ᠂ ᠶᠠᠪᠤᠴᠠ ᠶᠢ ᠴᠢᠬᠤᠯᠠᠴᠢᠯᠠᠵᠤ᠂ ᠲᠤᠭᠤᠷᠢᠨ ᠪᠠᠶᠢᠴᠠᠭᠠᠬᠤ ᠠᠵᠢᠯ ᠢᠶᠠᠷ ᠠᠵᠠ ᠲᠣᠬᠢᠶᠠᠯ ᠪᠣᠯᠭᠠᠨ ᠠᠵᠢᠯ ᠢᠶᠠᠨ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠣ ᠢᠯᠡᠳᠭᠡᠪᠡ᠃      ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠤᠭᠤᠷᠢᠨ ᠪᠠᠶᠢᠴᠠᠭᠠᠬᠤ ᠬᠤᠭᠤᠴᠠᠭᠠᠨ ᠳᠤ ︵9 ᠰᠠᠷ᠎ᠠ ᠶᠢᠨ 20 ᠤ ᠡᠳᠦᠷ ᠠᠴᠠ 12 ᠰᠠᠷ᠎ᠠ ᠶᠢᠨ 27 ᠤ ᠡᠳᠦᠷ ︶ ᠵᠢᠵᠢᠭᠦᠷᠯᠡᠬᠦ ᠤᠲᠠᠰᠤ ᠲᠣᠬᠢᠷᠠᠭᠤᠯᠪᠠ᠄ 18048288601 ︵ᠭᠥᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠠ 8᠄ 30 — 11᠄ 30᠂ ᠦᠳᠡ ᠶᠢᠨ ᠬᠤᠶᠢᠨ᠎ᠠ 2᠄ 30 — 5᠄ 30︶︔ ᠰᠤᠷᠪᠤᠯᠵᠢᠯᠠᠭ᠎ᠠ ᠶᠢ ᠬᠦᠯᠢᠶᠡᠨ ᠠᠪᠬᠤ ᠬᠠᠶ᠋ᠢᠭ᠄ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ︔ ᠢᠮᠧᠯ᠄ aesdexcz@126.con︔ ᠰᠠᠨᠠᠯ ᠤᠨ ᠬᠠᠶᠢᠷᠴᠠᠭ᠄ ᠷᠠᠰᠢᠶᠠᠨ ᠬᠤᠲᠠ ᠶᠢᠨ ᠬᠠᠯᠠᠭᠤᠨ ᠷᠠᠰᠢᠶᠠᠨ ᠤ ᠴᠡᠴᠡᠷᠯᠢᠭ ᠤᠨ 6 ᠳ᠋ᠤᠭᠠᠷ ᠠᠰᠠᠷ ᠤᠨ ᠨᠢᠭᠡᠳᠦᠭᠡᠷ ᠳᠠᠪᠬᠤᠷ ᠲᠤ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠤᠨ ᠬᠠᠶᠢᠷᠴᠠᠭ ᠢ ᠲᠣᠬᠢᠷᠠᠭᠤᠯᠪᠡ︔ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2022 ᠣᠨ ᠤ 12 ᠰᠠᠷ᠎ᠠ ᠶᠢᠨ 20 ᠤ ᠡᠳᠦᠷ ᠬᠦᠷᠦᠨ᠎ᠡ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠤ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠷᠠᠰᠢᠶᠠᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠵᠢᠴᠢ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷᠴᠤᠳ ᠤᠨ ᠠᠰᠠᠭᠤᠳᠠᠯ ᠤᠨ ᠲᠤᠬᠠᠶ ᠢᠷᠡᠭᠦᠯᠦᠭᠰᠡᠨ ᠵᠠᠬᠢᠳᠠᠯ ᠤᠲᠠᠰᠤ ᠰᠤᠷᠪᠤᠯᠵᠢᠯᠠᠭ᠎ᠠ ᠢ ᠬᠦᠯᠢᠶᠡᠨ ᠠᠪᠴᠤ᠂ ᠭᠤᠣᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠢ ᠬᠦᠯᠢᠶᠠᠨ ᠠᠪᠣᠨ᠎ᠠ᠃ ᠲᠤᠭᠤᠷᠢᠨ ᠪᠠᠶᠢᠴᠠᠭᠠᠵᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠶ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠠ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠶ ᠰᠢᠢᠳᠪᠦᠷᠢᠯᠡᠨ᠎ᠡ᠃    
 
ᠢᠷᠡᠯᠲᠡ᠄ ᠷᠠᠰᠢᠶᠠᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号