ᠢᠷᠪᠢᠰ ᠵᠡᠭᠡᠯᠢ ᠠᠩᠬᠠᠳᠣᠭᠠᠷ ᠡᠭᠡᠯᠵᠢ ᠶᠢᠨ ᠪᠥᠬᠦ ᠬᠦᠮᠣᠰ ᠤᠨ ᠪᠥᠭᠡᠮ ᠬᠦᠴᠢᠯ ᠤᠨ ᠪᠠᠶᠢᠴᠠᠭᠠᠯᠳᠡ ᠬᠢᠬᠦ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2022/9/6
     ᠷᠡᠰᠢᠶᠠᠨ ᠬᠤᠳᠡ ᠶᠢᠨ ᠰᠢᠨ᠎ᠡ ᠲᠢᠳᠡᠮᠯᠢᠭ ᠠᠭᠤᠰᠬᠢᠨ ᠦᠷᠪᠢᠰᠤᠯ ᠤᠨ ᠬᠢᠵᠢᠭ   ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠡᠷ ᠤᠨ ᠲᠠᠷᠬᠠᠭᠠᠭᠰᠠᠨ ︹ 2022 ︺ 116 ᠳ᠋ᠤᠭᠠᠷ ᠲᠣᠭᠠᠲᠤ ︽ᠪᠥᠬᠦ ᠬᠦᠮᠣᠰ ᠲᠤ ᠪᠥᠭᠡᠮ ᠬᠦᠴᠢᠯ ᠤᠨ ᠪᠠᠶᠢᠴᠠᠭᠠᠯᠳᠡ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠢᠷᠪᠢᠰ ᠵᠡᠭᠡᠯᠢ ᠢᠳᠡᠪᠬᠢᠲᠡᠶ ᠴᠤᠤᠷᠢᠶᠠᠲᠤᠨ᠂ ᠮᠠᠰᠢ ᠲᠦᠷᠭᠡᠨ ᠢᠶᠠᠷ ᠪᠦᠭᠡᠮ ᠬᠦᠴᠢᠯ ᠤᠨ ᠪᠠᠶᠢᠴᠠᠭᠠᠯᠳᠠ ᠬᠢᠬᠦ ᠪᠠᠶᠢᠳᠠᠯ ᠳᠤ ᠣᠷᠣᠵᠤ᠂ 9 ᠰᠠᠷ᠎ᠠ ᠶᠢᠨ 4 ᠤ ᠡᠳᠦᠷ ᠤᠨ ᠥᠷᠯᠥᠭᠡ ᠶᠢᠨ 6 ᠴᠠᠭ ᠠᠴᠠ 19 ᠴᠠᠭ ᠪᠣᠯᠲᠠᠯ᠎ᠠ᠂ ᠬᠤᠳᠠ ᠶᠢᠨ ᠪᠥᠬᠦ  ᠬᠦᠮᠣᠰ ᠲᠤ ᠪᠥᠭᠡᠮ ᠬᠦᠴᠢᠯ ᠤᠨ ᠪᠠᠶᠢᠴᠠᠭᠠᠯᠳᠠ ᠶᠢᠨ ᠠᠩᠬᠠᠳᠣᠭᠠᠷ ᠡᠭᠡᠯᠵᠢ ᠶᠢᠨ ᠠᠵᠢᠯ ᠢ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠶᠠᠪᠤᠭᠳᠠᠭᠤᠯᠤᠭᠰᠠᠨ ᠪᠠᠶᠢᠨ᠎ᠠ᠃      ᠨᠢᠭᠡ᠂ ᠦᠳᠲᠡᠷ ᠲᠦᠷᠭᠡᠨ ᠲᠦᠯᠤᠪᠯᠡᠵᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠡ      9 ᠰᠠᠷ᠎ᠠ ᠶᠢᠨ 3 ᠤ ᠡᠳᠣᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠣᠭᠤᠳᠬᠤ ᠭᠠᠵᠠᠷ ᠤᠨ ᠬᠤᠳᠠ ᠶᠢᠨ ᠪᠦᠬᠦ ᠬᠦᠮᠣᠰ ᠲᠤ ᠪᠥᠭᠡᠮ ᠬᠦᠴᠢᠯ ᠤᠨ ᠪᠠᠶᠢᠴᠠᠭᠠᠯᠳᠡ ᠬᠢᠬᠦ ᠵᠠᠷᠯᠢᠭ ᠢ ᠣᠯᠤᠭᠰᠠᠨ ᠤ ᠳᠠᠷᠠᠭ᠎ᠠ᠂ ᠵᠡᠭᠡᠯᠢ ᠶᠢᠨ ᠪᠦᠬᠦ ᠠᠵᠢᠯᠲᠠᠳ ᠦᠳᠲᠡᠷ ᠲᠦᠷᠭᠡᠨ ᠢᠶᠠᠷ ᠠᠵᠢᠯ ᠤᠨ ᠪᠠᠶᠢᠷᠢᠨ ᠳᠤ ᠪᠠᠨ ᠭᠠᠷᠴᠤ᠂ ᠦᠯᠢᠭᠡᠷ ᠠᠪᠬᠤ ᠬᠤᠶᠠᠷ ᠴᠡᠭ ᠭᠠᠷᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠬᠤᠷᠠᠯ ᠬᠢᠵᠤ᠂ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠠᠴᠠ ᠪᠥᠭᠡᠮ ᠬᠦᠴᠢᠯ  ᠤᠨ ᠪᠠᠶᠢᠴᠠᠭᠠᠯᠳᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ ᠬᠤᠷᠠᠯ ᠠᠴᠠ ᠠᠵᠢᠯᠳᠠᠨ ᠤ ᠰᠠᠭᠤᠷᠢ ᠲᠤᠭ᠎ᠠ ᠶᠢ ᠲᠣᠳᠣᠷᠬᠶᠢᠯᠠᠵᠤ᠂ ᠤᠬᠠᠭᠤᠯᠤᠨ ᠳᠠᠶᠢᠴᠢᠯᠠᠬᠤ᠂ ᠴᠠᠭ ᠬᠤᠪᠢᠶᠠᠨ ᠦᠯᠢᠭᠡᠷ ᠠᠪᠬᠤ ᠲᠥᠯᠥᠪᠵᠢᠭᠦᠯᠭᠡ ᠵᠡᠷᠭᠡ ᠵᠦᠢᠯᠡᠰ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠶᠢᠨ ᠬᠠᠮᠲᠤ ᠮᠡᠳᠡᠭᠡ ᠵᠠᠩᠭᠢᠴᠢ᠂ ᠳᠠᠩᠰᠠᠯᠠᠭᠴᠢ ᠵᠡᠷᠭᠡ ᠴᠢᠬᠤᠯᠠ ᠠᠵᠢᠯ ᠤᠨ ᠪᠠᠶᠢᠷᠢ ᠶᠢᠨ ᠬᠥᠮᠦᠰ ᠲᠤ ᠪᠣᠯᠪᠠᠰᠤᠷᠠᠯ ᠬᠦᠷᠲᠡᠭᠡᠵᠡᠢ᠃      ᠬᠤᠶᠠᠷ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠡ      ᠡᠯ᠎ᠡ ᠥᠯᠢᠭᠡᠷ ᠠᠪᠬᠤ ᠭᠠᠵᠠᠷ ᠲᠤ ᠪᠡᠶ᠎ᠡ ᠶᠢᠨ ᠳᠤᠯᠠᠭᠠᠨ ᠢ ᠬᠡᠮᠵᠢᠬᠦ ᠭᠠᠵᠠᠷ᠂ ᠬᠦᠯᠢᠶᠡᠬᠦ ᠭᠠᠵᠠᠷ  ᠂ ᠳᠠᠩᠰᠠᠯᠠᠬᠤ ᠭᠠᠵᠠᠷ᠂ ᠥᠯᠢᠭᠡᠷ ᠠᠪᠬᠤ ᠭᠠᠵᠠᠷ ᠵᠡᠷᠭᠡ ᠣᠷᠣᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠭᠠᠷᠭᠠᠵᠤ᠂ ᠵᠡᠭᠡᠯᠢ ᠭᠤᠳᠤᠮᠵᠢ ᠶᠢᠨ ᠠᠵᠢᠯᠲᠠᠳ ᠲᠤᠬᠠᠶ ᠶᠢᠨ ᠲᠠᠯᠠᠪᠤᠷ ᠤᠨ ᠡᠮ ᠡᠮᠨᠡᠯᠭᠡ᠂ ᠳᠣᠲᠣᠭᠠᠳᠤ ᠶᠢ ᠬᠠᠮᠠᠭᠠᠯᠠᠬᠤ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠰᠠᠶᠢᠨ ᠳᠤᠷ᠎ᠠ ᠶᠢᠨ ᠤᠶᠢᠯᠡᠴᠢᠯᠡᠭᠴᠢ ᠲᠠᠢ ᠢᠳᠡᠪᠬᠢᠲᠡᠶ ᠬᠠᠮᠵᠢᠯᠴᠠᠵᠤ᠂ ᠪᠥᠭᠡᠮ ᠬᠦᠴᠢᠯ ᠤᠨ ᠪᠠᠶᠢᠴᠠᠭᠠᠯᠳᠡ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠡᠢ᠃ ᠬᠥᠮᠦᠰ ᠪᠦᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠡᠷᠬᠢᠯᠡᠭᠴᠢ ᠠᠴᠠ ᠰᠠᠭᠤᠭᠠᠯᠢ ᠠᠷᠠᠳ ᠲᠤ ᠦᠯᠢᠭᠡᠷ ᠠᠪᠬᠤ ᠴᠠᠭ ᠪᠠ ᠦᠯᠢᠭᠡᠷ ᠠᠪᠬᠤ ᠭᠠᠵᠡᠷ ᠤᠨ ᠪᠣᠳᠠᠲᠠᠶ ᠭᠠᠵᠡᠷ ᠢ ᠤᠷᠢᠳᠴᠢᠯᠠᠨ ᠮᠡᠳᠡᠭᠳᠡᠵᠦ᠂ ᠰᠠᠭᠤᠭᠠᠯᠢ ᠠᠷᠠᠳ ᠤᠨ ᠬᠦᠯᠢᠶᠡᠬᠦ ᠴᠠᠭ ᠢ ᠪᠠᠭᠠᠰᠬᠠᠵᠤ᠂ ᠪᠥᠭᠡᠮ ᠬᠦᠴᠢᠯ  ᠤᠨ ᠪᠠᠶᠢᠴᠠᠭᠠᠯᠳᠡ ᠶᠢᠨ ᠦᠶ᠎ᠡ ᠳᠤ ᠬᠥᠮᠦᠨ ᠴᠤᠭᠯᠠᠷᠠᠬᠤ ᠠᠴᠠ ᠵᠠᠶᠢᠯᠠᠰᠬᠢᠵᠦ᠂  ᠪᠠᠶᠢᠴᠠᠭᠠᠯᠳᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠲᠤᠬᠠᠢ ᠶᠢᠨ ᠲᠠᠯᠠᠪᠤᠷ ᠤᠨ ᠠᠵᠢᠯᠲᠠᠳ ᠪᠠᠰᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠠᠩᠭᠠᠬᠰᠠᠨ ᠪᠠᠶᠢᠨ᠎ᠠ᠃      9 ᠰᠠᠷ᠎ᠠ ᠶᠢᠨ 4 ᠤ ᠡᠳᠦᠷ᠂ ᠬᠤᠳᠠ ᠶᠢᠨ ᠪᠥᠬᠦ ᠬᠦᠮᠣᠰ ᠲᠤ ᠪᠥᠭᠡᠮ ᠬᠦᠴᠢᠯ ᠤᠨ ᠪᠠᠶᠢᠴᠠᠭᠠᠯᠳᠡ  ᠬᠢᠬᠦ ᠠᠵᠢᠯ ᠤᠷᠤᠭᠰᠢᠲᠠᠶ ᠶᠠᠪᠤᠭᠳᠠᠵᠤ᠂ ᠵᠣᠩᠬᠢᠯᠠᠬᠤ ᠣᠯᠠᠨ ᠲᠣᠭᠠᠨ ᠤ ᠰᠠᠭᠤᠭᠠᠯᠢ ᠠᠷᠠᠳ ᠴᠥᠮ ᠢᠳᠡᠪᠬᠢᠲᠡᠶ ᠬᠠᠮᠵᠢᠯᠴᠠᠨ᠂ ᠡᠮᠦᠨᠡᠬᠢ ᠬᠤᠭᠤᠴᠠᠭᠠᠨ ᠤ ᠳᠠᠶᠢᠴᠢᠯᠠᠯᠲᠠ ᠤᠬᠠᠭᠤᠯᠭ᠎ᠠ ᠶᠢᠨ ᠠᠵᠢᠯᠯᠠᠭ᠎ᠠ ᠨᠢ ᠢᠯᠡᠳᠲᠡ ᠦᠷ᠎ᠡ ᠪᠦᠲᠦᠮᠵᠢ ᠣᠯᠪᠡ᠃ 9 ᠰᠠᠷ᠎ᠠ ᠶᠢᠨ 4 ᠤ ᠡᠳᠦᠷ ᠤᠨ 19 ᠴᠠᠭ ᠪᠣᠯᠲᠠᠯ᠎ᠠ᠂ ᠢᠷᠪᠢᠰ ᠵᠡᠭᠡᠯᠢ ᠶᠢᠨ ᠬᠠᠷᠢᠶ᠎ᠠ ᠲᠣᠭᠤᠷᠢᠭ ᠤᠨ ᠠᠩᠬᠠᠳᠣᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠳᠡ ᠳᠤ ᠨᠡᠶᠢᠲᠡ 2917 ᠬᠥᠮᠦᠨ ᠣᠷᠣᠯᠴᠠᠪᠡ  ᠃      ᠭᠤᠷᠪᠠ᠂ ᠨᠠᠷᠢᠨ ᠨᠢᠮᠪᠠᠶ ᠪᠡᠯᠡᠳᠬᠡᠵᠦ ᠣᠶᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠪᠡ      ᠠᠷᠤ ᠲᠠᠯ᠎ᠠ ᠶᠢᠨ ᠣᠶᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ ᠠᠵᠢᠯᠲᠠᠨ ᠰᠥᠨᠢ ᠪᠠᠷ ᠪᠥᠭᠡᠮ ᠬᠦᠴᠢᠯ ᠤᠨ ᠪᠠᠶᠢᠴᠠᠭᠠᠯᠳᠡ ᠶᠢᠨ ᠡᠳ᠋ ᠪᠣᠳᠠᠰ ᠤᠨ ᠪᠡᠯᠡᠳᠬᠡᠯ ᠠᠵᠢᠯ ᠢ ᠰᠠᠶᠢᠳᠣᠷ ᠬᠢᠵᠣ᠂ ᠬᠡᠷᠡᠭᠰᠡᠬᠦ ᠡᠮᠴᠢᠯᠡᠭᠡᠨ ᠤ ᠬᠠᠮᠠᠭᠠᠯᠠᠯᠲᠠ ᠶᠢᠨ ᠬᠡᠷᠡᠭᠰᠡᠯ᠂ ᠰᠫᠢᠷᠲ᠂ ᠠᠷᠢᠭᠤᠳᠬᠠᠬᠤ ᠰᠢᠩᠭᠡᠨ᠂ ᠲᠤᠰᠠᠭᠠᠷᠯᠠᠬᠤ ᠪᠦᠰᠡ ᠵᠡᠷᠭᠡ ᠶᠢ ᠬᠡᠷᠡᠭᠴᠡᠭᠡ ᠶᠣᠰᠣᠭᠠᠷ ᠴᠠᠭ ᠲᠤᠬᠠᠶ ᠳᠤᠨᠢ ᠡᠯ᠎ᠡ ᠥᠯᠢᠭᠡᠷ ᠠᠪᠬᠤ ᠭᠠᠵᠠᠷ ᠲᠤ ᠲᠣᠬᠢᠷᠡᠭᠤᠯᠣᠨ ᠥᠭᠴᠦ᠂ ᠲᠤᠰᠬᠠᠶ ᠬᠥᠮᠦᠨ ᠢ ᠵᠣᠬᠢᠶᠠᠨ ᠪᠠᠶᠢᠭᠤᠯᠤᠨ ᠲᠣᠭᠲᠠᠭᠰᠠᠨ ᠴᠠᠭ ᠲᠤ ᠠᠷᠢᠭᠤᠳᠬᠠᠬᠤ ᠠᠵᠢᠯ ᠢ  ᠬᠢᠵᠤ᠂ ᠪᠥᠭᠡᠮ ᠬᠦᠴᠢᠯ ᠤᠨ ᠪᠠᠶᠢᠴᠠᠭᠠᠯᠳᠡ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠡᠢ᠃ ᠥᠷᠯᠥᠭᠡ ᠪᠠ ᠦᠳᠡ ᠶᠢᠨ ᠠᠵᠢᠯᠲᠠᠨ ᠤ ᠬᠤᠭᠤᠯᠠ ᠤᠮᠳᠠ ᠶᠢᠨ ᠠᠰᠠᠭᠤᠳᠠᠯ ᠢ ᠰᠠᠶᠢᠲᠤᠷ ᠪᠠᠲᠤᠯᠠᠵᠤ᠂ ᠦᠯᠢᠭᠡᠷ ᠠᠪᠬᠤ ᠭᠠᠵᠠᠷ ᠤᠨ ᠡᠮᠴᠢ ᠰᠤᠪᠢᠯᠠᠭᠴᠢ᠂ ᠵᠡᠭᠡᠯᠢ ᠭᠤᠳᠤᠮᠵᠢ ᠶᠢᠨ ᠺᠠᠳ᠋ᠷ᠂ ᠰᠠᠶᠢᠨ ᠳᠤᠷ᠎ᠠ ᠶᠢᠨ  ᠤᠶᠢᠯᠡᠴᠢᠯᠡᠭᠴᠢ ᠵᠡᠷᠭᠡ ᠠᠵᠢᠯᠲᠠᠨ ᠲᠤᠬᠠᠶ ᠶᠢᠨ ᠲᠠᠯᠠᠪᠤᠷ ᠤᠨ ᠪᠣᠳᠠᠲᠠᠶ ᠪᠠᠶᠢᠳᠠᠯ ᠢ ᠦᠨᠳᠦᠰᠦᠯᠡᠵᠤ ᠡᠭᠡᠯᠵᠢᠯᠡᠨ ᠵᠢᠵᠢᠭᠦᠷᠯᠡᠵᠦ᠂ ᠣᠯᠠᠨ ᠤ ᠪᠦᠭᠡᠮ ᠬᠦᠴᠢᠯ ᠤᠨ ᠪᠠᠶᠢᠴᠠᠭᠠᠯᠳᠠ ᠬᠢᠬᠦ ᠪᠣᠳᠠᠲᠤ ᠬᠦᠴᠦᠨ ᠢ ᠬᠠᠳᠠᠭᠠᠯᠠᠵᠡᠢ᠃      ᠪᠦᠬᠦ ᠠᠵᠢᠯᠲᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠢᠷᠪᠢᠰ ᠵᠡᠭᠡᠯᠢ ᠨᠢᠭᠡᠳᠦᠭᠡᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠳᠡ ᠶᠢᠨ ᠠᠵᠢᠯ ᠢ ᠠᠮᠤᠷ ᠲᠦᠪᠰᠢᠨ ᠡᠮᠬᠢ ᠳᠢᠭᠯᠢᠮ ᠲᠠᠢ ᠠᠩᠬ᠎ᠠ ᠠᠯᠬᠤᠮ ᠪᠡᠶᠡᠯᠡᠭᠦᠯᠪᠡ᠃ 9 ᠰᠠᠷ᠎ᠠ ᠶᠢᠨ 4 ᠤ ᠣᠷᠣᠶ᠂ ᠬᠡᠰᠡᠭ ᠴᠢᠬᠤᠯᠠ ᠠᠵᠢᠯ ᠤᠨ ᠪᠠᠶᠢᠷᠢ ᠶᠢᠨ ᠬᠥᠮᠦᠰ ᠰᠠᠭᠤᠳᠡᠯ ᠤᠨ ᠬᠤᠷᠠᠯ ᠬᠢᠵᠤ᠂ ᠪᠥᠭᠡᠮ ᠬᠦᠴᠢᠯ ᠤᠨ ᠪᠠᠶᠢᠴᠠᠭᠠᠯᠳᠡ ᠶᠢᠨ ᠠᠵᠢᠯ ᠳᠤ ᠳᠤᠲᠠᠭᠤ ᠶᠢ  ᠨᠥᠬᠦᠪᠥᠷᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠴᠡᠭᠴᠡᠯᠡᠨ ᠥᠭᠡᠷᠡᠴᠢᠯᠡᠪᠡ᠃ ᠡᠭᠦᠨ ᠤ ᠬᠠᠮᠲᠤ᠂ ᠰᠡᠭᠦᠯ ᠬᠤᠷᠢᠶᠠᠬᠤ ᠠᠵᠢᠯ ᠢ ᠰᠠᠶᠢᠲᠤᠷ ᠪᠦᠷᠢᠳᠬᠡᠵᠦ᠂ ᠢᠯᠠᠩᠭᠤᠶ᠎ᠠ ᠪᠠᠰᠠ ᠥᠯᠢᠭᠡᠷ ᠠᠪᠬᠤ ᠴᠢᠬᠤᠯᠠᠲᠠᠶ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠨᠳᠦᠰᠦᠨ ᠰᠤᠷᠠᠭ ᠵᠠᠩᠭᠢ ᠶᠢ ᠰᠠᠶᠢᠲᠤᠷ ᠪᠦᠷᠢᠳᠬᠡᠨ᠂ ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠵᠤ᠂ ᠨᠢᠭᠡ ᠡᠷᠦᠬᠡ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠰᠠᠨ ᠪᠠᠶᠢᠨ᠎ᠠ᠃      
 
ᠢᠷᠡᠯᠲᠡ᠄ ᠷᠠᠰᠢᠶᠠᠨ ᠬᠤᠳᠠ ᠶᠢᠨ ᠢᠷᠪᠢᠰ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号