ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ ᠮᠡᠬᠡᠯᠡᠯ ᠳᠤ  ᠴᠢᠩᠭ᠎ᠠ ᠴᠣᠬᠢᠯᠲᠠ ᠦᠭᠬᠦ ᠲᠣᠬᠠᠢ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/9/8
     ᠬᠠᠷᠢᠶ᠎ᠠ ᠣᠷᠣᠨ ᠳᠠᠬᠢ ᠨᠠᠰᠤᠲᠠᠶᠢᠴᠤᠳ ᠤᠨ ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ ᠮᠡᠬᠡᠯᠡᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠰᠤᠵᠢᠯ ᠤᠨ ᠠᠰᠠᠷᠡᠮᠵᠢ ᠶᠢᠨ ᠮᠦᠩᠬᠦ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠤᠬᠠᠭᠤᠯᠭ᠎ᠠ ᠶᠢᠨ ᠳᠤᠭᠤᠶᠢᠯᠠᠩ ᠤᠨ ᠬᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠪᠣᠳᠡᠳᠣ ᠬᠡᠷᠡᠭ ᠤᠨ ᠵᠢᠱᠢᠶ᠎ᠡ ᠲᠠᠢ ᠣᠶᠠᠯᠳᠣᠭᠤᠯᠵᠣ ᠲᠠᠶᠢᠯᠪᠤᠷᠢᠯᠠᠬᠤ ᠬᠡᠯᠪᠡᠷᠢ ᠪᠠᠷ ᠣᠯᠠᠨ ᠲᠦᠮᠡᠨ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠦᠰ ᠢ ᠤᠬᠠᠭᠤᠯᠤᠨ ᠬᠥᠲᠥᠯᠦᠨ ᠵᠢᠯᠣᠭᠤᠳᠴᠣ᠂ ᠨᠠᠰᠤᠲᠠᠶᠢᠴᠤᠳ ᠲᠤ ︽ᠪᠠᠯᠠ ᠣᠷᠣᠭᠤᠯᠤᠯᠲᠠ ᠪᠠᠷ ᠠᠰᠢᠭ ᠤᠯᠬᠤ︾ ︽ᠡᠮ ᠤᠤᠭᠤᠪᠠᠯ ᠡᠪᠡᠳᠴᠢᠨ ᠨᠢ ᠠᠷᠢᠯᠬᠤ︾ ᠵᠡᠷᠭᠡ ᠮᠡᠬᠡᠯᠡᠯ ᠢ ᠠᠮᠠᠷᠬᠠᠨ ᠢᠲᠡᠭᠡᠵᠦ ᠪᠣᠯᠬᠤ ᠥᠬᠡᠶ ᠭᠡᠵᠦ ᠰᠠᠨᠠᠭᠤᠯᠵᠤ᠂ ᠨᠠᠰᠤᠲᠠᠶᠢᠴᠤᠳ ᠤᠨ ᠣᠶᠤᠨᠴᠢ ᠪᠠᠷ ᠬᠡᠷᠡᠭᠯᠡᠭᠡ ᠬᠢᠬᠦ ᠶᠢ ᠬᠥᠲᠥᠯᠦᠨ ᠵᠢᠯᠣᠭᠤᠳᠴᠤ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠪᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠡᠶ᠃ ᠣᠲᠣ ᠪᠣᠯᠲᠠᠯ᠎ᠠ᠂ ᠨᠡᠶᠢᠲᠡ 6 ᠲᠠᠯᠠᠪᠤᠷ ᠤᠳᠠᠭ᠎ᠠ  ᠣᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠭᠰᠠᠨ ᠪᠠᠶᠢᠨ᠎ᠠ᠃      ᠲᠠᠷᠠᠭᠠᠴᠢ ᠪᠠᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠮᠡᠬᠡᠯᠡᠯ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ︽ᠬᠠᠭᠤᠷᠴᠤ ᠮᠡᠬᠡᠯᠡᠬᠦ ᠶᠢ ᠡᠰᠡᠷᠭᠦᠴᠡᠬᠦ ᠪᠠ ᠬᠠᠭᠤᠷᠴᠤ ᠮᠡᠬᠡᠯᠡᠬᠦ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠬᠡᠷᠡᠮ ᠢ ᠪᠠᠲᠤ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ︽ᠵᠣᠭᠤᠰᠣᠨ ᠤᠭᠤᠲᠠ︾ ᠶᠢ ᠰᠠᠬᠢᠨ ᠬᠠᠮᠠᠭᠠᠯᠠᠨ᠎ᠠ᠃
 
ᠢᠷᠡᠯᠲᠡ᠄ ᠷᠡᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号