ᠷᠠᠰᠢᠶᠠᠨ ᠬᠤᠲᠠ ᠪᠥᠬᠦ ᠤᠷᠤᠨ ᠪᠦᠰᠡ ᠶᠢᠨ ᠵᠣᠭᠠᠴᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/1/10
     ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2300 ᠲᠦᠮᠡᠨ ᠲᠥᠭᠦᠷᠢᠭ ᠪᠠᠶᠢᠵᠤ᠂ ᠭᠤᠣᠯᠳᠠᠭᠤ ᠣᠶᠤᠨᠴᠢ ᠵᠣᠭᠠᠴᠠᠯ ᠤᠨ ᠲᠣᠮᠣ ᠳ᠋ᠠᠶᠢᠲ᠋ᠠ ᠶᠢᠨ ᠲᠥᠪ᠂ ᠰᠣᠶᠣᠯ ᠵᠣᠭᠠᠴᠠᠯ ᠤᠨ ᠠᠵᠤ ᠦᠢᠯᠡᠰ ᠤᠨ ᠠᠵᠢᠯᠯᠠᠭᠠᠨ ᠢ ᠬᠢᠨᠠᠨ ᠬᠡᠮᠵᠢᠬᠦ ᠪᠠ ᠵᠢᠯᠣᠭᠤᠳᠤᠨ ᠲᠣᠬᠢᠷᠠᠭᠤᠯᠬᠤ ᠲᠠᠪᠴᠠᠩ᠂ ᠣᠶᠤᠨᠴᠢ ᠵᠣᠭᠠᠴᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠶᠤᠨᠴᠢ ᠬᠠᠮᠢᠶᠠᠷᠤᠯᠲᠠ᠂ ᠰᠣᠶᠣᠯ ᠵᠣᠭᠠᠴᠠᠯ ᠤᠨ ᠦᠢᠯᠡᠴᠢᠯᠡᠭᠡ᠂ ᠡᠵᠡᠩᠨᠡᠨ ᠪᠣᠷᠣᠯᠠᠭᠤᠯᠵᠤ ᠲᠦᠭᠡᠮᠠᠯᠵᠢᠬᠦᠯᠬᠦ ᠵᠡᠷᠭᠡ ᠭᠤᠷᠪᠠᠨ ᠲᠣᠮᠣ ᠬᠡᠰᠡᠭ ᠢ ᠬᠠᠮᠤᠷᠴᠤ᠂ ᠵᠢᠯᠣᠭᠤᠴᠢ ᠦᠭᠡᠢ ᠨᠢᠰᠬᠡᠯ ᠤᠨ ᠲᠣᠬᠢᠷᠠᠭᠤᠯᠤᠯᠲᠠ᠂ ᠬᠠᠯᠠᠭᠤᠨ ᠷᠠᠰᠢᠶᠠᠨ ᠤ ᠬᠢᠨᠠᠨ ᠬᠡᠮᠵᠢᠯᠲᠡ ᠵᠡᠷᠭᠡ 13 ᠵᠦᠢᠯ ᠤᠨ ᠬᠡᠰᠡᠭ᠂ ᠵᠠᠭᠤ ᠭᠠᠷᠤᠢ ᠵᠦᠢᠯ ᠤᠨ ᠴᠢᠳᠠᠮᠵᠢ ᠶᠢ ᠪᠠᠭᠲᠠᠭᠠᠨ᠎ᠠ᠃ ᠣᠳᠣᠬᠠᠨ ᠳᠤ᠂ ᠨᠢᠭᠡᠨᠲᠡ 2000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦᠶᠢᠯᠡ ᠲᠥᠷᠥᠯ ᠵᠦᠢᠯ ᠤᠨ ᠠᠬᠢᠴᠠ ᠶᠢᠨ 85% ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ 6 ᠰᠠᠷ᠎ᠠ ᠳᠤ ᠠᠵᠢᠯ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠤᠷᠤᠭᠤᠯᠤᠨ᠎ᠠ᠃
 
ᠢᠷᠡᠯᠲᠡ᠄ ᠷᠠᠰᠢᠶᠠᠨ ᠬᠤᠲᠠ ᠶᠢᠨ ᠨᠠᠮ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号