ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2023 ᠣᠨ ᠤ 3 ᠳ᠋ᠤᠭᠠᠷ ᠬᠤᠭᠤᠴᠠᠭ᠎ᠠ ︵ᠨᠠᠶᠢᠳᠡ 11 ᠳ᠋ᠣᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2023/10/16
ᠷᠡᠰᠢᠶᠠᠨ ᠬᠤᠳᠡ ᠶᠢᠨ ᠠᠷᠠᠳ ᠤᠨ ᠵᠠᠰᠠᠭ ᠤᠨ ᠣᠷᠳᠣᠨ ᠤ 6 ᠳ᠋ᠤᠭᠠᠷ ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ︾ ᠶᠢ ᠠᠬᠢᠭᠤᠯᠤᠭᠰᠠᠨ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ      ᠡᠯ᠎ᠡ ᠪᠠᠯᠭᠠᠰᠤ ᠵᠡᠭᠡᠯᠢ᠂ ᠡᠯ᠎ᠡ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠢ ᠳᠤ᠄      ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ﹀  ᠶᠢ ᠦᠨᠡᠯᠡᠨ ᠶᠠᠷᠢᠯᠴᠠᠬᠤ ᠲᠣᠭᠲᠠᠴᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ 6 ᠳ᠋ᠤᠭᠠᠷ ᠰᠠᠷ᠎ᠠ ᠳᠠᠬᠢ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ︾ ᠶᠢ ᠦᠨᠡᠯᠡᠨ ᠶᠠᠷᠢᠯᠴᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠨᠡᠷᠡᠰ ᠤᠨ ᠵᠢᠭᠰᠠᠭᠠᠯᠲᠠ ᠶᠢᠨ ᠡᠮᠦᠨ᠎ᠡ ᠪᠠᠶᠢᠭ᠎ᠠ ᠪᠠᠯᠭᠠᠰᠤ ᠵᠡᠭᠡᠯᠢ ᠪᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ      ᠪᠠᠯᠭᠠᠰᠣ ᠵᠡᠭᠡᠯᠢ ᠶᠢᠨ ᠳᠤᠭᠤᠶᠢᠯᠠᠩ᠄ ᠪᠠᠢ ᠯᠠᠩ ᠪᠠᠯᠭᠠᠰᠤ᠂ ᠦ᠋ ᠴᠠ ᠭᠧᠦ ᠪᠠᠯᠭᠠᠰᠤ      ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠬᠤᠶᠠᠷ᠂ ᠨᠡᠷᠡᠰ ᠤᠨ ᠵᠢᠭᠰᠠᠭᠠᠯᠲᠠ ᠶᠢᠨ ᠠᠷᠤ ᠳᠤ ᠵᠢᠭᠰᠠᠭᠠᠭᠳᠠᠭᠰᠠᠨ ᠪᠠᠯᠭᠠᠰᠤ ᠵᠡᠭᠡᠯᠢ ᠪᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠢ      ᠪᠠᠯᠭᠠᠰᠣ ᠵᠡᠭᠡᠯᠢ   ᠶᠢᠨ ᠳᠤᠭᠤᠶᠢᠯᠠᠩ᠄ ᠰᠢᠨ ᠴᠧᠩ ᠵᠡᠭᠡᠯᠢ᠂ ᠯᠢᠨ ᠬᠠᠢ ᠵᠡᠭᠡᠯᠢ      ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠢ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      ᠬᠤᠯᠪᠣᠭᠳᠠᠬᠤ ᠪᠠᠯᠭᠠᠰᠤ ᠵᠡᠭᠡᠯᠢ ᠪᠣᠯᠣᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠢ ᠨᠦᠭᠦᠳ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ᠂ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 6 ᠳ᠋ᠤᠭᠠᠷ ᠰᠠᠷ᠎ᠠ ᠳᠤ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ︾ ᠦᠨᠡᠯᠡᠯᠲᠡ                                    2023 ᠣᠨ ᠤ 8 ᠰᠠᠷ᠎ᠠ ᠶᠢᠨ 2 ᠤ ᠡᠳᠣᠷ      ※ᠳᠠᠭᠠᠯᠳᠤᠭᠤᠯᠤᠯ ︵ᠨᠠᠷᠢᠨ ᠠᠭᠤᠯᠭ᠎ᠠ︶ ᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号