ᠷᠠᠰᠢᠶᠠᠨ ᠬᠤᠳᠠ ᠠᠯᠢ ᠤᠯᠠᠨ ᠰᠢᠷᠢᠰ ᠠᠵᠢᠯᠯᠠᠭ᠎ᠠ ᠪᠠᠷ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠵᠤ ᠪᠤᠢ
ᠨᠡᠶᠢᠲᠡᠯᠡᠭᠰᠡᠨ ᠴᠠᠭ᠄
2023/11/10
     ᠬᠢᠩᠭᠠᠨ ᠠᠶᠢᠮᠠᠭ ᠪᠦᠬᠦ ᠤᠯᠤᠰ ᠤᠨ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠠ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠬᠤ ᠳᠤ ᠬᠠᠪᠰᠤᠷᠤᠮᠵᠢ ᠬᠦᠴᠦᠨ ᠪᠤᠯᠬᠤ ᠪᠠᠷ ᠷᠠᠰᠢᠶᠠᠨ ᠬᠤᠳᠠ ︽ᠳᠤᠮᠳᠠᠳᠤ ᠶᠢᠨ ᠰᠤᠶᠤᠯ ᠢ ᠤᠯᠠᠨ ᠢᠶᠠᠷ ᠢᠶᠠᠨ ᠰᠤᠷᠤᠯᠴᠠᠶ᠎ᠠ︾᠂ ︽ᠨᠠᠮ ᠤᠨ ᠦᠭᠡ ᠶᠢ ᠰᠤᠨᠤᠰᠴᠤ ᠨᠠᠮ ᠤᠨ ᠠᠴᠢ ᠡᠨᠡᠷᠢᠯ ᠳᠤ ᠳᠠᠯᠠᠷᠬᠠᠵᠤ ᠨᠡᠮ ᠢᠶᠠᠨ ᠡᠭᠦᠷᠢᠳᠡ ᠳᠠᠭᠠᠶ᠎ᠠ︾᠂ ︽ᠭᠠᠷ ᠭᠠᠷ ᠢᠶᠠᠨ ᠬᠤᠯᠪᠤᠯᠴᠠᠨ ᠰᠡᠳᠭᠢᠯ ᠢᠶᠠᠨ ᠨᠢᠭᠡᠳᠭᠡᠵᠤ ᠬᠢᠯᠢ ᠬᠢᠵᠠᠭᠠᠷ ᠢᠶᠠᠨ ᠪᠦᠳᠦᠭᠡᠨ ᠪᠠᠶᠢᠭᠤᠯᠤᠶ᠎ᠡ︾ ᠵᠡᠷᠭᠡ ᠪᠠᠷ ᠭᠤᠤᠯ ᠰᠡᠳᠤᠪ ᠪᠤᠯᠭᠠᠭᠰᠠᠨ ︽ᠠᠨᠠᠷ ᠤᠨ ᠦᠷ᠎ᠡ ᠰᠢᠭ ᠨᠢᠭᠳᠠᠷᠠᠨ ᠬᠦᠰᠡᠯ ᠵᠡᠭᠦᠳᠤ ᠪᠠᠨ ᠳᠡᠷᠭᠡᠯᠰᠢᠭᠦᠯᠬᠦ ︾ ᠰᠢᠷᠢᠰ ᠠᠵᠢᠯᠯᠠᠭ᠎ᠠ ᠦᠷᠨᠢᠭᠦᠯᠦᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠵᠤ ᠪᠤᠢ᠃      ᠡᠨᠡ ᠵᠢᠯ ᠠᠴᠠ ᠨᠠᠭᠠᠰᠢ᠂ ᠷᠠᠰᠢᠶᠠᠨ ᠬᠤᠳᠠ ︽ᠠᠨᠠᠷ ᠤᠨ ᠦᠷ᠎ᠡ ᠰᠢᠭ ᠨᠢᠭᠳᠠᠷᠠᠨ ᠬᠦᠰᠡᠯ ᠵᠡᠭᠦᠳᠤ ᠪᠠᠨ ᠳᠡᠷᠭᠡᠯᠰᠢᠭᠦᠯᠬᠦ︾ ᠰᠢᠷᠢᠰ ᠠᠵᠢᠯᠯᠠᠭ᠎ᠠ ᠶᠢ ᠨᠡᠶᠢᠳᠡ 1561 ᠳᠠᠯᠠᠪᠠᠢ ᠥᠷᠨᠢᠭᠦᠯᠵᠥ᠂ 99838 ᠬᠦᠮᠦᠨ ︵ᠤᠳᠠᠭ᠎ᠠ︶ ᠤᠷᠤᠯᠴᠠᠪᠠ᠃ ︽ᠳᠤᠮᠳᠠᠳᠤ ᠶᠢᠨ ᠰᠤᠶᠤᠯ ᠢ ᠤᠯᠠᠨ ᠢᠶᠠᠷ ᠢᠶᠠᠨ ᠰᠤᠷᠤᠯᠴᠠᠶ᠎ᠠ︾ ᠭᠡᠬᠦ ᠭᠤᠤᠯ ᠰᠡᠳᠤᠪᠳᠤ ᠠᠵᠢᠯᠯᠠᠭ᠎ᠠ ᠦᠷᠨᠢᠭᠦᠯᠵᠤ᠂ ᠡᠯ᠎ᠡ ᠦᠨᠳᠦᠰᠦᠳᠡᠨ ᠤ ᠤᠯᠠᠨ ᠳᠦᠮᠡᠨ ᠳᠤ ᠳᠤᠮᠳᠠᠳᠤ ᠶᠢᠨ ᠦᠨᠳᠦᠰᠦᠳᠡᠨ ᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠪᠠ ᠡᠷᠭᠢᠮ ᠳᠡᠭᠡᠳᠤ ᠶᠤᠰᠤ ᠰᠤᠷᠳᠠᠬᠤᠨ ᠤ ᠤᠯᠠᠮᠵᠢᠯᠠᠯ ᠢ ᠳᠠᠨᠢᠭᠤᠯᠤᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠵᠠᠢ᠃ ᠬᠦᠳᠡᠭᠡ ᠳᠤᠰᠬᠤᠨ ᠮᠠᠯᠵᠢᠬᠤ ᠤᠷᠤᠨ ᠢᠶᠠᠷ ︽ᠨᠠᠮ ᠤᠨ ᠦᠭᠡ ᠶᠢ ᠰᠤᠨᠤᠰᠴᠤ ᠨᠠᠮ ᠤᠨ ᠠᠴᠢ ᠡᠨᠡᠷᠢᠯ ᠳᠤ ᠳᠠᠯᠠᠷᠬᠠᠵᠤ ᠨᠠᠮ ᠢᠶᠠᠨ ᠡᠭᠦᠷᠢᠳᠡ ᠲᠠᠭᠠᠶ᠎ᠠ︾ ᠭᠡᠬᠦ ᠭᠤᠤᠯ ᠰᠡᠳᠤᠪᠳᠤ ᠠᠵᠢᠯᠯᠠᠭ᠎ᠠ ᠦᠷᠨᠢᠭᠦᠯᠵᠤ᠂ ᠤᠯᠠᠨ ᠳᠦᠮᠡᠨ ᠳᠤ ᠨᠠᠮ ᠤᠨ ᠭᠡᠷᠡᠯ ᠰᠡᠴᠤᠷᠠᠩᠭᠤᠢ ᠳᠡᠤᠬᠡ ᠶᠢ ᠤᠶᠢᠯᠠᠭᠠᠭᠤᠯᠵᠤ᠂ ︽ᠳᠦᠷᠪᠡᠨ ᠬᠠᠮᠳᠤ︾ ᠶᠢᠨ ᠬᠠᠮᠳᠤ ᠴᠤᠭᠴᠠ ᠶᠢᠨ ᠤᠬᠠᠮᠰᠠᠷ ᠢ ᠪᠠᠳᠤ ᠪᠤᠢ ᠪᠤᠯᠭᠠᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠯᠤᠰ ᠳᠦᠷᠦ ᠶᠢᠨ ᠰᠠᠭᠤᠷᠢ᠂ ᠦᠵᠡᠯ ᠰᠠᠨᠠᠭᠠᠨ ᠤ ᠰᠠᠭᠤᠷᠢ ᠪᠤᠯᠤᠨ ᠰᠤᠶᠤᠯ ᠤᠨ ᠰᠠᠭᠤᠷᠢ ᠶᠢ ᠪᠠᠬᠢᠵᠢᠭᠦᠯᠵᠡᠢ᠃ ᠨᠡᠶᠢᠭᠡᠮ ᠳᠤᠭᠤᠷᠢᠭ ᠲᠤ ︽ᠬᠠᠷᠢᠯᠴᠠᠨ ᠬᠠᠪᠰᠤᠷᠴᠤ ᠬᠠᠷᠢᠯᠴᠠᠨ ᠳᠡᠳᠬᠦᠬᠦ︾ ᠠᠵᠢᠯᠯᠠᠭ᠎ᠠ ᠦᠷᠨᠢᠭᠦᠯᠵᠤ᠂ ᠡᠯ᠎ᠠ ᠦᠨᠳᠦᠰᠦᠳᠡᠨ ᠤ ᠤᠯᠠᠨ ᠳᠦᠮᠡᠨ ᠢ ᠠᠨᠠᠷ ᠤᠨ ᠦᠷ᠎ᠡ ᠰᠢᠭ ᠨᠢᠭᠳᠠᠷᠠᠭᠤᠯᠤᠨ ᠪᠦᠯᠬᠦᠮᠳᠡᠭᠦᠯᠵᠤ᠂ ᠡᠯ᠎ᠡ ᠦᠨᠳᠦᠰᠦᠳᠡᠨ ᠤ ᠤᠯᠠᠨ ᠳᠦᠮᠡᠨ ᠤ ᠦᠷᠭᠡᠨ ᠢᠶᠠᠷ ᠶᠠᠪᠤᠯᠴᠠᠵᠤ᠂ ᠪᠦᠬᠦ ᠳᠠᠯ᠎ᠠ ᠪᠠᠷ ᠰᠤᠯᠢᠯᠴᠠᠨ᠂ ᠬᠦᠨᠵᠡᠭᠡᠢ ᠨᠡᠪᠳᠡᠷᠡᠯᠴᠡᠬᠦ ᠶᠢ ᠠᠬᠢᠭᠤᠯᠵᠠᠢ᠃ ᠰᠤᠷᠭᠠᠨ ᠬᠦᠮᠦᠵᠢᠯ ᠤᠨ ᠰᠢᠰᠲ᠋ᠧᠮ ᠳᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠦᠮᠦᠵᠢᠯ ᠳᠤ ᠬᠠᠪᠰᠤᠷᠤᠮᠵᠢ ᠪᠤᠯᠵᠤ ᠰᠤᠷᠤᠯᠴᠠᠯᠭ᠎ᠠ ᠳᠤ ᠬᠠᠪᠰᠤᠷᠤᠮᠵᠢ ᠪᠤᠯᠬᠤ︾ ᠠᠵᠢᠯᠯᠠᠭ᠎ᠠ ᠦᠷᠨᠢᠭᠦᠯᠵᠤ᠂ ᠵᠠᠯᠠᠭᠤ ᠪᠠᠭᠠᠴᠤᠳ ᠢ ᠬᠠᠪᠰᠤᠷᠤᠨ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠤᠯᠠᠮ ᠪᠠᠳᠤᠳᠬᠠᠵᠠᠢ᠃ ᠬᠢᠯᠢ ᠬᠢᠵᠠᠭᠠᠷ ᠤᠷᠤᠨ ᠳᠤ ︽ᠰᠡᠳᠭᠢᠯ ᠢᠶᠠᠨ ᠨᠢᠭᠡᠳᠭᠡᠵᠤ ᠬᠢᠯᠢ ᠬᠢᠵᠠᠭᠠᠷ ᠢᠶᠠᠨ ᠪᠦᠳᠦᠭᠡᠨ ᠪᠠᠶᠢᠭᠤᠯᠤᠶ᠎ᠠ︾ ᠭᠡᠬᠦ ᠭᠤᠤᠯ ᠰᠡᠳᠤᠪᠳᠤ ᠠᠵᠢᠯᠯᠠᠭ᠎ᠠ ᠦᠷᠨᠢᠭᠦᠯᠵᠤ᠂ ᠴᠡᠷᠢᠭ ᠴᠠᠭᠳᠠᠭ᠎ᠠ ᠪᠠ ᠡᠯ᠎ᠡ ᠦᠨᠳᠦᠰᠦᠳᠡᠨ ᠤ ᠤᠯᠠᠨ ᠳᠦᠮᠡᠨ ᠤ ᠰᠡᠳᠭᠢᠯ ᠢ ᠨᠢᠭᠳᠠᠷᠠᠭᠤᠯᠤᠨ᠂ ︽ᠬᠢᠯᠢ ᠬᠢᠵᠠᠭᠠᠷ ᠲᠤ ᠦᠨᠳᠦᠰᠦᠯᠡᠨ᠂ ᠨᠠᠮ ᠢᠶᠠᠨ ᠳᠠᠭᠠᠬᠤ︾ ᠬᠠᠮᠳᠤ ᠶᠢᠨ ᠳᠠᠨᠢᠯᠳᠠ ᠶᠢ ᠪᠤᠢ ᠪᠤᠯᠭᠠᠨ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠳᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠳᠤ ᠨᠠᠮ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠳᠤᠬᠠᠢ ᠲᠠᠨᠢᠯᠳᠠ ᠶᠢ ᠪᠠᠬᠢᠵᠢᠭᠦᠯᠪᠡ᠃ ︵ᠯᠢᠤ ᠪᠦᠸᠧ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号