ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠭᠤᠤᠯ ᠰᠡᠳᠤᠪᠳᠤ ᠬᠦᠮᠦᠵᠢᠯ ᠤᠨ ᠰᠤᠷᠤᠯᠴᠠᠯᠭ᠎ᠠ ᠳᠤ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2023/11/10
     ᠤᠶᠢᠷ᠎ᠠ ᠳᠤ᠂ ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠠᠴᠠ ᠲᠢᠶᠠᠨ ‍ᠤᠤᠢ ᠪᠠᠯᠭᠠᠰᠤᠨ ᠤ ᠢᠷᠪᠢᠰ ᠳᠤᠰᠬᠤᠨ ᠳᠤ ᠬᠦᠷᠴᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠭᠤᠤᠯ ᠰᠡᠳᠤᠪᠳᠤ ᠬᠦᠮᠦᠵᠢᠯ ᠤᠨ ᠰᠤᠷᠤᠯᠴᠠᠯᠭ᠎ᠠ ᠶᠢ ᠵᠢᠯᠤᠭᠤᠳᠪᠠ᠃      ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠠᠴᠠ ᠭᠤᠤᠯ ᠰᠡᠳᠤᠪᠳᠤ ᠬᠦᠮᠦᠵᠢᠯ ᠤᠨ ᠰᠤᠷᠤᠯᠴᠠᠯᠭ᠎ᠠ ᠶᠢ ᠵᠢᠯᠤᠭᠤᠳᠬᠤ ᠳᠠᠭᠠᠨ᠂ ᠬᠠᠮᠤᠭ ᠳᠡᠷᠢᠭᠦᠨ ᠳᠤ ᠢᠷᠪᠢᠰ ᠳᠤᠰᠬᠤᠨ ᠤ ᠨᠠᠮ ᠤᠨ ᠭᠡᠰᠢᠭᠦᠨ ᠤᠯᠠᠨ ᠳᠦᠮᠡᠨ ᠳᠤ ᠦᠢᠯᠡᠴᠢᠯᠡᠬᠦ ᠳᠦᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠭᠤᠤᠯ ᠰᠡᠳᠤᠪᠳᠤ ᠬᠦᠮᠦᠵᠢᠯ ᠢ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠤᠯᠳᠡ ᠶᠢ ᠰᠤᠨᠤᠰᠴᠤ᠂ ᠭᠤᠤᠯ ᠰᠡᠳᠤᠪᠳᠤ ᠬᠦᠮᠦᠵᠢᠯ ᠢ ᠰᠤᠷᠤᠯᠴᠠᠨ ᠳᠤᠭᠤᠰᠢᠯᠠᠭᠤᠯᠬᠤ ᠰᠡᠳᠭᠢᠴᠡ ᠠᠷᠭ᠎ᠠ ᠪᠤᠳᠤᠯᠭ᠎ᠠ ᠶᠢ ᠬᠠᠮᠳᠤᠪᠠᠷ ᠶᠠᠷᠢᠯᠴᠠᠪᠠ᠃      ᠷᠠᠰᠢᠶᠠᠨ ᠬᠤᠳᠠ ᠵᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠭᠤᠤᠯ ᠰᠡᠳᠤᠪᠳᠤ ᠬᠦᠮᠦᠵᠢᠯ ᠪᠤᠯ ᠤᠳᠤᠬᠠᠨ ᠤ ᠴᠢᠬᠤᠯᠠ ᠤᠯᠤᠰ ᠳᠦᠷᠦ ᠶᠢᠨ ᠡᠭᠦᠷᠭᠡ ᠪᠤᠯᠤᠨ᠎ᠠ᠂ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠵᠢᠳᠭᠦᠯ ᠭᠠᠷᠭᠠᠬᠤ︾ ᠶᠡᠷᠦᠩᠬᠡᠢ ᠱᠠᠭᠠᠷᠳᠠᠯᠭ᠎ᠠ ᠶᠢ ᠪᠠᠳᠤ ᠡᠵᠡᠮᠳᠡᠵᠤ᠂ ᠦᠨᠳᠦᠰᠦᠨ ᠱᠠᠳᠤᠨ ᠤ ᠨᠠᠮ ᠤᠨ ᠬᠡᠰᠢᠭᠦᠨ ᠪᠤᠯᠤᠨ ᠪᠠᠯᠭᠠᠰᠤ ᠳᠤᠰᠬᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠪᠤᠳᠠᠳᠠᠢ᠂ ᠪᠦᠲᠦᠮᠵᠢᠳᠡᠢ ᠰᠤᠷᠤᠯᠴᠠᠯᠭ᠎ᠠ ᠶᠢᠨ ᠳᠦᠯᠦᠪᠯᠡᠭᠡ ᠪᠠ ᠬᠦᠳᠦᠯᠪᠦᠷᠢ ᠳᠤᠭᠳᠠᠭᠠᠵᠤ᠂ ᠰᠤᠷᠤᠯᠴᠠᠬᠤ ᠰᠡᠳᠭᠢᠬᠦ ᠬᠡᠷᠡᠭᠯᠡᠬᠦ ᠶᠢ ᠨᠡᠪᠳᠡᠷᠡᠯᠴᠡᠭᠦᠯᠵᠤ᠂ ᠮᠡᠳᠡᠬᠦ ᠢᠳᠡᠭᠡᠬᠦ ᠬᠢᠬᠦ ᠶᠢ ᠨᠢᠭᠡᠳᠭᠡᠬᠦ ᠬᠡᠷᠡᠭᠳᠡᠢ᠃ ︽ᠰᠤᠷᠤᠯᠴᠠᠯᠭ᠎ᠠ ᠪᠠᠷ ᠰᠦᠭ ᠰᠦᠨᠡᠰᠤ ᠶᠢ ᠱᠤᠭᠤᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠵᠤ᠂ ᠰᠤᠷᠤᠯᠴᠠᠯᠭ᠎ᠠ ᠪᠠᠷ ᠰᠤᠷᠳᠠᠯ ᠢ ᠳᠦᠪ ᠪᠤᠯᠭᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠶᠢ ᠴᠢᠩᠭᠠᠳᠬᠠᠨ᠂ ᠤᠯᠠᠨ ᠳᠦᠮᠡᠨ ᠤ ᠠᠩᠬᠠᠷᠴᠤ ᠬᠠᠯᠠᠮᠵᠢᠯᠠᠵᠤ ᠵᠤᠪᠠᠨᠢᠵᠤ ᠪᠠᠶᠢᠭ᠎ᠠ ᠶᠠᠪᠤᠳᠠᠯ ᠢ ᠬᠦᠴᠦᠯᠡᠨ ᠰᠶᠢᠳᠪᠦᠷᠢᠯᠡᠵᠤ ᠦᠭᠬᠦ ᠬᠡᠷᠡᠭᠳᠡᠢ ᠭᠡᠵᠡᠢ᠃      ᠢᠷᠪᠢᠰ ᠳᠤᠰᠬᠤᠨ ᠳᠤᠰ ᠤᠳᠠᠭᠠᠨ ᠤ ᠵᠢᠯᠤᠭᠤᠳᠤᠯᠭ᠎ᠠ ᠪᠠᠷ ᠠᠵᠠ ᠳᠤᠬᠢᠶᠠᠯ ᠪᠤᠯᠭᠠᠨ᠂ ᠦᠪᠡᠷ ᠤᠨ ᠳᠠᠪᠠᠭᠤᠯᠢᠭ ᠢᠶᠠᠨ ᠳᠠᠨᠢᠵᠤ ᠤᠶᠢᠯᠠᠭᠠᠬᠤ ᠶᠢᠨ ᠳᠠᠭᠠᠤ ᠠᠵᠢᠯᠯᠠᠬᠤ ᠡᠷᠴᠢ ᠵᠤᠷᠢᠭ ᠢᠶᠠᠨ ᠬᠦᠪᠴᠢᠯᠠᠵᠤ᠂ ᠵᠤᠷᠢᠭᠳᠠᠢ ᠪᠠᠷ ᠬᠠᠶᠢᠨ ᠰᠦᠪᠡᠭᠴᠢᠯᠡᠵᠤ ᠦᠢᠯᠡᠳᠦᠯᠭᠡᠵᠢᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠭᠤᠤᠯ ᠰᠡᠳᠤᠪᠳᠤ ᠬᠦᠮᠦᠵᠢᠯ ᠤᠨ ᠰᠤᠷᠤᠯᠴᠠᠯᠭ᠎ᠠ ᠶᠢ ᠨᠡᠩ ᠬᠦᠨᠵᠡᠭᠡᠢ ᠰᠤᠷᠤᠯᠴᠠᠨ ᠳᠤᠭᠤᠰᠢᠯᠠᠭᠤᠯᠵᠤ ᠪᠤᠢ᠃ ︵ᠯᠢᠤ ᠪᠦᠸᠧ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号