ᠮᠠᠯ ᠤᠨ ᠲᠥᠷᠥᠯ᠂ ᠨᠠᠰᠤ᠂ ᠦᠢᠯᠡᠳᠪᠥᠷᠢᠯᠡᠯ ᠤᠨ ᠴᠢᠳᠠᠪᠤᠷᠢ᠂ ᠲᠡᠵᠢᠭᠡᠯ ᠪᠤᠷᠳᠤᠭᠠᠨ ᠤ ᠪᠥᠷᠢᠯᠳᠥᠭᠦᠨ᠂ | ᠭᠠᠳᠠᠭᠠᠳᠤ ᠤᠷᠴᠢᠨ ᠤ ᠠᠭᠤᠷ ᠠᠮᠢᠰᠬᠤᠯ ᠵᠡᠷᠭᠡ ᠠᠳᠠᠯᠢ ᠪᠤᠰᠤ ᠨᠥᠬᠦᠴᠡᠯ ᠠᠴᠠ ᠪᠤᠯᠵᠤ᠂ ᠡᠯ᠎ᠡ ᠲᠥᠷᠥᠯ ᠤᠨ | ᠮᠠᠯ ᠤᠨ ᠤᠰᠤ ᠬᠡᠷᠡᠭᠰᠡᠬᠦ ᠬᠡᠮᠵᠢᠶ᠎ᠡ ᠶᠡᠭᠡ ᠵᠥᠷᠢᠶ᠎ᠡ ᠲᠠᠢ ᠪᠠᠶᠢᠳᠠᠭ᠃ ᠨᠢᠯᠬ᠎ᠠ ᠮᠠᠯ ᠤᠨ ᠤᠰᠤ ᠬᠡᠷᠡᠭᠰᠡᠬᠦ ᠬᠡᠮᠵᠢᠶ᠎ᠡ ᠨᠢ | ᠨᠠᠰᠤ ᠭᠦᠢᠴᠡᠭᠰᠡᠨ ᠮᠠᠯ ᠠᠴᠠ ᠢᠯᠡᠭᠦᠦ᠂ ᠰᠥ᠋ ᠱᠥᠭᠦᠷᠡᠭᠦᠯᠬᠦ ᠮᠠᠯ ᠤᠨ ᠬᠢᠨᠢ ᠲᠠᠷᠭᠤᠯᠠᠭᠤᠯᠬᠤ ᠮᠠᠯ ᠠᠴᠠ ᠢᠯᠡᠭᠦᠦ᠂ | ᠬᠦᠨᠳᠦ ᠡᠳ᠋ᠯᠡᠭᠡᠨ ᠤ ᠮᠠᠯ ᠤᠨ ᠬᠢᠨᠢ ᠬᠥᠩᠭᠡᠨ ᠡᠳ᠋ᠯᠡᠭᠡᠨ ᠤ ᠮᠠᠯ ᠠᠴᠠ ᠢᠯᠡᠭᠦᠦ ᠪᠠᠶᠢᠳᠠᠭ᠃ ᠲᠡᠵᠢᠭᠡᠯ ᠪᠤᠷᠳᠤᠭᠠᠨ ᠤ | ᠲᠤᠳᠤᠷ᠎ᠠ ᠪᠥᠳᠥᠭᠦᠯᠢᠭ ᠪᠤᠷᠳᠤᠭ᠎ᠠ ᠪᠠ ᠤᠭᠤᠷᠠᠭᠳᠤ ᠪᠤᠷᠳᠤᠭ᠎ᠠ ᠶᠢᠨ ᠬᠠᠷᠢᠴᠠᠯ ᠨᠢ ᠢᠯᠡᠭᠦᠦ ᠪᠠᠶᠢᠪᠠᠯ ᠮᠠᠯ ᠤᠨ | ᠤᠰᠤ ᠬᠡᠷᠡᠭᠰᠡᠬᠦ ᠬᠡᠮᠵᠢᠶ᠎ᠡ ᠨᠢ ᠪᠠᠰᠠ ᠢᠯᠡᠭᠦᠦ ᠪᠤᠯᠳᠠᠭ᠂ ᠵᠤᠨ ᠤ ᠤᠯᠠᠷᠢᠯ ᠳᠤ ᠮᠠᠯ ᠤᠨ ᠤᠰᠤ ᠬᠡᠷᠡᠭᠰᠡᠬᠦ | ᠬᠡᠮᠵᠢᠶ᠎ᠡ ᠨᠢ ᠡᠪᠦᠯ ᠤᠨ ᠤᠯᠠᠷᠢᠯ ᠠᠴᠠ ᠢᠯᠡᠭᠦᠦ ᠪᠠᠶᠢᠳᠠᠭ᠃ | ᠠᠮᠢᠳᠠᠨ ᠤ ᠤᠰᠤᠨ ᠤ ᠲᠡᠩᠴᠡᠭᠦᠷᠢ ᠶᠢᠨ ᠲᠤᠷᠰᠢᠯᠳᠠ ᠪᠠᠷ ᠳᠠᠮᠵᠢᠨ ᠤᠰᠤ ᠬᠡᠷᠡᠭᠰᠡᠬᠦ ᠬᠡᠮᠵᠢᠶ᠎ᠡ ᠶᠢ | ᠪᠠᠷᠤᠭᠴᠠᠭᠠᠯᠠᠬᠤ ᠨᠡᠯᠢᠶᠡᠳ ᠲᠤᠬᠢᠷᠠᠮᠵᠢᠳᠠᠢ ᠠᠷᠭ᠎ᠠ ᠨᠢ ᠭᠡᠪᠡᠯ ᠳᠠᠷᠤᠢ ᠪᠡᠶ᠎ᠡ ᠶᠢᠨ ᠢᠯᠴᠢ ᠭᠠᠷᠬᠤ ᠬᠡᠮᠵᠢᠶ᠎ᠡ ᠪᠠᠷ | ᠤᠯᠤᠨ᠎ᠠ᠃ ᠥᠭᠡᠷ᠎ᠡ ᠪᠠᠷ ᠬᠡᠯᠡᠪᠡᠯ᠂ ᠨᠢᠭᠡ ᠺᠢᠯᠤᠺᠠᠯᠤᠷᠢ ᠢᠯᠴᠢ ᠭᠠᠷᠭᠠᠬᠤ ᠪᠦᠷᠢ ᠨᠢᠭᠡ ᠮᠢᠯᠢᠯᠢᠲᠷ ᠤᠰᠤ | ᠬᠡᠷᠡᠭᠰᠡᠬᠦ ᠪᠠᠷ ᠪᠤᠳᠤᠨ᠎ᠠ᠃ | ᠪᠤᠳᠠᠳᠠᠢ ᠦᠢᠯᠡᠳᠪᠦᠷᠢᠯᠡᠯ ᠤᠨ ᠦᠢᠯᠡᠳᠦᠯᠭᠡ ᠳᠤ ᠶᠡᠷᠦ ᠳᠡᠭᠡᠨ ᠮᠠᠯ ᠤᠨ ᠤᠰᠤ ᠬᠡᠷᠡᠭᠰᠡᠬᠦ ᠬᠡᠮᠵᠢᠶ᠎ᠡ ᠶᠢ | ᠥᠷᠭᠦᠯᠵᠢ ᠢᠳᠡᠵᠤ ᠪᠠᠶᠢᠭ᠎ᠠ ᠪᠤᠷᠳᠤᠭᠠᠨ ᠤ ᠬᠠᠭᠤᠷᠠᠢ ᠪᠤᠳᠠᠰ ᠤᠨ ᠬᠡᠮᠵᠢᠶ᠎ᠡ ᠪᠠᠷ ᠨᠢ ᠪᠠᠷᠤᠭᠴᠠᠭᠠᠯᠠᠨᠠ᠃ | ᠡᠯ᠎ᠡ ᠲᠥᠷᠥᠯ ᠤᠨ ᠮᠠᠯ ᠵᠢᠭᠦᠷᠳᠡᠨ ᠤ ᠺᠢᠯᠤᠭ᠍ᠷᠠᠮ ᠪᠥᠷᠢ ᠪᠤᠷᠳᠤᠭᠠᠨ ᠤ ᠲᠤᠮᠳᠠᠴᠢ ᠪᠠᠷ ᠤᠰᠤ ᠬᠡᠷᠡᠭᠰᠡᠬᠦ | ᠬᠡᠮᠵᠢᠶ᠎ᠡ ᠨᠢ᠄ | ᠥᠬᠡᠷ 4 — 6 ᠺᠢᠯᠤᠭ᠍ᠷᠠᠮ | ᠬᠤᠨᠢ 2 — 3 ᠺᠢᠯᠤᠭ᠍ᠷᠠᠮ | ᠠᠳᠤᠭᠤ 2 — 3 ᠺᠢᠯᠤᠭ᠍ᠷᠠᠮ | ᠭᠠᠭ᠋ᠠᠢ 6 — 8 ᠺᠢᠯᠤᠭ᠍ᠷᠠᠮ | ᠡᠯ᠎ᠡ ᠲᠥᠷᠥᠯ ᠤᠨ ᠮᠠᠯ ᠤᠨ ᠡᠳᠥᠷ ᠪᠥᠷ ᠶᠢᠨ ᠬᠡᠷᠡᠭᠰᠡᠬᠦ ᠬᠡᠮᠵᠢᠶ᠎ᠡ ᠨᠢ᠄ | ᠠᠳᠤᠭᠤ 35 — 40 ᠯᠢᠲᠷ | ᠥᠬᠡᠷ 40 — 50 ᠯᠢᠲᠷ | ᠬᠤᠨᠢ 4 — 5 ᠯᠢᠲᠷ | ᠭᠠᠭ᠋ᠠᠢ 10 — 15 ᠯᠢᠲᠷ | ︽ᠲᠡᠵᠢᠭᠡᠯ ᠪᠤᠷᠳᠤᠭ᠎ᠠ ᠪᠤᠯᠤᠨ ᠠᠷᠠᠴᠢᠯᠠᠭ᠎ᠠ ᠶᠢᠨ ᠰᠤᠳᠤᠯᠤᠯ︾ ᠭᠡᠬᠦ ᠨᠤᠮ ᠠᠴᠠ ᠪᠠᠭᠤᠯᠭᠠᠪᠠ |