ᠰᠢᠯᠢᠳᠡᠭ ᠤᠷᠤᠨ ᠰᠠᠭᠤᠴᠠ ᠶᠢ ᠰᠠᠶᠢᠳᠣᠷ ᠪᠠᠶᠢᠭᠤᠯᠵᠣ ᠪᠠᠶᠢᠭ᠎ᠠ ᠷᠡᠰᠢᠶᠠᠨ
ᠨᠡᠶᠢᠲᠡᠯᠡᠭᠰᠡᠨ ᠴᠠᠭ᠄
2023/11/13
   ᠶᠡᠷᠦᠩᠬᠡᠢ ᠱᠦᠵᠢ ᠰᠢ ᠶᠢᠨ ᠫᠢᠩ 2014 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ᠂ ᠤᠢ ᠰᠢᠭᠤᠢ ᠶᠢᠨ ᠦᠢᠯᠡᠰ ᠤᠨ ᠬᠥᠭᠵᠢᠯᠲᠡ ᠪᠣᠯᠤᠨ ᠰᠢᠭᠤᠶᠢᠲᠤ ᠣᠷᠣᠨ ᠤ ᠠᠷᠠᠳ ᠲᠦᠮᠡᠨ ᠤ ᠠᠮᠢᠳᠤᠷᠠᠯ ᠢ ᠲᠦᠢᠯ ᠢᠶᠠᠷ ᠠᠩᠬᠠᠷᠴᠤ ᠪᠠᠶᠢᠯ᠎ᠠ᠃ ᠷᠠᠰᠢᠶᠠᠨ ᠬᠤᠳᠠ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠳᠤ ᠪᠠᠶᠢᠷᠢᠯᠠᠵᠤ᠂ ᠳᠡᠭᠡᠷ᠎ᠡ ᠵᠠᠭᠤᠨ ᠤ ᠲᠠᠪᠢᠭᠠᠳ ᠣᠨ ᠤ ᠳᠤᠮᠳᠠᠴᠢ ᠪᠠᠷ᠂ ᠰᠢᠨ᠎ᠡ ᠳᠤᠮᠳᠠᠳᠤ ᠤᠯᠤᠰ ᠤᠨ ᠨᠢᠭᠡᠳᠦᠭᠡᠷ ᠦᠶ᠎ᠡ ᠶᠢᠨ ᠤᠢ ᠰᠢᠭᠤᠢ ᠶᠢᠨ ᠠᠵᠢᠯᠴᠢᠳ ᠡ᠊ᠨᠳᠡ ᠠᠵᠢᠯᠯᠠᠵᠤ ᠠᠮᠢᠳᠤᠷᠠᠵᠤ ᠡᠬᠢᠯᠡᠵᠡᠢ᠃ ᠣᠷᠳᠣ ᠬᠤᠭᠤᠴᠠᠭᠠᠨ ᠤ ᠲᠤᠷᠰᠢ᠂ ᠰᠢᠭᠤᠶᠢᠳᠥ ᠣᠷᠣᠨ ᠤ ᠣᠷᠣᠨ ᠰᠠᠭᠤᠴᠠ ᠨᠢ ᠰᠢᠪᠠᠷ ᠪᠠᠶᠢᠰᠢᠩ ᠢᠶᠠᠷ ᠭᠤᠤᠯᠯᠠᠵᠤ᠂ ᠷᠠᠰᠢᠶᠠᠨ ᠤ ᠬᠠᠬᠢᠷ ᠡᠪᠦᠯ ᠤᠨ ᠬᠤᠭᠤᠴᠠᠭᠠᠨ ᠳᠤ ᠣᠷᠣᠨ ᠰᠠᠭᠤᠴᠠ ᠶᠢᠨ ᠳᠤᠯᠠᠭᠠᠯᠠᠭ᠎ᠠ ᠶᠢᠨ ᠠᠰᠠᠭᠤᠳᠠᠯ ᠢ ᠰᠶᠢᠳᠪᠤᠷᠢᠯᠡᠬᠦ ᠨᠢ ᠲᠡᠷᠢᠭᠦᠨ ᠴᠢᠬᠤᠯᠠ ᠶᠠᠪᠤᠳᠠᠯ ᠪᠣᠯᠵᠠᠶ᠃    2014 ᠣᠨ ᠤ ᠴᠠᠭᠠᠨ ᠰᠠᠷ᠎ᠠ ᠠᠴᠠ ᠡᠮᠦᠨᠡᠬᠡᠨ᠂ ᠬᠢᠯᠢ ᠬᠢᠵᠠᠭᠠᠷ ᠲᠤ ᠪᠠᠶᠢᠷᠢᠯᠠᠵᠤ ᠪᠠᠶᠢᠭ᠎ᠠ ᠷᠠᠰᠢᠶᠠᠨ ᠬᠤᠳᠠ ᠨᠢ ᠲᠡᠭ ᠠᠴᠠ ᠳᠣᠷᠣᠭᠰᠢ 30 ᠭᠠᠷᠤᠢ ᠭᠷᠠᠳᠦ᠋ᠰ ᠲᠤᠯᠵᠤ᠂ ᠮᠥᠰᠥ ᠴᠠᠰᠤᠨ ᠳᠤ ᠬᠤᠴᠢᠭᠳᠠᠵᠤ᠂ ᠬᠠᠬᠢᠷ ᠬᠥᠢᠳᠡᠨ ᠪᠠᠶᠢᠪᠠ᠃ ᠶᠡᠷᠦᠩᠬᠡᠢ ᠱᠦᠵᠢ ᠰᠢ ᠶᠢᠨ ᠫᠢᠩ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠤᠢ ᠰᠢᠭᠤᠢ ᠶᠢᠨ ᠣᠷᠣᠨ ᠰᠠᠭᠤᠴᠠ ᠶᠢᠨ ᠲᠣᠭᠤᠷᠢᠭ ᠲᠤ ᠬᠦᠷᠴᠥ᠂ ᠰᠢᠭᠤᠶᠢᠲᠤ ᠣᠷᠣᠨ ᠤ ᠤᠯᠠᠨ ᠲᠦᠮᠡᠨ ᠤ ᠣᠷᠣᠨ ᠰᠠᠭᠤᠴᠠ ᠶᠢᠨ ᠬᠦᠴᠢᠷᠳᠡᠯ ᠲᠠᠢ ᠪᠠᠶᠢᠬᠤ ᠶᠢ ᠦᠵᠡᠭᠡᠳ ᠲᠤᠬᠠᠢ ᠶᠢᠨ ᠭᠠᠵᠠᠷ ᠤᠨ ᠺᠠᠳ᠋ᠷᠴᠤᠳ ᠲᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠳᠭᠡᠵᠦ᠂ ᠤᠯᠠᠨ ᠲᠦᠮᠡᠨ ᠢ ᠡᠷᠲᠡᠬᠡᠨ ᠰᠢᠨ᠎ᠡ ᠣᠷᠣᠨ ᠰᠠᠭᠤᠴᠠ ᠳᠤ ᠰᠠᠭᠤᠯᠭᠠᠵᠤ᠂ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠢ ᠴᠥᠮ ᠰᠠᠶᠢᠬᠠᠨ ᠰᠢᠨᠡᠯᠡᠬᠦᠯᠬᠦ ᠬᠡᠷᠡᠭᠲᠡᠢ ᠭᠡᠵᠦ ᠵᠠᠬᠢᠪᠠ᠃    2014 ᠤᠨ ᠠᠴᠠ ᠨᠠᠭᠠᠰᠢ᠂ ᠷᠠᠰᠢᠶᠠᠨ ᠬᠤᠳᠠ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂  ᠨᠡᠶᠢᠳᠡ 42 ᠳ᠋ᠦᠩᠰᠢᠭᠤᠷ ᠲᠥᠭᠦᠷᠢᠭ ᠪᠡᠯᠡ ᠮᠥᠩᠭᠦ ᠣᠷᠣᠭᠤᠯᠵᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 10400 ᠡᠷᠦᠬᠡ ᠶᠢᠨ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 2658 ᠡᠷᠦᠬᠡ᠂ 21 ᠲᠦᠮᠡᠨ ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠶᠢ ᠲᠦᠪᠬᠢᠨᠡᠬᠦᠯᠤᠨ ᠨᠡᠭᠦᠯᠭᠡᠵᠦ᠂ 2019 ᠣᠨ ᠪᠣᠯᠲᠠᠯ᠎ᠠ ᠪᠤᠢ ᠪᠦᠬᠦᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠪᠦᠬᠦᠨ ᠢᠶᠠᠷ ᠢᠶᠠᠨ ︽ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠠᠴᠠ ᠨᠡᠬᠦᠵᠤ ᠠᠰᠠᠷ ᠲᠤ ᠰᠠᠭᠤᠬᠤ︾ ᠬᠦᠰᠡᠯ ᠢᠶᠠᠨ ᠳᠡᠷᠭᠡᠯᠰᠢᠬᠦᠯᠪᠡ᠃ ᠲᠦᠬᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠨᠢ ᠪᠦᠬᠦ ᠬᠤᠳᠠ ᠶᠢᠨ ᠬᠠᠭᠠᠰ ᠠᠴᠠ ᠳᠡᠭᠡᠭᠰᠢᠬᠢ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 3 ᠲᠦᠮᠡᠨ ᠬᠥᠮᠦᠨ ᠤ ︽ᠤᠷᠤᠰᠢᠨ ᠰᠠᠭᠤᠷᠢᠰᠢᠬᠤ ᠶᠢᠨ ᠲᠤᠬᠠᠢ ᠰᠠᠨᠠᠭᠠᠰᠢᠷᠠᠵᠤ︾ ᠪᠠᠶᠢᠭᠰᠠᠨ ᠠᠴᠠ ︽ᠰᠢᠯᠢᠳᠡᠭ ᠤᠷᠤᠨ ᠰᠠᠭᠤᠴᠠ ᠳᠤ ᠨᠡᠬᠦᠬᠦ︾ ᠬᠦᠰᠡᠯ ᠢ ᠪᠡᠶᠡᠯᠡᠭᠦᠯᠪᠡ᠃ ︽ᠪᠢ ᠪᠠᠭ᠎ᠠ ᠳᠠᠭᠠᠨ ᠠᠪᠤ ᠡᠵᠢ ᠲᠠᠢ ᠪᠠᠨ ᠬᠠᠮᠲᠤ ᠰᠢᠪᠠᠷ ᠪᠠᠶᠢᠰᠢᠩ ᠳᠤ ᠰᠠᠭᠤᠵᠤ ᠪᠠᠶᠢᠵᠠᠢ᠂ ᠤᠯᠤᠰ ᠤᠨ ᠲᠦᠷᠥ ᠶᠢᠨ ᠪᠤᠳᠤᠯᠭ᠎ᠠ ᠶᠢᠨ ᠰᠠᠶᠢᠨ ᠢᠶᠠᠷ ᠪᠢᠳᠡ ᠳᠤᠯᠠᠭᠠᠨ ᠳᠠᠭᠠᠯᠠᠮᠵᠢᠳᠠᠢ ᠠᠰᠠᠷ ᠲᠤ ᠰᠠᠭᠤᠬᠤ ᠪᠤᠯᠤᠭᠰᠠᠨ ᠰᠢᠥ︾ ᠭᠡᠵᠦ ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠲᠢᠶᠠᠨ ᡂᠢ ᠳᠤᠭᠤᠷᠢᠭ ᠲᠤ ᠰᠠᠭᠤᠭ᠎ᠠ ᠯᠢ ᠲᠠᠩ ᠢᠦᠢ ᠪᠠᠶᠠᠷᠳᠠᠶᠢᠬᠠᠨ ᠬᠡᠯᠡᠪᠡ᠃    ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠤᠭᠡ᠂ ᠷᠠᠰᠢᠶᠠᠨ ᠬᠤᠳᠠ ᠶᠢᠨ ᠬᠢᠨ ᠰᠠᠭᠤᠷᠢ ᠲᠥᠬᠦᠭᠡᠷᠦᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠤᠢᠢᠷ᠎ᠠ ᠶᠢᠨ ᠵᠢᠯ ᠳᠤ 80 ᠺᠢᠯᠤᠮᠧᠲᠷ ᠤᠷᠳᠥ ᠵᠠᠮ ᠵᠠᠰᠠᠵᠤ᠂ 155 ᠺᠢᠯᠤᠮᠧᠲᠷ ᠤᠷᠳᠥ ᠬᠤᠭᠤᠯᠠᠢ ᠶᠢᠨ ᠲᠣᠣᠷ ᠢ ᠰᠢᠨ᠎ᠡ ᠪᠠᠷ ᠳᠡᠪᠢᠰᠴᠥ᠂ ᠬᠤᠳᠠ ᠶᠢᠨ ᠲᠣᠭᠤᠷᠢᠭ ᠤᠨ ᠭᠡᠷᠡᠯᠲᠦᠭᠦᠯᠭᠡ ᠶᠢᠨ ᠨᠤᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ᠂ ᠬᠤᠭ ᠨᠣᠪᠰᠢ ᠶᠢ ᠰᠢᠢᠳᠪᠦᠷᠢᠯᠡᠭᠰᠡᠨ ᠨᠤᠷᠮ᠎ᠠ ᠲᠤᠰ ᠲᠤᠰ 95%᠂ 98.14% ᠪᠠ 99.69% ᠲᠤᠯᠵᠤ᠂ ᠰᠠᠭᠤᠭᠠᠯᠢ ᠠᠷᠠᠳ ᠤᠨ ᠳᠤᠯᠠᠭᠠᠯᠠᠬᠤ ᠳᠤ ᠬᠦᠴᠢᠷ᠂ ᠤᠰᠤ ᠢᠳᠡᠬᠦ ᠳᠤ ᠬᠦᠴᠢᠷ᠂ ᠶᠠᠪᠤᠵᠤ ᠰᠠᠭᠤᠬᠤ ᠳᠤ ᠬᠦᠴᠢᠷ ᠵᠡᠷᠭᠡ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠷᠠᠰᠢᠶᠠᠨ ᠬᠤᠲᠠ ᠪᠠᠰᠠ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠤᠷᠰᠢᠯᠲᠠ ᠶᠢᠨ ᠬᠤᠲᠠ ᠶᠢᠨ ᠴᠣᠯᠠ ᠶᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠴᠡᠷᠯᠢᠭᠳᠦ ᠬᠤᠲᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠯᠳᠠᠷᠲᠤ ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠲᠠ ᠶᠢᠨ ᠥᠩᠭᠡ ᠲᠦᠷᠬᠦ ᠶᠢ ᠪᠥᠬᠦ ᠲᠠᠯ᠎ᠠ ᠪᠠᠷ ᠳᠡᠭᠡᠭᠰᠢᠯᠡᠬᠦᠯᠵᠤ᠂ ᠵᠣᠯ ᠵᠢᠷᠭᠠᠯ ᠤᠨ ᠵᠢᠭᠠᠯᠲᠠ ᠲᠤᠭ᠎ᠠ ᠳᠠᠰᠤᠷᠠᠯᠳᠠ ᠦᠬᠡᠢ ᠨᠡᠮᠡᠭᠳᠡᠪᠡ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号