ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠤᠭᠴᠠᠯᠠᠵᠤ ᠪᠠᠶᠢᠭ᠎ᠠ ᠷᠡᠰᠢᠶᠠᠨ
ᠨᠡᠶᠢᠲᠡᠯᠡᠭᠰᠡᠨ ᠴᠠᠭ᠄
2023/11/13
   2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠷᠠᠰᠢᠶᠠᠨ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ᠄ ︽ᠬᠡᠵᠢᠶ᠎ᠡ ᠴᠦ ᠭᠡᠰᠡᠨ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠂ ᠠᠮᠢ ᠠᠬᠤᠢ ᠶᠢ ᠰᠠᠶᠢᠲᠤᠷ ᠬᠠᠮᠠᠭᠠᠯᠠᠬᠤ ᠪᠣᠯ ᠳᠠᠷᠤᠢ ᠬᠥᠭᠵᠢᠯᠲᠡ ᠶᠢ ᠠᠬᠢᠭᠤᠯᠬᠤ ᠶᠠᠪᠤᠳᠠᠯ ᠮᠥᠨ︾ ᠭᠡᠵᠦ ᠵᠢᠭᠠᠵᠤ ᠭᠠᠷᠭᠠᠪᠠ᠃ ︽ᠡᠳᠡᠭᠡᠷ ᠵᠢᠯ ᠤᠳ ᠲᠤ ᠷᠠᠰᠢᠶᠠᠨ ᠬᠤᠲᠠ ᠶᠢᠨ ᠠᠮᠢ ᠠᠬᠤᠶ ᠵᠢᠯ ᠠᠴᠠ ᠵᠢᠯ ᠰᠠᠶᠢᠵᠢᠷᠠᠵᠤ᠂ ᠰᠢᠭᠤᠶᠢᠲᠤ ᠣᠷᠣᠨ ᠤ ᠵᠢᠵᠢᠭ ᠠᠮᠢᠲᠠᠨ ᠤᠯᠠᠮ ᠠᠴᠠ ᠤᠯᠠᠮ ᠣᠯᠠᠰᠢᠷᠠᠵᠤ᠂ ᠴᠠ ᠪᠤᠭᠤ᠂ ᠴᠠᠰᠤᠨ ᠲᠠᠤᠯᠠᠢ᠂ ᠬᠡᠭᠡᠷ᠎ᠡ ᠶᠢᠨ ᠭᠠᠭ᠋ᠠᠶ ᠶᠢ ᠦᠷᠬᠦᠯᠵᠢ ᠤᠯᠵᠤ ᠬᠠᠷᠠᠬᠤ ᠪᠤᠯᠵᠠᠢ︾ ᠭᠡᠵᠤ ᠷᠠᠰᠢᠶᠠᠨ ᠬᠤᠳᠠ ᠶᠢᠨ ᠨᠢᠭᠡᠨ ᠤᠢ ᠰᠢᠭᠤᠢ ᠶᠢᠨ ᠲᠠᠯᠠᠪᠠᠢ ᠳᠤ 32 ᠵᠢᠯ ᠠᠵᠢᠯᠯᠠᠭᠰᠠᠨ ᠤᠢ ᠰᠢᠭᠤᠢ ᠬᠠᠮᠠᠭᠠᠯᠠᠭᠴᠢ ᠪᠠᠢ ᠢᠦᠢ ᠬᠤᠸᠠ ᠰᠢᠭᠤᠶᠢᠲᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠤᠪᠢᠷᠠᠯᠲᠠ ᠶᠢ ᠬᠡᠯᠡᠵᠤ ᠪᠠᠶᠢᠪᠠ᠃    ᠷᠠᠰᠢᠶᠠᠨ ᠬᠤᠳᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠂ 2002 ᠣᠨ ᠠᠴᠠ ᠡᠬᠢᠯᠡᠨ ᠪᠡᠯᠴᠢᠭᠡᠷᠯᠡᠬᠦᠯᠬᠦ ᠶᠢ ᠴᠠᠭᠠᠵᠠᠯᠠᠵᠤ ᠲᠠᠷᠢᠶᠠᠯᠠᠬᠤ ᠶᠢ ᠵᠣᠭᠰᠣᠭᠠᠬᠤ ᠶᠢ ᠬᠡᠷᠡᠭᠵᠢᠭᠦᠯᠵᠦ᠂ 2012 ᠣᠨ ᠳᠤ ᠥᠪᠥᠷ ᠮᠣᠩᠭᠤᠯ ᠳᠤ ᠤᠷᠢᠳᠠᠪᠠᠷ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠳᠤᠷ᠎ᠠ ᠪᠠᠷ ᠣᠭᠲᠣᠯᠬᠤ ᠶᠢ ᠪᠥᠬᠦ ᠲᠠᠯ᠎ᠠ ᠪᠠᠷ ᠵᠣᠭᠰᠣᠭᠠᠬᠤ ᠶᠢ ᠪᠡᠶᠡᠯᠡᠭᠦᠯᠪᠡ᠃ 2014 ᠣᠨ ᠠᠴᠠ ᠨᠠᠭᠠᠰᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠨᠡᠶᠢᠳᠡ 1650 ᠲᠦᠮᠡᠨ ᠮᠦ ᠨᠠᠶᠢᠳᠠᠪᠤᠷᠢᠵᠢᠭᠤᠯᠤᠨ᠂ ᠠᠭᠤᠯᠠ ᠶᠢ ᠪᠢᠲᠡᠭᠦᠮᠵᠢᠯᠡᠨ ᠤᠢ ᠮᠣᠳᠣ ᠪᠤᠶᠢᠵᠢᠭᠤᠯᠬᠤ ᠲᠠᠯᠠᠪᠠᠢ 120 ᠲᠦᠮᠡᠨ ᠮᠤ᠋᠂ ᠮᠣᠳᠣ ᠵᠠᠶᠢᠯᠠᠵᠤ ᠣᠶᠢᠵᠢᠭᠤᠯᠬᠤ ᠲᠠᠯᠠᠪᠠᠢ 40 ᠲᠦᠮᠡᠨ ᠮᠤ᠋᠂ ᠲᠠᠷᠢᠶᠠᠯᠠᠬᠤ ᠶᠢ ᠵᠣᠭᠰᠣᠭᠠᠵᠤ ᠤᠢ ᠮᠣᠳᠣ ᠡᠪᠡᠰᠦ ᠪᠡᠯᠴᠢᠭᠡᠷ ᠢ ᠰᠡᠷᠬᠦᠭᠡᠭᠰᠡᠨ ᠲᠠᠯᠠᠪᠠᠢ 25 ᠲᠦᠮᠡᠨ ᠮᠦ ᠲᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 1.5 ᠲᠦᠮᠡᠨ ᠮᠦ ᠬᠡᠷᠡᠭᠵᠢᠭᠦᠯᠪᠡ᠃ ᠣᠳᠣᠬᠠᠨ ᠳᠤ᠂ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 81.2% ᠬᠦᠷᠴᠦ᠂ ᠪᠣᠬᠢᠷᠲᠤᠯ ᠥᠬᠡᠶ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ 95% ᠠᠴᠠ ᠳᠡᠭᠡᠭᠰᠢ ᠬᠦᠷᠴᠦ᠂ ᠭᠠᠵᠠᠷ  ᠲᠤᠤᠷᠠᠬᠢ ᠤᠰᠤ᠂ ᠭᠠᠵᠠᠷ ᠳᠡᠭᠡᠷᠡᠬᠢ ᠤᠰᠤ ᠴᠥᠮ Ⅲ ᠲᠥᠷᠥᠯ ᠤᠨ ᠪᠠᠷᠢᠮᠵᠢᠶ᠎ᠠ ᠳᠤ ᠬᠦᠷᠴᠦ᠂ 2022 ᠣᠨ ᠤ ᠪᠥᠬᠦ ᠤᠯᠤᠰ ᠤᠨ ᠣᠶ ᠰᠢᠭᠤᠶ ᠶᠢᠨ ᠤᠶᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠲᠤᠷᠰᠢᠯᠲᠠ ᠶᠢᠨ ᠬᠤᠲᠠ ᠪᠠᠷ ᠰᠣᠩᠭᠤᠭᠳᠠᠨ᠂ ︽ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠠᠵᠤ ᠠᠬᠤᠶᠢᠯᠠᠯ ᠣᠷᠣᠯᠴᠠᠬᠤ᠂ ᠺᠠᠳ᠋ᠷ ᠣᠯᠠᠨ ᠲᠦᠮᠡᠨ ᠰᠡᠳᠭᠢᠯ ᠨᠢᠭᠡᠳᠬᠦ︾ ᠠᠮᠢ ᠠᠬᠤᠶ ᠶᠢᠨ ᠬᠠᠮᠠᠭᠠᠯᠠᠯᠲᠠ ᠶᠢᠨ ᠵᠠᠮ ᠢᠶᠠᠷ ᠵᠠᠮᠨᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠶ᠎ᠡ ᠵᠣᠬᠢᠴᠠᠯ ᠲᠠᠢ ᠪᠠᠷ ᠵᠡᠷᠭᠡᠴᠡᠨ ᠣᠷᠣᠰᠢᠬᠤ ᠦᠵᠡᠰᠭᠦᠯᠡᠩᠲᠦ ᠰᠠᠶᠢᠬᠠᠨ ᠵᠢᠷᠤᠭ ᠢ ᠳᠡᠯᠭᠡᠭᠰᠡᠨ ᠪᠠᠶᠢᠨ᠎ᠠ᠃    ᠤᠯᠤᠰ ᠤᠨ ᠠᠮᠢ ᠠᠬᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠡᠷᠡᠭᠦᠯ ᠮᠡᠨᠳᠦ ᠶᠢᠨ ᠵᠢᠭᠤᠯᠴᠢᠯᠠᠯ ᠤᠨ ᠵᠤᠷᠢᠯᠳᠠᠳᠥ ᠭᠠᠵᠠᠷ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ︾ ᠭᠡᠬᠦ ᠤᠶᠢᠯᠡᠳᠤᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠬᠢᠯᠢ ᠬᠢᠵᠠᠭᠠᠷ ᠤᠨ ᠵᠢᠵᠢᠭ ᠬᠤᠲᠠ ᠵᠡᠷᠭᠡ ᠤᠯᠠᠨ ᠢᠷᠠᠭᠤ ᠠᠯᠳᠠᠷ ᠢ ᠬᠦᠷᠳᠡᠭᠰᠡᠨ ᠤ ᠬᠤᠪᠢ ᠳᠤ᠂ ᠷᠠᠰᠢᠶᠠᠨ ᠬᠤᠳᠠ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃    ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠣᠶ ᠰᠢᠭᠤᠢ ᠶᠢᠨ ᠠᠵᠤ ᠠᠬᠤᠶ ᠶᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ︽ᠷᠠᠰᠢᠶᠠᠨ ᠤ ᠪᠦ ᠯᠢᠥ ᠺᠧ︾ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠯ ᠤᠨ ᠲᠠᠸᠠᠷ ᠤᠨ ᠳᠡᠮᠳᠡᠭ ᠢ ᠠᠮᠵᠢᠯᠲᠠ ᠲᠠᠢ ᠳᠠᠩᠰᠠᠯᠠᠵᠤ᠂ ᠷᠠᠰᠢᠶᠠᠨ ᠤ ᠬᠠᠷ᠎ᠠ ᠳᠡᠯᠳᠡᠦ᠂ ᠷᠠᠰᠢᠶᠠᠨ ᠤ ᠬᠦᠢᠳᠡᠨ ᠳᠤ ᠳᠡᠰᠪᠤᠷᠢᠳᠡᠢ ᠴᠢᠴᠠᠷᠭᠠᠨ᠎ᠠ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠳᠤᠭᠳᠠᠭᠠᠭᠳᠠᠬᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠵᠡᠷᠭᠡ 20 ᠭᠠᠷᠤᠢ ᠲᠦᠷᠦᠯ ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠠᠵᠢᠯ ᠡᠬᠢᠯᠡᠭᠦᠯᠪᠡ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号