ᠬᠢᠯᠢ ᠬᠢᠵᠠᠭᠠᠷ ᠤᠨ ᠵᠢᠵᠢᠭ ᠬᠤᠲᠠ ᠶᠢᠨ ᠵᠢᠭᠤᠯᠴᠢᠯᠠᠯ ᠢ ᠬᠦᠭᠵᠢᠬᠦᠯᠵᠤ ᠪᠠᠶᠢᠭ᠎ᠠ ᠷᠡᠰᠢᠶᠠᠨ
ᠨᠡᠶᠢᠲᠡᠯᠡᠭᠰᠡᠨ ᠴᠠᠭ᠄
2023/11/13
   ︽ᠷᠠᠰᠢᠶᠠᠨ ᠤ ᠪᠠᠶᠢᠭᠠᠯᠢ ᠶᠢᠨ ᠦᠵᠡᠮᠵᠢ ᠲᠦᠷᠪᠡᠨ ᠤᠯᠠᠷᠢᠯ ᠳᠤ ᠴᠥᠮ ᠭᠤᠶᠣ ᠪᠠᠶᠢᠳᠠᠭ︾᠃ ︽ᠷᠠᠰᠢᠶᠠᠨ ᠤ ᠵᠢᠭᠤᠯᠴᠢᠯᠠᠯ ᠯᠠᠪᠲᠠᠢ ᠬᠥᠭᠵᠢᠶᠡᠨᠲᠡᠢ ᠪᠣᠯᠤᠨ᠎ᠠ︾᠃ 9 ᠵᠢᠯ ᠤᠨ ᠡᠮᠦᠨ᠎ᠡ᠂ ᠶᠡᠷᠦᠩᠬᠡᠶ ᠱᠦᠵᠢ ᠰᠢ ᠶᠢᠨ ᠫᠢᠩ ᠷᠠᠰᠢᠶᠠᠨ ᠬᠤᠳᠠ ᠶᠢᠨ ᠦᠡᠭᠭᠡ ᠦᠵᠡᠮᠵᠢ ᠪᠠ ᠵᠢᠭᠤᠯᠴᠢᠯᠠᠯ ᠤᠨ ᠥᠢᠯᠡᠰ ᠤᠨ ᠲᠤᠬᠠᠢ ᠦᠨᠳᠥᠷ ᠦᠨᠡᠯᠡᠯᠳᠡ ᠦᠭᠬᠦᠭᠰᠡᠨ ᠨᠢ ᠷᠠᠰᠢᠶᠠᠨ ᠤ ᠤᠯᠠᠨ ᠲᠦᠮᠡᠨ ᠤ ᠦᠵᠡᠰᠭᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ ᠵᠢᠭᠤᠯᠴᠢᠯᠠᠯ ᠤᠨ ᠤᠶᠢᠯᠡᠰ ᠢ ᠦᠷᠭᠦᠯᠵᠢᠯᠡᠨ ᠬᠥᠭᠵᠢᠭᠦᠯᠬᠦ ᠡᠷᠡᠰ ᠵᠣᠷᠢᠭ ᠢ ᠤᠯᠠᠮ ᠪᠠᠲᠤᠳᠬᠠᠵᠠᠶ᠃    ︽ᠤᠤᠯ ᠨᠢ ᠷᠠᠰᠢᠶᠠᠨ ᠳᠤ ᠵᠢᠭᠤᠯᠴᠢᠯᠠᠬᠤ ᠪᠠᠷ ᠢᠷᠡᠳᠡᠭ ᠵᠢᠭᠤᠯᠴᠢᠯᠠᠭᠰᠠᠳ ᠤᠨ ᠤᠯᠠᠩᠬᠢ ᠨᠢ ᠮᠠᠨ ᠤ ᠦᠪᠤᠷ ᠮᠤᠩᠭᠤᠯ ᠤᠨ ᠡᠯ᠎ᠡ ᠭᠠᠵᠠᠷ ᠠᠴᠠ ᠬᠦᠷᠥᠯᠴᠡᠨ ᠢᠷᠡᠳᠡᠭ ᠬᠦᠮᠥᠰ ᠪᠠᠶᠢᠪᠠ᠂ ᠤᠳᠤ ᠪᠡᠭᠡᠵᠢᠩ᠂ ᠱᠠᠩᠬᠠᠢ᠂ ᠮᠦᠭᠳᠡᠨ᠂ ᠭᠤᠸᠠᠩᠵᠧᠦ ᠶᠢᠨ ᠵᠣᠴᠢᠳ ᠴᠤ ᠲᠠᠰᠤᠷᠠᠯᠳᠡ ᠦᠭᠡᠢ ᠤᠯᠠᠰᠢᠷᠠᠪᠠ᠂ ᠷᠠᠰᠢᠶᠠᠨ ᠤ ᠭᠤᠶᠤ ᠦᠵᠡᠮᠵᠢ ᠪᠦᠬᠦ ᠤᠯᠤᠰ ᠤᠨ ᠵᠢᠭᠤᠯᠴᠢᠯᠠᠭᠰᠠᠳ ᠤᠨ ᠬᠦᠷᠢᠶᠡᠯᠡᠯ ᠢ ᠤᠯᠬᠤ ᠪᠤᠯᠤᠭᠰᠠᠨ︾ ᠭᠡᠵᠦ ᠷᠠᠰᠢᠶᠠᠨ ᠬᠤᠳᠠ ᠳᠤ ᠤᠯᠠᠨ ᠵᠢᠯ ᠬᠤᠳᠠᠯᠳᠤᠭ᠎ᠠ ᠡᠷᠬᠢᠯᠡᠭᠴᠢ ᠵᠢᠶᠦ᠋ᠨ ᠯᠢ ᠬᠡᠯᠡᠪᠡ᠃    ᠷᠠᠰᠢᠶᠠᠨ ᠬᠤᠲᠠ ᠨᠢ ᠬᠤᠷᠴᠢᠨ ᠤ ᠲᠠᠯ᠎ᠠ ᠨᠤᠲᠤᠭ᠂ ᠰᠢᠯᠢ ᠶᠢᠨ ᠭᠤᠤᠯ ᠤᠨ ᠲᠠᠯ᠎ᠠ ᠨᠤᠲᠤᠭ᠂ ᠬᠥᠯᠤᠨ ᠪᠤᠶᠢᠷ ᠤᠨ ᠲᠠᠯ᠎ᠠ ᠨᠤᠲᠤᠭ ᠤᠨ ᠠᠭᠤᠯᠵᠠᠷ ᠲᠤ ᠪᠠᠶᠢᠷᠢᠯᠠᠵᠤ᠂ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠲᠤ ᠠᠭᠤᠯᠠ᠂ ᠮᠥᠰᠥ ᠴᠠᠰᠤ᠂ ᠣᠶ ᠰᠢᠭᠤᠶ᠂ ᠲᠠᠯ᠎ᠠ ᠨᠤᠲᠤᠭ ᠵᠡᠷᠭᠡ ᠪᠠᠶᠢᠭᠠᠯᠢ ᠶᠢᠨ ᠦᠵᠡᠮᠵᠢ ᠲᠠᠢ ᠪᠠᠶᠢᠵᠤ᠂ ᠵᠢᠭᠤᠯᠴᠢᠯᠠᠯ ᠤᠨ ᠡᠬᠢ ᠪᠠᠶᠠᠯᠢᠭ ᠲᠦᠢᠯ ᠤᠨ ᠡᠯᠪᠡᠭ ᠪᠠᠶᠠᠯᠢᠭ ᠪᠠᠶᠢᠳᠠᠭ᠃    ᠤᠢᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠳᠠ ︽ᠠᠮᠢ ᠠᠬᠤᠢ ᠪᠠᠷ ᠬᠤᠳᠠ ᠪᠠᠨ ᠪᠦᠳᠦᠭᠡᠨ ᠪᠠᠶᠢᠭᠤᠯᠬᠤ᠂ ᠵᠢᠭᠤᠯᠴᠢᠯᠠᠯ ᠢᠶᠠᠷ ᠬᠤᠳᠠ ᠪᠠᠨ ᠬᠦᠭᠵᠢᠬᠦᠯᠬᠦ᠂ ᠪᠣᠭᠤᠮᠲᠠ ᠪᠠᠷ ᠬᠤᠳᠠ ᠪᠠᠨ ᠬᠦᠴᠦᠷᠬᠡᠭᠵᠢᠭᠦᠯᠬᠦ︾ ᠶᠢ ᠪᠠᠷᠢᠮᠲᠠᠯᠠᠵᠤ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠤᠨ ᠳᠠᠭᠠᠭᠤᠯᠬᠤ ︽ᠲᠡᠷᠢᠭᠦᠨ ᠴᠢᠬᠤᠯᠠ ᠢᠨᠵᠧᠨᠧᠷᠢᠩ︾ ᠪᠤᠯᠭᠠᠭᠰᠠᠨ ᠪᠠᠶᠢᠨ᠎ᠠ᠃ ︽ ᠯᠤ᠋ ᠵᠢᠶᠥᠥ ᠸᠠᠨ︾ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠶᠢᠨ ᠳᠡᠯᠭᠡᠭᠦᠷ ᠵᠡᠷᠭᠡ ᠢᠯᠡ ᠲᠣᠳᠣ ᠣᠨᠴᠠᠯᠢᠭ ᠲᠠᠢ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠤᠢ ᠪᠤᠯᠭᠠᠵᠤ᠂ ᠵᠢᠭᠤᠯᠴᠢᠯᠠᠯ ᠤᠨ ᠰᠢᠨ᠎ᠡ ᠠᠮᠢᠯᠠᠯ ᠤᠨ ᠬᠦᠴᠥᠨ ᠢ ᠨᠡᠮᠡᠭᠳᠡᠬᠦᠯᠵᠤ ᠪᠤᠢ᠃    ᠷᠠᠰᠢᠶᠠᠨ ᠤ ᠲᠠᠢ ᠸᠧᠶ ᠲᠠᠪᠤᠨ ᠣᠳᠣᠨ ᠲᠠᠰ ᠤᠨ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ᠂ ᠬᠠᠯᠠᠭᠤᠨ ᠷᠠᠰᠢᠶᠠᠨ ᠤ ᠮᠦᠽᠧᠶ᠂ ᠠᠮᠲᠠᠲᠤ ᠢᠳᠡᠭᠡᠨ ᠤ ᠬᠦᠷᠢᠶᠡᠯᠡᠩ᠂ ᠮᠦᠰᠥ ᠴᠠᠰᠥᠨ ᠤ ᠨᠠᠶᠢᠷ ᠵᠡᠷᠭᠡ ᠭᠤᠤᠯᠳᠠᠯᠭ᠎ᠠ ᠲᠠᠢ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠯᠠᠭᠤᠨ ᠷᠠᠰᠢᠶᠠᠨ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ᠂ ᠠᠮᠠᠷᠠᠯᠲᠠ ᠶᠢᠨ ᠭᠠᠵᠠᠷ᠂ ᠪᠠᠭᠤᠳᠠᠯ᠂ ᠢᠳᠡᠭᠡᠨ ᠤᠮᠳᠠᠭᠠᠨ ᠵᠡᠷᠭᠡ 5 ᠶᠡᠭᠡ ᠪᠠᠷᠢᠮᠵᠢᠶᠠᠵᠢᠭᠰᠠᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠭᠰᠠᠨ ᠪᠠᠶᠢᠨ᠎ᠠ᠃    ᠷᠠᠰᠢᠶᠠᠨ ᠬᠤᠳᠠ ᠪᠠᠰᠠ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠪᠤᠳᠠᠰ ᠤᠨ ᠪᠤᠰᠥ ᠰᠤᠶᠤᠯ + ᠵᠢᠭᠤᠯᠴᠢᠯᠠᠯ︾ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ᠤᠢ ᠰᠢᠭᠤᠢ + ᠮᠥᠰᠥ ᠴᠠᠰᠤ︾᠂ ︽ᠡᠪᠦᠯ ᠤᠨ ᠤᠯᠠᠷᠢᠯ ᠤᠨ ᠵᠢᠭᠤᠯᠴᠢᠯᠠᠯ + ᠪᠡᠶ᠎ᠡ ᠶᠢᠨ ᠲᠠᠮᠢᠷ ᠤᠨ ᠬᠦᠳᠡᠯᠭᠡᠭᠡᠨ︾ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠤᠷᠭᠠᠭᠤᠯᠢ ᠶᠢᠨ ᠠᠨᠳᠠ ᠶᠢᠨ ᠠᠵᠤ ᠠᠬᠤᠶ ᠶᠢᠨ ᠶᠠᠷᠢᠶᠠᠨ ᠤ ᠲᠠᠪᠴᠠᠩ᠂ ᠵᠢᠭᠤᠯᠴᠢᠯᠠᠯ ᠤᠨ ᠶᠡᠭᠡ ᠬᠤᠷᠠᠯ ᠵᠡᠷᠭᠡ ᠳᠡᠭᠡᠳᠦ ᠲᠡᠰ ᠤᠨ ᠶᠠᠷᠢᠶᠠᠨ ᠤ ᠲᠠᠪᠴᠠᠩ ᠢ ᠡᠷᠬᠢᠯᠡᠵᠦ᠂ ᠶᠠᠷᠢᠶᠠᠨ ᠤ ᠲᠠᠪᠴᠠᠩ ᠤᠨ ᠠᠵᠠ ᠵᠠᠪᠰᠢᠶᠠᠨ ᠢᠶᠠᠷ ᠰᠤᠶᠤᠯ ᠵᠢᠭᠤᠯᠴᠢᠯᠠᠯ ᠢ ᠬᠠᠮᠳᠥ ᠳᠤᠨᠢ ᠬᠦᠭᠵᠢᠬᠦᠯᠵᠤ᠂ ᠪᠦᠬᠦ ᠬᠤᠳᠠ ᠶᠢᠨ ᠵᠢᠯ ᠤᠨ ᠬᠦᠯᠢᠶᠡᠨ ᠠᠪᠤᠭᠰᠠᠨ ᠵᠢᠭᠤᠯᠴᠢᠯᠠᠭᠰᠠᠳ ᠤᠨ ᠲᠤᠭ᠎ᠠ 200 ᠲᠦᠮᠡ — 500 ᠲᠦᠮᠡᠨ ᠬᠥᠮᠦᠨ ᠤᠳᠠᠭ᠎ᠠ ᠳᠤ ᠬᠦᠷᠴᠡᠢ᠃ ᠵᠢᠭᠤᠯᠴᠢᠯᠠᠯ ᠤᠨ ᠦᠢᠯᠡᠰ ᠡᠷᠬᠢᠯᠡᠭᠰᠡᠡ ᠬᠥᠮᠦᠨ ᠤ ᠲᠤᠭ᠎ᠠ 1 ᠲᠦᠮᠡ ᠰᠢᠬᠠᠮ ᠪᠠᠶᠢᠭᠰᠠᠨ ᠠᠴᠠ ᠪᠠᠨ ᠨᠡᠮᠡᠭᠳᠡᠭᠡᠳ 1.4 ᠲᠦᠮᠡ ᠪᠤᠯᠵᠤ᠂ ᠵᠢᠭᠤᠯᠴᠢᠯᠠᠯ ᠤᠨ ᠦᠢᠯᠡᠰ ᠨᠢ ᠨᠢᠭᠡᠨᠲᠡ ᠷᠠᠰᠢᠶᠠᠨ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠭᠤᠣᠯ ᠬᠥᠳᠡᠯᠭᠡᠭᠦᠷ︾ ᠪᠣᠯᠵᠠᠢ᠃    ᠠᠷᠪᠠᠨ ᠵᠢᠯ ᠤᠨ ᠲᠤᠷᠰᠢ᠂ ᠷᠠᠰᠢᠶᠠᠨ ᠬᠤᠲᠠ ᠢᠮᠠᠭᠲᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ᠂ ᠵᠢᠭᠤᠯᠴᠢᠯᠠᠯ ᠢ ᠬᠥᠭᠵᠢᠭᠦᠯᠬᠦ᠂ ᠠᠮᠢ ᠠᠬᠤᠶ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠶᠡᠷᠦᠩᠬᠡᠶᠢᠯᠡᠨ ᠵᠢᠯᠣᠭᠤᠳᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠶᠡᠭᠡ ᠶᠠᠪᠤᠳᠠᠯ﹀ ᠵᠢᠴᠢ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠵᠤ᠂ ᠵᠢᠭᠤᠯᠴᠢᠯᠠᠯ ᠢ ᠦᠷᠭᠦᠯᠵᠢᠯᠡᠨ ᠬᠦᠭᠵᠢᠬᠦᠯᠵᠤ᠂ ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠨᠡᠭᠡᠭᠡᠵᠡᠢ᠃    ᠷᠠᠰᠢᠶᠠᠨ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ ᠪᠠᠶᠢᠭᠤᠯᠵᠤ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠴᠢᠬᠤᠯᠠ ᠬᠠᠷᠠᠯᠲᠠ ᠶᠢ ᠪᠡᠶᠡᠯᠡᠭᠦᠯᠵᠦ᠂ ᠷᠠᠰᠢᠶᠠᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠭᠰᠠᠭᠠᠷ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号