ᠶᠠᠩ ᠶᠦᠩ ᠵᠢᠦ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠢᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ  ᠬᠤᠷᠡᠯ ᠵᠢᠴᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/13
     11 ᠰᠠᠷ᠎ᠠ ᠶᠢᠨ 10 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠡᠯ ᠵᠢᠴᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠡ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦᠭᠦᠸ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠵᠢᠴᠢ ᠨᠢᠭᠡᠳᠦᠮᠡᠯ ᠹᠷᠣᠨᠲ᠂ ᠱᠠᠰᠢᠨ ᠰᠤᠷᠲᠠᠬᠤᠨ᠂ ᠦᠵᠡᠯ ᠤᠬᠠᠮᠰᠠᠷ ᠤᠨ ᠬᠡᠯᠪᠡᠷᠢ᠂ ᠴᠡᠷᠢᠭ ᠠᠴᠠ ᠬᠠᠯᠠᠭᠳᠠᠭᠰᠠᠳ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠵᠡᠷᠭᠡ ᠠᠵᠢᠯ ᠤᠨ ᠪᠠᠶᠢᠳᠠᠯ ᠢ ᠰᠣᠨᠣᠰᠴᠤ᠂ ᠭᠤᠣᠯ ᠰᠡᠳᠦᠪᠲᠦ ᠬᠥᠮᠦᠵᠢᠯ ᠤᠨ ᠬᠤᠲᠠ ᠶᠢᠨ ᠱᠠᠲᠤᠨ ᠤ ᠠᠰᠠᠭᠤᠳᠠᠯ ᠤᠨ ᠲᠣᠳᠣᠷᠬᠠᠢ ᠬᠠᠭᠤᠳᠠᠰᠤ ᠪᠠ ᠲᠤᠰᠬᠠᠢ ᠴᠡᠭᠴᠡᠯᠡᠨ ᠵᠠᠰᠠᠯᠲᠠ ᠶᠢᠨ ᠲᠣᠳᠣᠷᠬᠠᠢ ᠬᠠᠭᠤᠳᠠᠰᠤ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃      ᠬᠤᠷᠠᠯ ᠠᠴᠠ᠂ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠵᠢᠯᠣᠭᠤᠳᠤᠯᠭ᠎ᠠ ᠪᠣᠯᠭᠠᠵᠤ᠂ ᠡᠮᠡᠭᠲᠡᠶᠢᠴᠦᠳ ᠬᠡᠦᠬᠡᠳ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠵᠡᠷᠭᠡ ᠠᠵᠢᠯ ᠢ ᠭᠦᠨᠵᠡᠭᠡᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ ᠥᠭᠬᠦ ᠬᠡᠷᠡᠭᠲᠡᠢ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠰᠠᠭᠤᠷᠢᠯᠠᠵᠤ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠪᠥᠭᠡᠳ ᠪᠣᠳᠠᠲᠠᠢ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ︽ᠭᠤᠷᠪᠠ ᠶᠢ ᠨᠢᠭᠡ ᠴᠣᠭᠴᠠᠵᠢᠭᠤᠯᠬᠤ ︾ ᠪᠣᠭᠤᠮᠲᠠ ᠶᠢᠨ ᠬᠥᠭᠵᠢᠯᠲᠡ ᠶᠢᠨ ᠵᠠᠭᠪᠤᠷ ᠲᠤ ᠰᠠᠭᠤᠷᠢᠯᠠᠨ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠲᠦᠪᠰᠢᠨ ᠢ ᠳᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠨᠴᠠᠯᠢᠭᠲᠤ ᠲᠠᠷᠢᠵᠦ ᠲᠡᠵᠢᠭᠡᠬᠦ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠪᠠᠷ ᠭᠤᠣᠯ ᠰᠢᠵᠢᠮ ᠪᠣᠯᠭᠠᠨ᠂ ᠦᠵᠡᠯ ᠰᠠᠨᠠᠭᠠᠨ ᠤ ᠤᠬᠠᠭᠤᠯᠭ᠎ᠠ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠠᠨᠠᠷ ᠤᠨ ᠦᠷ᠎ᠡ ᠰᠢᠭ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠣᠨ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠥᠷᠪᠡ ᠶᠢ ᠰᠢᠯᠢᠳᠡᠭᠵᠢᠭᠦᠯᠵᠦ ᠳᠥᠷᠪᠡ ᠶᠢ ᠰᠢᠢᠳᠪᠦᠷᠢᠯᠡᠬᠦ︾ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠤᠨᠤᠯ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠣᠨ᠂ ᠤᠯᠠᠨ ᠲᠦᠮᠡᠨ ᠳᠤ ᠦᠨᠡᠨ ᠪᠣᠳᠠᠲᠠᠢ ᠪᠠᠷ ᠪᠣᠳᠠᠲᠣ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠠᠵᠢᠯ ᠤᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠨ᠂ ︽ᠲᠠᠩᠰᠠ ᠲᠤᠰᠢᠶᠠᠬᠤ︾ ᠪᠠ ︽ᠲᠠᠯᠳᠠ ᠬᠦᠴᠦᠨ ᠢ ᠠᠭᠤᠳᠠᠯᠬᠤ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠠ ᠲᠣᠬᠢᠶᠠᠯ ᠤᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠣᠯᠣᠯᠴᠠᠨ ᠵᠣᠬᠢᠴᠠᠭᠤᠯᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠵᠢᠷᠤᠭ ᠡᠯᠭᠦᠨ ᠪᠠᠶᠢᠯᠳᠤᠵᠤ᠂ ᠰᠢᠰᠲ᠋ᠧᠮᠴᠢᠯᠡᠭᠰᠡᠨ ᠰᠡᠳᠬᠢᠬᠦᠢ ᠪᠠᠷ ︽ᠤᠮᠠᠷᠠᠲᠤ ᠶᠢᠨ ᠭᠤᠷᠪᠠᠨ ᠣᠷᠣᠨ +︾ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号