ᠳᠠᠭᠠᠯᠳᠤᠭᠤᠯᠤᠯ 1 | ᠷᠠᠰᠢᠶᠠᠨ ᠬᠤᠲᠠ ᠶᠢᠨ ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠪᠠᠴᠢᠮ | ᠪᠠᠶᠢᠳᠠᠯ ᠢ ᠠᠷᠭᠠᠴᠠᠭᠠᠬᠤ ᠲᠥᠰᠥᠯ | ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠪᠠᠶᠢᠭᠠᠯᠢ ᠶᠢᠨ ᠭᠠᠢ ᠭᠠᠮᠰᠢᠭ᠂ ᠡ᠊ᠨᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ | ᠪᠤᠶᠤ ᠪᠤᠰᠤᠳ ᠣᠨᠴᠠᠭᠠᠶ ᠬᠦᠴᠦᠨ ᠵᠦᠢᠯ ᠠᠴᠠ ᠪᠣᠯᠵᠤ ᠶᠠᠳᠠᠭᠤ ᠠᠴᠠ ᠠᠩᠭᠢᠵᠢᠷᠠᠭᠰᠠᠨ ᠡᠷᠦᠬᠡ ᠳᠠᠬᠢᠨ | ᠶᠠᠳᠠᠭᠤᠷᠠᠬᠤ᠂ ᠬᠢᠨᠠᠨ ᠬᠡᠮᠵᠢᠬᠦ ᠡᠷᠦᠬᠡ ᠵᠢᠴᠢ ᠪᠤᠰᠤᠳ ᠲᠠᠷᠢᠶᠠᠴᠢᠨ ᠡᠷᠦᠬᠡ ᠶᠢᠨ ᠶᠠᠳᠠᠭᠤᠷᠠᠬᠤ ᠵᠡᠷᠭᠡ | ᠭᠡᠨᠡᠳᠲᠡ ᠶᠢᠨ ᠪᠠᠶᠢᠳᠠᠯ ᠢ ᠪᠦᠲᠦᠮᠵᠢᠲᠡᠶ ᠠᠷᠭᠠᠴᠠᠭᠠᠨ ᠰᠡᠷᠭᠡᠶᠢᠯᠡᠵᠦ᠂ ᠪᠦᠬᠦ ᠬᠤᠲᠠ ᠶᠢᠨ ᠲᠠᠷᠢᠶᠠᠴᠢᠨ ᠡᠷᠦᠬᠡ ᠳᠤ | ᠣᠷᠣᠨ ᠪᠦᠰᠡ ᠶᠢᠨ ᠴᠢᠨᠠᠷᠲᠠᠢ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠠᠰᠠᠭᠤᠳᠠᠯ ᠭᠠᠷᠬᠤ ᠦᠭᠡᠢ | ᠪᠠᠶᠢᠬᠤ ᠶᠢ ᠪᠠᠲᠤᠯᠠᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠵᠡᠷᠭᠡ 9 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠭᠠᠮᠰᠢᠭ | ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠲᠤᠬᠠᠢ ᠮᠡᠳᠡᠭᠳᠡᠯ︾ ᠵᠢᠴᠢ ᠣᠷᠣᠨ ᠠᠶᠢᠮᠠᠭ ᠬᠤᠶᠠᠷ ᠱᠠᠲᠤᠨ ᠤ ᠭᠠᠮᠰᠢᠭ ᠠᠴᠠ | ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ᠂ ᠤᠷᠤᠨ᠂ ᠠᠶᠢᠮᠠᠭ᠂ ᠬᠤᠳᠠ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠲᠤᠬᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠬᠡᠷᠡᠭᠵᠢᠭᠦᠯᠵᠦ᠂ ᠭᠠᠮᠰᠢᠭ ᠠᠴᠠ | ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ | ᠭᠠᠮᠰᠢᠭ ᠠᠴᠠ ᠪᠣᠯᠵᠤ ᠲᠠᠬᠢᠨ ᠶᠠᠳᠠᠭᠤᠷᠠᠬᠤ ᠲᠦᠭᠰᠢᠭᠦᠷᠢ ᠲᠠᠢ ᠭᠠᠮᠰᠢᠭᠳᠠᠭᠰᠠᠨ ᠣᠷᠣᠨ᠂ ᠭᠠᠮᠰᠢᠭᠳᠠᠭᠰᠠᠨ | ᠡᠲᠡᠭᠡᠳ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠠᠷᠭ᠎ᠠ ᠪᠦᠬᠦᠨ ᠢ | ᠰᠦᠪᠡᠭᠴᠢᠯᠡᠨ ᠰᠠᠶᠢᠲᠤᠷ ᠬᠢᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠂ ᠤᠤᠭᠤᠬᠤ | ᠤᠰᠤᠨ ᠤ ᠠᠮᠤᠷ ᠲᠦᠪᠰᠢᠨ ᠪᠠ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠣᠨ᠂ | ᠪᠦᠲᠦᠮᠵᠢᠲᠡᠶ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠨᠠᠶᠢᠳᠠᠪᠤᠷᠢᠵᠢᠭᠤᠯᠣᠨ᠂ | ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠦᠵᠡᠭᠳᠡᠯ ᠡᠬᠦᠰᠬᠦ ᠦᠭᠡᠢ ᠪᠠᠶᠢᠬᠤ ᠶᠢ ᠡᠷᠡᠰ ᠰᠠᠬᠢᠬᠤ ᠬᠡᠷᠡᠭᠲᠡᠢ᠃ | ᠬᠤᠶᠠᠷ᠂ ᠬᠡᠷᠡᠭᠯᠡᠬᠦ ᠬᠡᠪᠴᠢᠶ᠎ᠡ | ᠲᠣᠰ ᠠᠵᠢᠯ ᠤᠨ ᠲᠥᠰᠥᠯ ᠳᠤ ᠭᠠᠮᠰᠢᠭ ᠠᠴᠠ ᠪᠣᠯᠵᠤ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠬᠦᠨᠳᠦ | ᠨᠣᠴᠢᠲᠠᠢ ᠬᠦᠴᠢᠷᠳᠡᠯ ᠤᠴᠠᠷᠠᠭᠤᠯᠤᠭᠰᠠᠨ ᠪᠤᠶᠤ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ | ᠲᠦᠪᠰᠢᠨ ᠳᠤ ᠲᠣᠪᠣᠶᠢᠮ᠎ᠠ ᠠᠰᠠᠭᠤᠳᠠᠯ ᠭᠠᠷᠤᠭᠰᠠᠨ᠂ ᠲᠣᠰ ᠪᠡᠶ᠎ᠡ ᠶᠢᠨ ᠬᠦᠴᠦᠨ ᠳᠡᠭᠡᠨ ᠲᠦᠰᠢᠭᠯᠡᠭᠡᠳ | ᠰᠢᠢᠳᠪᠦᠷᠢᠯᠡᠬᠦ ᠳᠤ ᠪᠡᠷᠬᠡᠲᠡᠢ᠂ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠲᠠᠷᠢᠶᠠᠴᠢᠨ ᠡᠷᠦᠬᠡ ᠶᠢ | ᠬᠢᠨᠠᠨ ᠬᠡᠮᠵᠢᠵᠦ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠤᠨ᠎ᠠ᠃ | ᠲᠣᠰ ᠠᠵᠢᠯ ᠤᠨ ᠲᠥᠰᠥᠯ ᠳᠤ ᠵᠢᠭᠠᠵᠤ ᠪᠠᠶᠢᠭ᠎ᠠ ᠭᠠᠮᠰᠢᠭ ᠤᠨ ᠰᠢᠯᠲᠠᠭᠠᠨ ᠳᠤ ᠳᠣᠣᠷᠠᠬᠢ ᠭᠤᠷᠪᠠᠨ ᠶᠡᠭᠡ | ᠲᠥᠷᠥᠯ ᠪᠠᠭᠲᠠᠨ᠎ᠠ᠄ | ︵ᠨᠢᠭᠡ︶ ᠪᠠᠶᠢᠭᠠᠯᠢ ᠶᠢᠨ ᠭᠠᠮᠰᠢᠭ᠃ ᠡᠭᠦᠨ ᠳᠤ ᠭᠤᠣᠯᠳᠠᠭᠤ ᠦᠶᠡᠷ ᠤᠰᠤᠳᠤᠯ ᠭᠠᠩ ᠬᠠᠭᠰᠠᠷᠠᠭᠠᠨ ᠤ | ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ ᠭᠠᠵᠠᠷ ᠰᠢᠨᠵᠢᠯᠡᠭᠡᠨ ᠤ ᠭᠠᠮᠰᠢᠭ᠂ | ᠠᠮᠢᠳᠤ ᠪᠣᠳᠠᠰ ᠤᠨ ᠭᠠᠮᠰᠢᠭ ᠪᠠ ᠭᠠᠯ ᠤᠨ ᠭᠠᠮᠰᠢᠭ ᠵᠡᠷᠭᠡ ᠪᠠᠭᠲᠠᠨ᠎ᠠ᠃ | ︵ᠬᠤᠶᠠᠷ︶ ᠡ᠊ᠨᠳᠡᠯ ᠤᠨ ᠭᠠᠢ ᠭᠠᠮᠰᠢᠭ᠃ ᠡᠭᠦᠨ ᠳᠤ ᠭᠤᠣᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ | ᠬᠤᠳᠠᠯᠳᠤᠭ᠎ᠠ ᠵᠡᠷᠭᠡ ᠠᠵᠤ ᠠᠬᠤᠶᠢᠯᠠᠯ ᠤᠨ ᠡᠯ᠎ᠡ ᠵᠦᠢᠯ ᠤᠨ ᠠᠶᠤᠯᠭᠦᠢ ᠶᠢᠨ ᠡ᠊ᠨᠳᠡᠯ᠂ ᠵᠠᠮ ᠲᠡᠭᠡᠭᠡᠪᠦᠷᠢ ᠶᠢᠨ | ᠡ᠊ᠨᠳᠡᠯ᠂ ᠤᠯᠠᠨ ᠨᠡᠶᠢᠲᠡ ᠶᠢᠨ ᠲᠥᠬᠦᠭᠡᠷᠦᠮᠵᠢ ᠪᠠ ᠲᠥᠬᠦᠭᠡᠷᠦᠮᠵᠢ ᠶᠢᠨ ᠡ᠊ᠨᠳᠡᠯ᠂ ᠣᠷᠴᠢᠨ ᠠᠬᠤᠢ ᠶᠢᠨ ᠪᠣᠬᠢᠷᠲᠤᠯ | ᠪᠠ ᠠᠮᠢ ᠠᠬᠤᠢ ᠶᠢᠨ ᠡᠪᠳᠡᠭᠳᠡᠯ ᠤᠨ ᠬᠡᠷᠡᠭ ᠵᠡᠷᠭᠡ ᠪᠠᠭᠲᠠᠨ᠎ᠠ᠃ | ︵ᠭᠤᠷᠪᠠ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠃ ᠡᠭᠦᠨ ᠳᠤ ᠭᠤᠣᠯᠳᠠᠭᠤ | ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ᠂ ᠰᠢᠯᠲᠠᠭᠠᠨ ᠨᠢ ᠲᠣᠳᠣᠷᠬᠠᠢ ᠦᠭᠡᠢ ᠬᠠᠮᠲᠤᠯᠢᠭ ᠤᠨ ᠴᠢᠨᠠᠷᠲᠠᠢ | ᠡᠪᠡᠳᠴᠢᠨ᠂ ᠲᠦᠷᠭᠡᠨ ᠴᠢᠨᠠᠷᠲᠠᠢ ᠬᠤᠣᠷᠳᠠᠯᠭ᠎ᠠ ᠶᠢᠨ ᠬᠡᠷᠡᠭ᠂ ᠢᠳᠡᠭᠡᠨ ᠪᠠ ᠡᠮ ᠤᠨ ᠵᠦᠢᠯᠡᠰ ᠤᠨ ᠠᠶᠤᠯᠭᠦᠢ ᠶᠢᠨ | ᠬᠡᠷᠡᠭ᠂ ᠠᠮᠢᠲᠠᠨ ᠤ ᠬᠢᠵᠢᠭ ᠤᠨ ᠪᠠᠶᠢᠳᠠᠯ᠂ ᠤᠯᠠᠨ ᠨᠡᠶᠢᠲᠡ ᠶᠢᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ | ᠲᠦᠪᠰᠢᠨ ᠢ ᠬᠦᠨᠳᠦ ᠨᠣᠴᠢᠲᠠᠢ ᠨᠥᠯᠥᠭᠡᠯᠡᠭᠰᠡᠨ ᠪᠤᠰᠤᠳ ᠬᠡᠷᠡᠭ ᠪᠠᠭᠲᠠᠨ᠎ᠠ᠃ | ᠭᠤᠷᠪᠠ᠂ ᠠᠵᠢᠯ ᠤᠨ ᠵᠠᠷᠴᠢᠮ | ︵ᠨᠢᠭᠡ︶ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠶᠢ | ᠪᠠᠷᠢᠮᠲᠠᠯᠠᠨ᠎ᠠ᠃ ᠭᠠᠮᠰᠢᠭ ᠭᠠᠷᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠰᠠᠯᠠᠭ᠎ᠠ | ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ | ᠬᠠᠮᠲᠤᠪᠠᠷ ᠡᠳ᠋ᠯᠡᠵᠦ᠂ ᠲᠦᠭᠰᠢᠭᠦᠷᠢ ᠶᠢᠨ ᠰᠦᠪᠡᠭᠴᠢ ᠶᠢ ᠴᠠᠭ ᠲᠤᠬᠠᠢ ᠳᠤᠨᠢ ᠬᠦᠷᠭᠡᠨ᠂ ᠴᠠᠭ ᠲᠤᠬᠠᠢ ᠳᠤᠨᠢ | ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ | ᠲᠣᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠪᠥᠬᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠨ᠎ᠠ | ᠃ ᠭᠠᠮᠰᠢᠭ ᠡᠭᠦᠰᠦᠭᠰᠡᠨ ᠤ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ | ᠳᠠᠷᠤᠶᠢᠬᠠᠨ ᠬᠠᠮᠢᠶ᠎ᠠ ᠪᠦᠬᠦᠢ ᠪᠠᠯᠭᠠᠰᠤ᠂ ᠲᠣᠰᠬᠤᠨ ᠢ ᠵᠣᠬᠢᠶᠠᠨ ᠪᠠᠶᠢᠭᠤᠯᠵᠤ ᠴᠠᠭ ᠲᠤᠬᠠᠢ ᠳᠤᠨᠢ ᠳᠠᠭᠠᠬᠤ ᠪᠠ | ᠵᠥᠪᠳᠡᠯᠴᠡᠨ ᠰᠤᠳᠤᠯᠤᠨ ᠮᠠᠭᠠᠳᠯᠠᠬᠤ ᠠᠵᠢᠯ ᠢ ᠡᠬᠢᠯᠡᠭᠦᠯᠵᠦ᠂ ᠲᠦᠭᠰᠢᠭᠦᠷᠢ ᠶᠢᠨ ᠰᠦᠪᠡᠭᠴᠢ ᠶᠢ ᠪᠥᠬᠦ ᠲᠠᠯ᠎ᠠ ᠪᠠᠷ | ᠴᠤᠭᠯᠠᠭᠤᠯᠤᠨ᠂ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠲᠠᠷᠢᠶᠠᠴᠢᠨ ᠡᠷᠦᠬᠡ ᠳᠤ | ᠭᠤᠣᠯᠳᠠᠯᠭ᠎ᠠ ᠲᠠᠢ ᠬᠢᠨᠠᠨ ᠪᠠᠶᠢᠴᠠᠭᠠᠯᠲᠠ ᠬᠢᠵᠦ᠂ ᠨᠢᠭᠡ ᠡᠷᠦᠬᠡ ᠨᠢᠭᠡ ᠬᠥᠮᠥᠨ ᠢ ᠴᠦ ᠣᠷᠬᠢᠭᠳᠠᠭᠤᠯᠵᠤ ᠪᠤᠯᠬᠤ | ᠦᠭᠡᠢ᠃ | ︵ᠭᠤᠷᠪᠠ︶ ᠲᠦᠷᠭᠡᠨ ᠢᠯᠭᠠᠨ ᠲᠠᠨᠢᠵᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠶᠢ ᠪᠠᠷᠢᠮᠲᠠᠯᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨ ᠬᠤᠯᠪᠣᠭᠳᠠᠯ ᠪᠦᠬᠦᠢ ᠪᠠᠯᠭᠠᠰᠤ᠂ | ᠲᠣᠰᠬᠤᠨ ᠢ ᠵᠣᠬᠢᠶᠠᠨ ᠪᠠᠶᠢᠭᠤᠯᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠢᠯᠭᠠᠨ ᠲᠠᠨᠢᠵᠤ ᠮᠠᠭᠠᠳᠯᠠᠨ | ᠲᠣᠭᠲᠠᠭᠠᠬᠤ ᠠᠵᠢᠯ ᠢ ᠲᠦᠷᠭᠡᠨ ᠥᠷᠨᠢᠭᠦᠯᠵᠦ᠂ ᠭᠠᠮᠰᠢᠭᠳᠠᠭᠰᠠᠨ ᠡᠲᠡᠭᠡᠳ ᠢ ᠡᠷᠲᠡ ᠢᠯᠡᠷᠡᠭᠦᠯᠬᠦ᠂ ᠡᠷᠲᠡ | ᠮᠡᠳᠡᠭᠦᠯᠬᠦ᠂ ᠡᠷᠲᠡ ᠬᠠᠪᠰᠤᠷᠤᠨ ᠲᠡᠳᠬᠦᠬᠦ ᠶᠢ ᠪᠠᠲᠤᠯᠠᠬᠤ ᠬᠡᠷᠡᠭᠲᠡᠢ᠃ | ︵ᠳᠥᠷᠪᠡ︶ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ᠂ ᠤᠷᠢᠳᠠᠪᠠᠷ ᠠᠪᠤᠷᠠᠨ | ᠲᠤᠰᠠᠯᠠᠬᠤ ᠶᠢ ᠪᠠᠷᠢᠮᠲᠠᠯᠠᠨ᠎ᠠ᠃ ᠭᠠᠮᠰᠢᠭ ᠠᠴᠠ ᠪᠣᠯᠵᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠳᠤ | ᠣᠷᠣᠭᠤᠯᠤᠭᠰᠠᠨ ᠭᠠᠮᠰᠢᠭᠳᠠᠭᠰᠠᠨ ᠲᠠᠷᠢᠶᠠᠴᠢᠨ ᠡᠷᠦᠬᠡ ᠳᠤ ︽ᠶᠠᠭᠤ ᠳᠤᠲᠠᠭᠳᠠᠪᠠᠯ ᠶᠠᠭᠤ ᠶᠢ ᠨᠢ ᠨᠥᠬᠦᠪᠦᠷᠢᠯᠡᠬᠦ︾ | ᠵᠠᠷᠴᠢᠮ ᠶᠣᠰᠣᠭᠠᠷ᠂ ᠡᠯ᠎ᠡ ᠲᠥᠷᠥᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ᠂ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠬᠡᠷᠡᠭᠲᠡᠢ᠃ ᠣᠨᠴᠠᠭᠠᠶ ᠪᠠᠶᠢᠳᠠᠯ | ᠳᠣᠣᠷ᠎ᠠ ᠤᠷᠢᠳᠠᠪᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠵᠦ᠂ ᠳᠠᠷᠠᠭ᠎ᠠ ᠨᠢ ᠬᠤᠯᠪᠣᠭᠳᠠᠯ ᠪᠦᠬᠦᠢ ᠲᠠᠰ | ᠳᠠᠷᠠᠭᠠᠯᠠᠯ ᠢ ᠭᠦᠢᠴᠡᠳᠬᠡᠬᠦ ᠶᠢᠨ ᠬᠠᠮᠲᠤ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ | ᠪᠠ ᠵᠣᠯᠭᠠᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠮᠡᠳᠡᠭᠡ ᠵᠠᠩᠭᠢ ᠶᠢᠨ | ᠰᠢᠰᠲ᠋ᠧᠮ ᠳᠤ ᠣᠷᠣᠭᠤᠯᠵᠤ᠂ ᠭᠠᠮᠰᠢᠭ ᠠᠴᠠ ᠪᠣᠯᠤᠭᠰᠠᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ | ᠬᠦᠷᠲᠡᠯ᠎ᠡ ᠪᠠᠭᠤᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠳᠥᠷᠪᠡ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ | ᠭᠠᠮᠰᠢᠭ ᠠᠴᠠ ᠪᠣᠯᠤᠭᠰᠠᠨ ᠳᠠᠬᠢᠨ ᠶᠠᠳᠠᠭᠤᠷᠠᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ | ᠪᠠᠲᠤᠯᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠤᠯᠭᠠᠭᠰᠠᠨ᠂ ᠬᠤᠲᠠ ᠶᠢᠨ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠴᠠᠭ ᠠᠭᠤᠷ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠡᠯ᠎ᠡ ᠪᠠᠯᠭᠠᠰᠤᠨ ᠤ ᠨᠠᠮ ᠤᠨ | ᠬᠤᠷᠢᠶ᠎ᠠ ᠶᠢᠨ ᠱᠦᠵᠢ ᠪᠠᠷ ᠪᠦᠷᠢᠯᠳᠦᠭᠦᠨ ᠪᠣᠯᠭᠠᠭᠰᠠᠨ ᠷᠠᠰᠢᠶᠠᠨ ᠬᠤᠲᠠ ᠶᠢᠨ ᠭᠠᠮᠰᠢᠭ ᠠᠴᠠ ᠪᠣᠯᠵᠤ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠭᠠᠮᠰᠢᠭ ᠠᠴᠠ ᠪᠣᠯᠵᠤ ᠣᠷᠣᠨ ᠪᠦᠰᠡ ᠶᠢᠨ ᠴᠢᠨᠠᠷᠲᠠᠢ᠂ | ᠬᠡᠪᠴᠢᠶᠡᠵᠢᠭᠰᠡᠨ ᠴᠢᠨᠠᠷᠲᠠᠢ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠪᠠᠴᠢᠮ ᠠᠷᠭᠠᠴᠠᠭᠠᠬᠤ ᠳᠤ | ᠬᠡᠷᠡᠭᠵᠢᠭᠦᠯᠬᠦ ᠪᠣᠳᠠᠲᠠᠢ ᠠᠵᠢᠯ ᠢ ᠬᠠᠷᠢᠭᠤᠴᠠᠨ᠎ᠠ᠃ | ᠲᠠᠪᠤ᠂ ᠪᠡᠯᠡᠳᠬᠡᠯ ᠲᠥᠰᠥᠯ ᠢ ᠡᠬᠢᠯᠡᠭᠦᠯᠬᠦ | ᠤᠳᠠᠯ ᠦᠭᠡᠢ ᠡᠭᠦᠰᠬᠦ ᠪᠤᠶᠤ ᠶᠠᠭ ᠡᠭᠦᠰᠴᠦ ᠪᠠᠶᠢᠭ᠎ᠠ ᠭᠡᠨᠡᠳᠲᠡ ᠶᠢᠨ ᠨᠡᠯᠢᠶᠡᠳ ᠲᠤᠮᠤ ᠶᠡᠭᠡ ᠬᠡᠷᠡᠭ | ᠶᠠᠪᠤᠳᠠᠯ ᠢ ᠤᠷᠢᠳᠴᠢᠯᠠᠨ ᠮᠡᠳᠡᠬᠦ ᠶᠢᠨ ᠲᠥᠯᠥᠭᠡ᠂ ᠬᠤᠲᠠ ᠶᠢᠨ ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠠᠴᠠ | ᠪᠡᠯᠡᠳᠬᠡᠯ ᠲᠥᠰᠥᠯ ᠢ ᠡᠬᠢᠯᠡᠭᠦᠯᠬᠦ ᠪᠠᠷ ᠨᠡᠶᠢᠲᠡᠯᠡᠬᠦ ᠬᠡᠷᠡᠭᠲᠡᠢ᠃ ᠡᠭᠦᠰᠬᠦ ᠭᠡᠵᠦ ᠪᠠᠶᠢᠭ᠎ᠠ ᠪᠤᠶᠤ ᠶᠠᠭ ᠡᠭᠦᠰᠴᠦ | ᠪᠠᠶᠢᠭ᠎ᠠ ᠭᠡᠨᠡᠳᠲᠡ ᠶᠢᠨ ᠦᠬᠦᠯ ᠰᠢᠷᠬᠠᠲᠤᠯ ᠪᠤᠶᠤ ᠲᠤᠮᠤ ᠶᠡᠭᠡ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠵᠤ | ᠮᠡᠳᠡᠬᠦ ᠶᠢ ᠤᠷᠢᠳᠴᠢᠯᠠᠨ ᠮᠡᠳᠡᠬᠦ ᠦᠶ᠎ᠡ ᠳᠤ ᠲᠤᠬᠠᠢ ᠶᠢᠨ ᠲᠠᠯᠠᠪᠤᠷ ᠲᠤ ᠪᠠᠶᠢᠭᠰᠠᠨ ᠬᠠᠮᠤᠭ ᠤᠨ ᠳᠡᠭᠡᠳᠦ | ᠲᠤᠰᠢᠶᠠᠯ ᠲᠠᠢ ᠬᠥᠮᠥᠰ ᠠᠴᠠ ᠨᠡᠶᠢᠲᠡᠯᠡᠬᠦ ᠪᠠ ᠲᠡᠷᠡ ᠳᠠᠷᠤᠢ ᠳᠤᠨᠢ ᠱᠠᠲᠤ ᠳᠠᠷᠠᠭᠠᠯᠠᠨ ᠬᠠᠷᠢᠭᠤ ᠮᠡᠳᠡᠭᠦᠯᠬᠦ ᠶᠢᠨ | ᠬᠠᠮᠲᠤ ᠲᠡᠷᠡ ᠳᠠᠷᠤᠢ ᠳᠤᠨᠢ ᠠᠵᠢᠯ ᠤᠨ ᠤᠳᠤᠷᠢᠳᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠡᠷᠡᠭᠲᠡᠢ᠃ | ᠵᠢᠷᠭᠤᠭ᠎ᠠ᠂ ᠠᠷᠭᠠᠴᠠᠭᠠᠬᠤ ᠠᠷᠭ᠎ᠠ ᠬᠡᠮᠵᠢᠶ᠎ᠡ | ︵ᠨᠢᠭᠡ︶ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠭᠠᠴᠠᠭᠠᠬᠤ ᠠᠵᠢᠯ ᠢ ᠴᠢᠩᠭᠠᠳᠬᠠᠬᠤ | ᠬᠡᠷᠡᠭᠲᠡᠢ | 1. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ | ᠰᠢᠷᠦᠭᠦᠨ ᠪᠣᠷᠣᠭᠠᠨ᠂ ᠰᠢᠷᠦᠭᠦᠨ ᠰᠣᠯᠢᠭ ᠤᠷᠤᠰᠬᠠᠯ᠂ ᠬᠦᠢᠲᠡᠨ ᠠᠭᠤᠷ ᠠᠮᠢᠰᠬᠤᠯ ᠪᠣᠷᠣᠭᠠᠨ ᠴᠠᠰᠤ | ᠮᠥᠰᠥᠲᠦᠯ ᠤᠨ ᠭᠠᠮᠰᠢᠭ ᠵᠡᠷᠭᠡ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ ᠶᠢ ᠴᠢᠩᠭᠠᠳᠬᠠᠵᠤ᠂ ᠴᠠᠭ | ᠠᠭᠤᠷ ᠤᠨ ᠭᠠᠮᠰᠢᠭ ᠤᠯᠠᠨ ᠭᠠᠷᠳᠠᠭ ᠭᠠᠵᠠᠷ ᠣᠷᠣᠨ ᠳᠤ ᠴᠠᠭ ᠠᠭᠤᠷ ᠤᠨ ᠭᠠᠮᠰᠢᠭ ᠢ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠡᠯ᠎ᠡ ᠪᠠᠯᠭᠠᠰᠤᠨ ᠳᠤ ᠬᠦᠷᠲᠡᠯ᠎ᠡ ᠨᠠᠷᠢᠯᠢᠭᠵᠢᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ᠃ | ᠭᠠᠮᠰᠢᠭ ᠤᠨ ᠲᠥᠷᠥᠯ ᠵᠦᠢᠯ᠂ ᠣᠷᠣᠨ ᠪᠦᠰᠡ᠂ ᠠᠵᠢᠯ ᠲᠥᠷᠥᠯ ᠬᠤᠪᠢᠶᠠᠭᠰᠠᠨ ᠴᠠᠭ ᠠᠭᠤᠷ ᠤᠨ ᠭᠠᠮᠰᠢᠭ ᠤᠨ | ᠨᠥᠯᠥᠭᠡ ᠶᠢ ᠦᠨᠡᠯᠡᠨ ᠵᠢᠱᠢᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠴᠢᠩᠭᠠᠳᠬᠠᠵᠤ᠂ ᠬᠦᠨᠳᠦ ᠶᠡᠭᠡ ᠭᠠᠮᠰᠢᠭ ᠤᠨ ᠴᠢᠨᠠᠷᠲᠠᠢ ᠴᠠᠭ ᠠᠭᠤᠷ ᠤᠨ ᠶᠠᠪᠤᠴᠠ ᠶᠢᠨ ᠨᠠᠷᠢᠯᠢᠭᠵᠢᠭᠤᠯᠤᠭᠰᠠᠨ | ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ ᠭᠡᠨᠡᠳᠲᠡ ᠶᠢᠨ ᠬᠡᠷᠡᠭ ᠤᠨ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠵᠣᠯᠭᠠᠭᠤᠯᠤᠨ ᠬᠡᠷᠡᠭᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ | ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠵᠠᠮ ᠲᠠᠢ ᠵᠣᠯᠭᠠᠭᠤᠯᠬᠤ ᠶᠢ ᠠᠬᠢᠭᠤᠯᠵᠤ᠂ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠣᠨᠣᠪᠴᠢᠲᠠᠶ ᠬᠠᠨᠳᠤᠯᠭ᠎ᠠ ᠲᠠᠢ ᠪᠠᠷ ᠨᠡᠶᠢᠲᠡᠯᠡᠬᠦ ᠮᠡᠷᠭᠡᠵᠢᠯ ᠢ ᠬᠥᠭᠵᠢᠭᠦᠯᠣᠨ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠦᠷᠭᠡᠨ ᠨᠡᠶᠢᠲᠡᠯᠡᠬᠦ ︽ᠰᠠᠭᠠᠳ ᠦᠭᠡᠢ ᠨᠡᠪᠲᠡᠷᠡᠬᠦ ᠵᠠᠮ︾ ᠢ | ᠪᠦᠷᠢᠨᠰᠢᠭᠦᠯᠦᠨ᠎ᠡ᠃ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠴᠢᠩᠭᠠᠷᠠᠭᠤᠯᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠶᠢ ᠬᠤᠯᠪᠣᠭᠳᠠᠯ ᠪᠦᠬᠦᠢ | ᠪᠡᠯᠡᠳᠬᠡᠯ ᠲᠥᠰᠥᠯ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠡᠬᠢᠯᠡᠭᠦᠯᠬᠦ ᠨᠥᠬᠦᠴᠡᠯ ᠳᠤ ᠣᠷᠣᠭᠤᠯᠬᠤ ᠶᠢ | ᠠᠬᠢᠭᠤᠯᠤᠨ᠎ᠠ᠃ | 2. ᠭᠠᠵᠠᠷ ᠰᠢᠨᠵᠢᠯᠡᠭᠡᠨ ᠤ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠷᠠᠭᠤᠯᠤᠨ᠎ᠠ᠃ ᠭᠠᠵᠠᠷ ᠰᠢᠨᠵᠢᠯᠡᠭᠡᠨ ᠤ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠬᠦ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠶᠢ ᠴᠢᠩᠭᠠᠳᠬᠠᠵᠤ᠂ | ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠭᠠᠵᠠᠷ ᠰᠢᠨᠵᠢᠯᠡᠭᠡᠨ ᠤ | ᠭᠠᠮᠰᠢᠭ ᠤᠨ ᠲᠠᠯᠳᠠ ᠭᠡᠮ ᠤᠨ ᠴᠡᠭ ᠤᠨ ᠣᠶᠢᠷ᠎ᠠ ᠬᠠᠪᠢ ᠶᠢᠨ ᠬᠥᠮᠥᠰ ᠢ ᠰᠢᠯᠵᠢᠭᠦᠯᠦᠨ ᠠᠶᠤᠯ ᠠᠴᠠ | ᠵᠠᠶᠢᠯᠠᠭᠤᠯᠬᠤ᠂ ᠲᠥᠷ ᠴᠠᠭ ᠲᠥᠪᠬᠢᠨᠡᠭᠦᠯᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠡᠷᠡᠮᠵᠢᠯᠡᠭᠦᠯᠬᠦ | ᠦᠢᠯᠡᠴᠢᠯᠡᠭᠡ ᠬᠠᠩᠭᠠᠵᠤ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠪᠠ ᠭᠠᠮᠰᠢᠭ ᠤᠨ ᠡᠮᠦᠨ᠎ᠡ ᠠᠶᠤᠯ ᠠᠴᠠ | ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 3. ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ | ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠬᠦ᠂ ᠢᠯᠠᠩᠭᠤᠶ᠎ᠠ ᠳᠤᠮᠳᠠ ᠵᠢᠵᠢᠭ ᠭᠤᠣᠯ ᠮᠥᠷᠡᠨ ᠤ ᠪᠣᠷᠣᠭᠠᠨ ᠤ | ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠦᠶᠡᠷ ᠢ | ᠰᠡᠷᠭᠡᠶᠢᠯᠡᠬᠦ ᠡᠭᠦᠷᠭᠡ ᠲᠠᠢ ᠳᠤᠮᠳᠠ ᠵᠢᠵᠢᠭ ᠭᠤᠣᠯ ᠮᠥᠷᠡᠨ ᠤ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠬᠢᠨᠠᠨ | ᠬᠡᠮᠵᠢᠬᠦ ᠶᠢ ᠨᠡᠶᠢᠳᠡᠮ ᠬᠠᠮᠤᠷᠬᠤ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ | ᠦᠷᠭᠦᠯᠵᠢᠯᠡᠨ ᠥᠷᠨᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠰᠠᠪᠠ ᠭᠠᠵᠠᠷ ᠢᠶᠠᠷ ᠨᠢᠭᠡᠴᠢ ᠪᠣᠯᠭᠠᠭᠰᠠᠨ ᠣᠬᠤᠷ | ᠪᠠ ᠤᠷᠳᠤ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠶᠢ ᠴᠢᠩᠭᠠᠳᠬᠠᠵᠤ᠂ ᠳᠤᠮᠳᠠ ᠵᠢᠵᠢᠭ ᠭᠤᠣᠯ ᠮᠥᠷᠡᠨ ᠤ | ᠦᠶᠡᠷ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠳᠤᠮᠳᠠ ᠵᠢᠵᠢᠭ ᠭᠤᠣᠯ ᠮᠥᠷᠡᠨ ᠤ ᠦᠶᠡᠷ᠂ ᠠᠭᠤᠯᠠᠨ ᠦᠶᠡᠷ ᠤᠨ ᠭᠠᠮᠰᠢᠭ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠢᠳᠡᠪᠬᠢᠲᠡᠢ ᠥᠷᠨᠢᠭᠦᠯᠦᠨ᠎ᠡ᠃ ᠥᠨᠳᠥᠷ ᠪᠦᠲᠦᠮᠵᠢᠲᠡᠶ | ᠨᠠᠷᠢᠯᠢᠭ ᠣᠨᠣᠴᠠᠲᠠᠢ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ ᠣᠯᠠᠨ | ᠲᠠᠪᠴᠠᠩ᠂ ᠣᠯᠠᠨ ᠠᠷᠭ᠎ᠠ ᠵᠠᠮ ᠢ ᠠᠰᠢᠭᠯᠠᠨ᠂ ᠸᠢᠴᠠᠲ ᠤᠨ ᠪᠦᠯᠦᠭ᠂ ᠸᠢᠴᠠᠲ ᠤᠨ ᠨᠡᠶᠢᠲᠡ ᠶᠢᠨ ᠳ᠋ᠤᠭᠠᠷ᠂ | ᠲᠤᠮᠤ ᠯᠠᠪᠠᠷ ᠢᠶᠠᠷ ᠰᠢᠷᠦᠭᠦᠨ ᠪᠣᠷᠣᠭᠠᠨ᠂ ᠭᠤᠣᠯ ᠤᠨ ᠦᠶᠡᠷ᠂ ᠠᠭᠤᠯᠠᠨ ᠦᠶᠡᠷ ᠤᠨ ᠭᠠᠮᠰᠢᠭ᠂ ᠭᠠᠩ | ᠬᠠᠭᠰᠠᠷᠠᠭᠠᠨ ᠵᠡᠷᠭᠡ ᠶᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ᠪᠣᠷᠣᠭᠠᠨ | ᠣᠷᠣᠬᠤ ᠣᠷᠣᠨ᠂ ᠤᠰᠤᠨ ᠲᠦᠪᠰᠢᠨ ᠤ ᠥᠰᠦᠯᠲᠡ ᠶᠢᠨ ᠬᠡᠮᠵᠢᠶ᠎ᠡ ᠵᠡᠷᠭᠡ ᠶᠢᠨ ᠤᠷᠢᠳᠴᠢᠯᠠᠨ ᠮᠡᠳᠡᠭᠡᠯᠡᠬᠦ ᠨᠠᠷᠢᠯᠢᠭ | ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠣᠷᠣᠨ ᠪᠦᠰᠡ ᠪᠠ ᠠᠵᠢᠯᠲᠠᠨ ᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠥᠨᠴᠥᠭ ᠪᠤᠯᠤᠩ ᠦᠭᠡᠢ ᠦᠯᠡᠳᠡᠭᠡᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠰᠢᠷᠦᠭᠦᠨ | ᠪᠣᠷᠣᠭᠠᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠠᠷᠭᠠᠴᠠᠭᠠᠬᠤ ᠠᠵᠢᠯ ᠤᠨ ᠲᠣᠭᠲᠠᠴᠠ ᠶᠢ | ᠪᠠᠷᠢᠮᠲᠠᠯᠠᠨ ᠲᠡᠭᠦᠯᠳᠡᠷᠵᠢᠭᠦᠯᠵᠦ᠂ ᠪᠣᠷᠣᠭᠠᠨ ᠤ ᠤᠷᠢᠳᠴᠢᠯᠠᠭᠰᠠᠨ ᠮᠡᠳᠡᠭᠡ ᠶᠢ ᠦᠨᠳᠦᠰᠦᠯᠡᠨ᠂ ᠠᠶᠤᠯᠲᠠᠢ ᠣᠷᠣᠨ | ᠪᠠ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ᠂ ᠲᠣᠬᠢᠲᠠᠢ | ᠲᠥᠪᠬᠢᠨᠡᠭᠦᠯᠬᠦ ᠠᠵᠢᠯ ᠢ ᠡᠷᠡᠰ ᠰᠢᠭᠤᠷᠬᠠᠢ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ᠂ ᠡᠮᠬᠢ | ᠵᠢᠷᠤᠮ ᠲᠠᠢ ᠰᠠᠶᠢᠲᠤᠷ ᠬᠢᠨ᠎ᠡ᠃ | 4. ᠵᠢᠭᠰᠠᠭᠠᠨ ᠪᠠᠶᠢᠴᠠᠭᠠᠵᠤ ᠰᠡᠷᠡᠮᠵᠢᠯᠡᠭᠦᠯᠬᠦ ᠲᠦᠭᠰᠢᠭᠦᠷᠢ ᠶᠢ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠬᠢᠵᠦ᠂ | ᠬᠥᠳᠡᠭᠡ ᠲᠣᠰᠬᠤᠨ ᠤ ᠠᠶᠤᠯ ᠲᠦᠭᠰᠢᠭᠦᠷᠢ ᠶᠢᠨ ᠲᠠᠯᠳᠠ ᠭᠡᠮ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ | ᠲᠠᠷᠢᠶᠠᠴᠢᠨ ᠡᠷᠦᠬᠡ ᠶᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠦᠨᠳᠦᠰᠦᠨ ᠱᠠᠲᠤᠨ ᠤ ᠺᠠᠳ᠋ᠷ ᠢ | ᠵᠢᠭᠰᠠᠭᠠᠨ ᠪᠠᠶᠢᠴᠠᠭᠠᠬᠤ᠂ ᠰᠠᠯᠠᠭ᠎ᠠ ᠮᠥᠴᠢᠷ ᠤᠨ ᠬᠢᠨ ᠤ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ | ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠴᠠᠭ ᠠᠭᠤᠷ᠂ ᠭᠠᠵᠠᠷ ᠰᠢᠨᠵᠢᠯᠡᠭᠡ᠂ ᠤᠰᠤ ᠭᠠᠩ ᠵᠡᠷᠭᠡ | ᠭᠠᠮᠰᠢᠭ ᠢ ᠵᠢᠭᠰᠠᠭᠠᠨ ᠪᠠᠶᠢᠴᠠᠭᠠᠬᠤ ᠪᠠ ᠦᠶᠡᠷ ᠠᠴᠠ ᠡᠮᠦᠨᠡᠬᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ | ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠥᠨᠳᠥᠷ ᠠᠰᠠᠷ ᠤᠨ ᠭᠠᠯ ᠤᠨ ᠭᠠᠮᠰᠢᠭ ᠤᠨ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠭᠠᠮᠰᠢᠭ ᠤᠨ ᠬᠦᠴᠢᠷᠳᠡᠯ ᠲᠠᠢ ᠣᠯᠠᠨ ᠲᠦᠮᠡᠨ ᠳᠤ | ᠦᠵᠡᠭᠦᠯᠬᠦ ᠨᠥᠯᠥᠭᠡ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠪᠠᠭᠤᠷᠠᠢ ᠭᠤᠭᠴᠤᠭ᠎ᠠ ᠪᠠᠨ ᠳᠣᠪᠤᠶᠢᠯᠭᠠᠵᠤ᠂ ᠭᠤᠣᠯᠳᠠᠯᠭ᠎ᠠ ᠲᠠᠢ | ᠣᠷᠣᠨ ᠪᠠᠶᠢᠷᠢ᠂ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠬᠢᠨᠠᠨ ᠪᠠᠶᠢᠴᠠᠭᠠᠬᠤ ᠠᠵᠢᠯ ᠢ | ᠨᠠᠷᠢᠨ ᠬᠢᠨᠠᠮᠠᠭᠠᠢ ᠰᠠᠶᠢᠲᠤᠷ ᠬᠢᠵᠦ᠂ ᠢᠯᠠᠩᠭᠤᠶ᠎ᠠ ᠬᠦᠨᠳᠦ ᠨᠣᠴᠢᠲᠠᠢ ᠭᠠᠮᠰᠢᠭᠳᠠᠭᠰᠠᠨ ᠲᠠᠷᠢᠶᠠᠴᠢᠨ ᠡᠷᠦᠬᠡ᠂ | ᠣᠨᠴᠠ ᠬᠦᠴᠢᠷᠳᠡᠯ ᠲᠠᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ᠂ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠬᠦ ᠡᠲᠡᠭᠡᠳ᠂ | ᠵᠡᠮᠳᠡᠭᠴᠦᠳ ᠤᠨ ᠭᠡᠷ ᠪᠦᠯᠢ᠂ ᠣᠷᠣᠯᠭ᠎ᠠ ᠪᠠᠭᠠᠲᠠᠢ ᠭᠡᠷ ᠪᠦᠯᠢ ᠵᠡᠷᠭᠡ ᠭᠠᠮᠰᠢᠭᠳᠠᠭᠰᠠᠨ ᠣᠨᠴᠠᠭᠠᠶ ᠬᠦᠴᠢᠷᠳᠡᠯ ᠲᠠᠢ | ᠬᠠᠮᠲᠤᠯᠢᠭ ᠪᠠ ᠭᠠᠮᠰᠢᠭᠳᠠᠵᠤ ᠶᠠᠳᠠᠭᠤ ᠠᠴᠠ ᠠᠩᠭᠢᠵᠢᠷᠠᠭᠰᠠᠨ ᠲᠣᠰᠬᠤᠨ᠂ ᠭᠠᠮᠰᠢᠭᠳᠠᠵᠤ ᠠᠮᠠᠷᠬᠠᠨ ᠭᠠᠮᠰᠢᠭᠳᠠᠬᠤ | ᠲᠣᠰᠬᠤᠨ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ | ᠭᠠᠮᠰᠢᠭ ᠠᠴᠠ ᠪᠣᠯᠵᠤ ᠲᠠᠬᠢᠨ ᠶᠠᠳᠠᠭᠤᠷᠠᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠨᠥᠯᠥᠭᠡ ᠶᠢ ᠦᠨᠡᠯᠡᠨ | ᠵᠢᠱᠢᠬᠦ ᠠᠵᠢᠯ ᠢ ᠥᠷᠨᠢᠭᠦᠯᠦᠨ᠎ᠡ᠃ | ︵ᠬᠤᠶᠠᠷ︶ ᠶᠠᠳᠠᠭᠤᠷᠠᠬᠤ ᠠᠴᠠ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ | ᠲᠡᠳᠬᠦᠬᠦ ᠶᠢ ᠴᠢᠩᠭᠠᠷᠠᠭᠤᠯᠤᠨ᠎ᠠ | 1. ᠶᠠᠳᠠᠭᠤᠷᠠᠬᠤ ᠠᠴᠠ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ | ᠲᠦᠷᠭᠡᠨ ᠳᠠᠭᠠᠬᠤ ᠲᠣᠭᠲᠠᠴᠠ ᠶᠢ ᠪᠠᠶᠢᠭᠤᠯᠤᠨ᠎ᠠ | ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠤᠨ᠎ᠠ᠃ ᠭᠠᠮᠰᠢᠭ ᠠᠴᠠ ᠪᠣᠯᠵᠤ᠂ ᠡᠪᠡᠳᠴᠢᠨ ᠠᠴᠠ ᠪᠣᠯᠵᠤ | ᠵᠡᠷᠭᠡ ᠬᠦᠴᠦᠨ ᠵᠦᠢᠯ ᠠᠴᠠ ᠪᠣᠯᠵᠤ ᠬᠢᠨᠠᠨ ᠰᠢᠯᠭᠠᠬᠤ ᠡᠲᠡᠭᠡᠳ ᠤᠨ ᠨᠥᠬᠦᠴᠡᠯ ᠳᠤ ᠣᠷᠣᠭᠰᠠᠨ ᠲᠠᠷᠢᠶᠠᠴᠢᠨ | ᠡᠷᠦᠬᠡ ᠳᠤ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ ᠳᠥᠭᠦᠮᠴᠢᠯᠡᠵᠦ ᠪᠣᠯᠣᠨ᠎ᠠ᠂ ᠨᠥᠯᠥᠭᠡ ᠪᠠᠷ ᠣᠨᠴᠠᠭᠠᠶ | ᠬᠦᠨᠳᠦ ᠨᠣᠴᠢᠲᠠᠢ ᠪᠠᠶᠢᠪᠠᠯ ᠢᠯᠭᠠᠨ ᠲᠠᠨᠢᠬᠤ ᠰᠠᠭᠠᠳ ᠦᠭᠡᠢ ᠨᠡᠪᠲᠡᠷᠡᠬᠦ ᠵᠠᠮ ᠢᠶᠠᠷ ᠤᠷᠢᠳᠠᠪᠠᠷ ᠬᠠᠪᠰᠤᠷᠤᠨ | ᠲᠡᠳᠬᠦᠵᠦ ᠳᠠᠷᠠᠭ᠎ᠠ ᠨᠢ ᠭᠦᠢᠴᠡᠳᠬᠡᠬᠦ ᠢᠯᠭᠠᠨ ᠲᠠᠨᠢᠬᠤ ᠲᠠᠰ ᠳᠠᠷᠠᠭᠠᠯᠠᠯ ᠳᠤ ᠣᠷᠣᠭᠤᠯᠵᠤ ᠪᠣᠯᠣᠨ᠎ᠠ︔ ᠬᠢᠨᠠᠨ | ᠬᠡᠮᠵᠢᠭᠳᠡᠬᠦ ᠡᠲᠡᠭᠡᠳ ᠤᠨ ᠨᠠᠶᠢᠳᠠᠪᠤᠷᠢᠵᠢᠭᠤᠯᠤᠭᠰᠠᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠳᠤ᠂ ᠬᠢᠨᠠᠨ | ᠬᠡᠮᠵᠢᠭᠳᠡᠬᠦ ᠡᠲᠡᠭᠡᠳ ᠤᠨ ᠲᠦᠭᠰᠢᠭᠦᠷᠢ ᠶᠢ ᠠᠷᠢᠯᠭᠠᠬᠤ ᠦᠭᠡᠢ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ | ᠰᠠᠯᠭᠠᠬᠤ ᠦᠭᠡᠢ᠃ | ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠭᠠᠮᠰᠢᠭ᠂ ᠡᠪᠡᠳᠴᠢᠨ ᠵᠡᠷᠭᠡ ᠰᠢᠯᠲᠠᠭᠠᠨ ᠠᠴᠠ ᠪᠣᠯᠵᠤ | ᠦᠨᠳᠦᠰᠦᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ | ᠰᠢᠯᠭᠠᠬᠤ ᠡᠲᠡᠭᠡᠳ ᠲᠤ᠂ ᠨᠥᠬᠦᠴᠡᠯ ᠳᠤ ᠨᠡᠶᠢᠴᠡᠬᠦ ᠶᠢ ᠨᠢ ᠲᠠᠰ ᠳᠠᠷᠠᠭᠠᠯᠠᠯ ᠶᠣᠰᠣᠭᠠᠷ ᠬᠤᠲᠠ ᠪᠠᠯᠭᠠᠰᠤ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠪᠤᠶᠤ ᠣᠨᠴᠠ ᠬᠦᠴᠢᠷᠳᠡᠯᠲᠡᠢ ᠬᠥᠮᠥᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠬᠦᠷᠢᠶ᠎ᠡ ᠬᠡᠪᠴᠢᠶᠡᠨ ᠳᠤ ᠣᠷᠣᠭᠤᠯᠵᠤ᠂ ᠭᠠᠮᠰᠢᠭ ᠠᠴᠠ | ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ | 2. ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ | ᠲᠦᠪᠰᠢᠨ ᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ | ︵1︶ ᠭᠠᠮᠰᠢᠭᠳᠠᠭᠰᠠᠨ ᠤᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠭᠠᠮᠰᠢᠭ ᠠᠴᠠ | ᠪᠣᠯᠵᠤ ᠨᠤᠷᠠᠵᠤ ᠡᠪᠳᠡᠷᠡᠭᠰᠡᠨ ᠭᠡᠷ ᠪᠠᠶᠢᠰᠢᠩ ᠢ ᠬᠢᠨᠠᠨ ᠲᠣᠭᠲᠠᠭᠠᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ | ᠲᠠᠷᠢᠶᠠᠴᠢᠨ ᠡᠷᠦᠬᠡ ᠶᠢᠨ ᠴᠣᠷ ᠤᠨ ᠭᠠᠭᠴᠠ ᠣᠷᠣᠨ ᠰᠠᠭᠤᠴᠠ ᠨᠢ ᠬᠤᠬᠢᠷᠠᠯ ᠳᠤ ᠤᠴᠠᠷᠠᠭᠰᠠᠨ ᠪᠠᠶᠢᠪᠠᠯ᠂ | ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠲᠦᠷ ᠴᠠᠭ ᠤᠨ ᠠᠮᠤᠷ ᠲᠦᠪᠰᠢᠨ ᠣᠷᠣᠨ ᠰᠠᠭᠤᠴᠠ ᠬᠠᠩᠭᠠᠵᠤ᠂ | ᠭᠠᠮᠰᠢᠭᠳᠠᠭᠰᠠᠨ ᠣᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ ᠡᠭᠦᠨ ᠤ | ᠬᠠᠮᠲᠤ ᠨᠥᠬᠦᠴᠡᠯ ᠳᠤ ᠨᠡᠶᠢᠴᠡᠭᠰᠡᠨ ᠭᠠᠮᠰᠢᠭ ᠠᠴᠠ ᠪᠣᠯᠤᠭᠰᠠᠨ ᠣᠷᠣᠨ ᠰᠠᠭᠤᠴᠠ ᠶᠢᠨ ᠬᠤᠬᠢᠷᠠᠯ ᠳᠤ ᠤᠴᠠᠷᠠᠭᠰᠠᠨ | ᠡᠷᠦᠬᠡ ᠶᠢ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ ᠵᠦᠢᠯ ᠪᠠ ᠣᠷᠣᠨ ᠰᠠᠭᠤᠴᠠ ᠶᠢᠨ | ᠠᠮᠤᠷ ᠲᠦᠪᠰᠢᠨ ᠤ ᠮᠥᠩᠭᠦᠨ ᠭᠦᠢᠯᠭᠡᠭᠡᠨ ᠤ ᠳᠠᠭᠠᠳᠬᠠᠯ ᠤᠨ ᠲᠥᠯᠥᠪᠦᠷᠢ ᠳᠤ ᠣᠷᠣᠭᠤᠯᠤᠨ᠎ᠠ︔ ᠤᠤᠯ ᠤᠨ | ᠭᠠᠵᠠᠷ ᠲᠤᠨᠢ ᠣᠷᠣᠨ ᠰᠠᠭᠤᠴᠠ ᠪᠠᠷᠢᠬᠤ ᠳᠤ ᠲᠣᠬᠢᠷᠠᠮᠵᠢ ᠦᠭᠡᠢ ᠭᠠᠮᠰᠢᠭᠳᠠᠭᠰᠠᠨ ᠲᠠᠷᠢᠶᠠᠴᠢᠨ ᠡᠷᠦᠬᠡ ᠳᠤ | ᠦᠯᠡᠳᠡᠭᠡᠯ ᠣᠷᠣᠨ ᠰᠠᠭᠤᠴᠠ ᠶᠢᠨ ᠢᠷᠡᠯᠲᠡ ᠶᠢ ᠠᠮᠢᠳᠤᠯᠢᠭ ᠪᠣᠯᠭᠠᠬᠤ ᠪᠤᠶᠤ ᠣᠨᠳᠣᠣ ᠭᠠᠵᠠᠷ ᠲᠤ ᠣᠷᠣᠨ | ᠰᠠᠭᠤᠴᠠ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠨᠡᠭᠦᠯᠭᠡᠨ ᠲᠥᠪᠬᠢᠨᠡᠭᠦᠯᠦᠨ᠎ᠡ᠃ | ︵2︶ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠦᠨᠳᠦᠰᠦᠨ ᠡᠮ ᠡᠮᠨᠡᠯᠭᠡ ᠶᠢ ᠪᠠᠲᠤᠯᠠᠨ᠎ᠠ᠃ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠭᠠᠮᠰᠢᠭ ᠪᠤᠶᠤ ᠬᠢᠵᠢᠭ ᠠᠴᠠ ᠪᠣᠯᠵᠤ | ᠰᠤᠷᠤᠯᠭ᠎ᠠ ᠠᠯᠳᠠᠬᠤ ᠪᠠ ᠰᠤᠷᠤᠯᠭ᠎ᠠ ᠪᠠᠨ ᠳᠣᠷᠭᠤᠨ ᠵᠣᠭᠰᠣᠬᠤ ᠦᠵᠡᠭᠳᠡᠯ︔ ᠣᠷᠣᠯᠭ᠎ᠠ ᠪᠠᠭᠠᠲᠠᠢ ᠬᠥᠮᠥᠨ | ᠠᠮᠠ ᠶᠢᠨ ᠬᠤᠲᠠ ᠶᠢᠨ ᠬᠡᠪᠴᠢᠶᠡᠨ ᠤ ᠡᠮᠨᠡᠯᠭᠡ ᠶᠢᠨ ᠬᠤᠷᠢᠶ᠎ᠠ ᠶᠢᠨ ︽ᠤᠷᠢᠳᠠᠪᠠᠷ ᠡᠮᠴᠢᠯᠡᠭᠦᠯᠵᠦ ᠳᠠᠷᠠᠭ᠎ᠠ ᠨᠢ | ᠵᠠᠷᠤᠳᠠᠯ ᠲᠤᠰᠢᠶᠠᠬᠤ︾ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ | ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠰᠢᠨ᠎ᠡ ᠪᠠᠷ ᠣᠷᠣᠭᠤᠯᠤᠭᠰᠠᠨ ᠬᠢᠨᠠᠨ ᠰᠢᠯᠭᠠᠬᠤ | ᠡᠲᠡᠭᠡᠳ ᠤᠨ ᠡᠪᠡᠳᠴᠢᠯᠡᠪᠡᠯ ᠴᠠᠭ ᠲᠤᠬᠠᠢ ᠳᠤᠨᠢ ᠡᠮᠨᠡᠭᠦᠯᠬᠦ ᠶᠢ ᠦᠨᠡᠨ ᠬᠦ ᠪᠠᠲᠤᠯᠠᠨ᠎ᠠ᠃ | ︵3︶ ᠭᠠᠮᠰᠢᠭᠳᠠᠭᠰᠠᠨ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ | ᠭᠠᠮᠰᠢᠭ ᠠᠴᠠ ᠪᠣᠯᠵᠤ ᠡᠪᠳᠡᠷᠡᠵᠦ ᠰᠦᠢᠳᠦᠭᠰᠡᠨ ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠰᠡᠷᠭᠦᠭᠡᠨ | ᠲᠠᠬᠢᠨ ᠪᠠᠶᠢᠭᠤᠯᠬᠤ ᠶᠢ ᠲᠦᠷᠭᠡᠳᠬᠡᠵᠦ᠂ ᠤᠰᠤᠨ ᠤ ᠰᠤᠷᠪᠤᠯᠵᠢ ᠶᠢ ᠰᠢᠨ᠎ᠡ ᠪᠠᠷ ᠨᠡᠭᠡᠭᠡᠬᠦ᠂ ᠪᠠᠴᠢᠮ ᠪᠠᠶᠢᠳᠠᠯ ᠢ | ᠠᠷᠭᠠᠴᠠᠭᠠᠵᠤ ᠤᠰᠤ ᠲᠣᠬᠢᠷᠠᠭᠤᠯᠬᠤ᠂ ᠬᠤᠭᠤᠯᠠᠢ ᠶᠢᠨ ᠲᠣᠣᠷ ᠢ ᠤᠷᠲᠤᠳᠬᠠᠨ ᠪᠦᠷᠬᠦᠭᠦᠯᠬᠦ᠂ ᠴᠡᠪᠡᠷᠰᠢᠭᠦᠯᠬᠦ | ᠲᠥᠬᠦᠭᠡᠷᠦᠮᠵᠢ ᠬᠠᠩᠭᠠᠬᠤ᠂ ᠲᠦᠷ ᠴᠠᠭ ᠤᠨ ᠬᠤᠭᠤᠯᠠᠢ ᠶᠢᠨ ᠲᠣᠣᠷ ᠭᠠᠷᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ | ᠂ ᠭᠠᠮᠰᠢᠭᠳᠠᠭᠰᠠᠨ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | 3. ᠠᠵᠤ ᠦᠢᠯᠡᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ | ︵1︶ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢ ᠴᠢᠩᠭᠠᠳᠬᠠᠨ᠎ᠠ᠃ | ᠭᠠᠮᠰᠢᠭᠳᠠᠭᠰᠠᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠪᠠ ᠬᠢᠨᠠᠨ ᠬᠡᠮᠵᠢᠭᠳᠡᠬᠦ ᠡᠲᠡᠭᠡᠳ ᠤᠨ | ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢᠨ ᠮᠡᠳᠡᠭᠡ ᠵᠠᠩᠭᠢ ᠳᠤ ᠪᠠᠶᠢᠩᠭᠤ ᠶᠢᠨ ᠬᠢᠨᠠᠨ ᠬᠡᠮᠵᠢᠯᠲᠡ | ᠵᠠᠳᠠᠯᠤᠯᠲᠠ ᠬᠢᠵᠦ᠂ ᠠᠵᠢᠯ ᠣᠯᠭᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠳᠡᠵᠦ᠂ ᠠᠵᠢᠯ ᠬᠥᠳᠡᠯᠮᠦᠷᠢ | ᠬᠢᠬᠦ ᠬᠡᠷᠡᠭᠴᠡᠭᠡ ᠶᠢ ᠣᠨᠣᠪᠴᠢᠲᠠᠶ ᠣᠶᠢᠯᠠᠭᠠᠨ᠂ ᠬᠠᠪᠰᠤᠷᠤᠨ ᠲᠡᠳᠬᠦᠬᠦ ᠡᠬᠡ ᠲᠠᠩᠰᠠ ᠪᠠᠶᠢᠭᠤᠯᠵᠤ᠂ ᠠᠵᠢᠯ | ᠬᠥᠳᠡᠯᠮᠦᠷᠢ ᠬᠢᠬᠦ ᠬᠡᠷᠡᠭᠴᠡᠭᠡ ᠲᠠᠢ ᠡᠲᠡᠭᠡᠳ ᠤᠨ ᠨᠡᠷᠡᠰ ᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠭᠡᠵᠦ᠂ ︽ᠬᠤᠤᠰᠯᠠᠯ ᠪᠠᠶᠢᠭᠤᠯᠵᠤ︾ ᠨᠠᠷᠢᠯᠢᠭ ᠣᠨᠣᠴᠠᠲᠠᠢ ᠪᠠᠷ | ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠭᠠᠮᠰᠢᠭᠳᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ | ᠬᠢᠨᠠᠨ ᠰᠢᠯᠭᠠᠬᠤ ᠡᠲᠡᠭᠡᠳ ᠤᠨ ᠳᠣᠲᠣᠷᠠᠬᠢ ᠠᠵᠢᠯ ᠬᠥᠳᠡᠯᠮᠦᠷᠢ ᠬᠢᠬᠦ ᠬᠡᠷᠡᠭᠴᠡᠭᠡ ᠲᠠᠢ ᠬᠥᠳᠡᠯᠮᠦᠷᠢ ᠶᠢᠨ | ᠬᠦᠴᠦᠨ ᠤ ᠪᠦᠬᠦᠨ ᠢᠶᠠᠷ ᠢᠶᠠᠨ ᠠᠵᠢᠯ ᠣᠯᠬᠤ ᠶᠢ ᠦᠨᠡᠨ ᠬᠦ ᠪᠠᠲᠤᠯᠠᠨ᠎ᠠ᠃ | ︵2︶ ᠠᠵᠢᠯ ᠣᠯᠭᠤᠯᠲᠠ ᠶᠢᠨ ᠨᠥᠬᠦᠪᠦᠷᠢ ᠥᠭᠴᠦ ᠤᠷᠮᠠᠰᠢᠭᠤᠯᠬᠤ ᠶᠢ ᠴᠢᠩᠭᠠᠷᠠᠭᠤᠯᠤᠨ᠎ᠠ᠃ | ᠪᠣᠯᠪᠠᠰᠤᠷᠠᠯ ᠤᠨ ᠨᠥᠬᠦᠪᠦᠷᠢ ᠶᠢ ᠨᠠᠶᠢᠳᠠᠪᠤᠷᠢᠵᠢᠭᠤᠯᠵᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠰᠠᠨ | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ ᠪᠣᠯᠪᠠᠰᠤᠷᠠᠯ ᠢ ᠲᠥᠪᠯᠡᠷᠡᠭᠦᠯᠦᠨ ᠵᠣᠬᠢᠶᠠᠨ | ᠪᠠᠶᠢᠭᠤᠯᠬᠤ ᠶᠢᠨ ᠬᠠᠮᠲᠤ ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ ᠣᠯᠣᠭᠰᠠᠨ ᠤ ᠳᠠᠷᠠᠭ᠎ᠠ᠂ ᠬᠥᠮᠥᠨ ᠪᠦᠷᠢ | ᠡᠳᠦᠷ ᠲᠤ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢ 100 ᠲᠥᠭᠦᠷᠢᠭ ᠣᠯᠵᠤ ᠪᠣᠯᠣᠨ᠎ᠠ᠃ ᠣᠷᠣᠨ | ᠠᠯᠤᠰᠯᠠᠨ ᠪᠠ ᠬᠤᠲᠠ ᠶᠢᠨ ᠭᠠᠳᠠᠨᠠᠬᠢ ᠣᠷᠣᠨ ᠤ ᠳᠣᠲᠣᠷ᠎ᠠ ᠠᠵᠢᠯ ᠣᠯᠣᠭᠰᠠᠨ ᠭᠠᠮᠰᠢᠭᠳᠠᠭᠰᠠᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠪᠠ ᠬᠢᠨᠠᠨ ᠬᠡᠮᠵᠢᠬᠦ ᠡᠲᠡᠭᠡᠳ ᠲᠤ ᠨᠢᠭᠡ ᠤᠳᠠᠭ᠎ᠠ ᠶᠢᠨ ᠴᠢᠨᠠᠷᠲᠠᠢ ᠵᠠᠮ | ᠬᠠᠷᠢᠯᠴᠠᠭᠠᠨ ᠤ ᠨᠥᠬᠦᠪᠦᠷᠢ ᠣᠯᠭᠤᠨ᠎ᠠ᠃ | ︵3︶ ᠣᠶᠢᠷ᠎ᠠ ᠬᠠᠪᠢ ᠳᠠᠭᠠᠨ ᠠᠵᠢᠯ ᠣᠯᠭᠤᠬᠤ ᠲᠠᠪᠴᠠᠩ ᠢ ᠪᠠᠶᠢᠭᠤᠯᠤᠨ᠎ᠠ᠃ ᠦᠶᠡᠷ ᠢ ᠰᠡᠷᠭᠡᠶᠢᠯᠡᠨ | ᠵᠢᠵᠢᠭᠦᠷᠯᠡᠨ ᠰᠠᠬᠢᠬᠤ᠂ ᠭᠠᠮᠰᠢᠭ ᠤᠨ ᠲᠠᠷᠠᠭ᠎ᠠ ᠲᠠᠬᠢᠨ ᠪᠠᠶᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠂ ᠵᠠᠮ ᠢ ᠬᠠᠮᠠᠭᠠᠯᠠᠬᠤ᠂ ᠤᠰᠤᠲᠤᠯ ᠪᠤᠯᠤᠨ ᠬᠤᠷᠠᠭᠰᠠᠨ ᠢ ᠠᠷᠢᠯᠭᠠᠬᠤ᠂ ᠭᠠᠩ ᠬᠠᠭᠰᠠᠷᠠᠭᠠᠨ ᠲᠠᠢ ᠲᠡᠮᠡᠴᠡᠵᠦ | ᠬᠤᠷᠢᠶᠠᠯᠲᠠ ᠶᠢ ᠪᠠᠲᠤᠯᠠᠬᠤ ᠵᠡᠷᠭᠡ ᠲᠠᠢ ᠤᠶᠠᠯᠳᠤᠭᠤᠯᠤᠨ᠂ ᠨᠢᠭᠡ ᠪᠦᠯᠦᠭ ᠲᠦᠷ ᠴᠠᠭ ᠤᠨ ᠴᠢᠨᠠᠷᠲᠠᠢ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠪᠠᠶᠢᠭᠤᠯᠵᠤ᠂ ᠭᠠᠮᠰᠢᠭ ᠤᠨ ᠬᠠᠷᠠᠭ᠎ᠠ ᠪᠠᠷ ᠬᠢᠵᠢᠭ ᠤᠨ | ᠬᠠᠷᠠᠭ᠎ᠠ ᠪᠠᠷ ᠲᠦᠷ ᠴᠠᠭ ᠭᠠᠳᠠᠭᠰᠢ ᠭᠠᠷᠴᠤ ᠠᠵᠢᠯ ᠬᠢᠬᠦ ᠶᠢᠨ ᠠᠷᠭ᠎ᠠ ᠦᠭᠡᠢ ᠪᠣᠯᠤᠭᠰᠠᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠪᠠ ᠬᠢᠨᠠᠨ ᠬᠡᠮᠵᠢᠬᠦ ᠡᠲᠡᠭᠡᠳ ᠢ ᠤᠷᠢᠳᠠᠪᠠᠷ ᠲᠣᠬᠢᠷᠠᠭᠤᠯᠤᠨ᠎ᠠ᠃ ᠭᠠᠮᠰᠢᠭᠳᠠᠭᠰᠠᠨ | ᠣᠷᠣᠨ ᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠤᠨ ᠳᠤᠮᠳᠠ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠬᠦ ᠶᠢ ᠵᠣᠷᠢᠭᠵᠢᠭᠤᠯᠵᠤ᠂ | ᠭᠠᠮᠰᠢᠭᠳᠠᠭᠰᠠᠨ ᠬᠥᠳᠡᠯᠮᠦᠷᠢ ᠶᠢᠨ ᠬᠦᠴᠦᠨ ᠢ ᠠᠯᠢ ᠴᠢᠳᠠᠬᠤ ᠪᠠᠷ ᠰᠢᠩᠭᠡᠬᠡᠨ ᠠᠪᠴᠤ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠳᠡᠯᠮᠦᠷᠢ ᠦᠢᠯᠡᠴᠢᠯᠡᠭᠡᠨ ᠤ | ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃ | ︵4︶ ᠠᠵᠤ ᠦᠢᠯᠡᠰ ᠤᠨ ᠪᠡᠯᠡ ᠮᠥᠩᠭᠦ ᠪᠠᠷ ᠲᠡᠳᠬᠦᠨ ᠳᠡᠮᠵᠢᠬᠦ ᠶᠢ ᠴᠢᠩᠭᠠᠳᠬᠠᠨ᠎ᠠ᠃ ᠭᠠᠮᠰᠢᠭ ᠤᠨ | ᠳᠠᠷᠠᠭᠠᠬᠢ ᠠᠵᠤ ᠦᠢᠯᠡᠰ ᠢ ᠰᠡᠷᠭᠦᠭᠡᠨ ᠬᠥᠭᠵᠢᠭᠦᠯᠬᠦ ᠶᠢ ᠲᠡᠮᠵᠢᠵᠤ᠂ ᠬᠤᠬᠢᠷᠠᠯ ᠳᠤ ᠤᠴᠠᠷᠠᠭᠰᠠᠨ ᠣᠨᠴᠠᠯᠢᠭᠲᠤ | ᠲᠠᠷᠢᠵᠦ ᠲᠡᠵᠢᠭᠡᠬᠦ ᠦᠢᠯᠡᠰ ᠢ ᠬᠠᠪᠰᠤᠷᠤᠨ ᠲᠡᠳᠬᠦᠬᠦ ᠵᠦᠢᠯᠡᠰ᠂ ᠬᠠᠪᠰᠤᠷᠤᠨ ᠲᠡᠳᠬᠦᠬᠦ ᠠᠵᠤ ᠦᠢᠯᠡᠰ ᠤᠨ | ᠰᠠᠭᠤᠷᠢᠨ ᠭᠠᠵᠠᠷ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠵᠦᠢᠯᠡᠰ ᠵᠡᠷᠭᠡ ᠳᠤ ᠵᠣᠯᠭᠠᠭᠤᠯᠬᠤ ᠪᠡᠯᠡ ᠮᠥᠩᠭᠦ | ᠲᠣᠬᠢᠷᠠᠭᠤᠯᠤᠨ ᠱᠠᠩᠨᠠᠵᠤ ᠨᠥᠬᠦᠪᠦᠷᠢᠯᠡᠬᠦ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠴᠠᠭ ᠲᠤᠬᠠᠢ ᠳᠤᠨᠢ ᠵᠠᠰᠠᠨ | ᠰᠡᠷᠭᠦᠭᠡᠵᠦ ᠪᠣᠯᠣᠨ᠎ᠠ᠃ | ︵5︶ ᠬᠡᠷᠡᠭᠯᠡᠭᠡ ᠶᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ | ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠭᠠᠮᠰᠢᠭᠳᠠᠭᠰᠠᠨ ᠭᠠᠵᠠᠷ ᠣᠷᠣᠨ ᠢᠶᠠᠷ | ᠭᠤᠣᠯᠳᠠᠯᠭ᠎ᠠ ᠪᠣᠯᠭᠠᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ ᠭᠠᠮᠰᠢᠭ | ᠬᠢᠵᠢᠭ ᠠᠴᠠ ᠪᠣᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠵᠣᠭᠰᠣᠩᠭᠢᠷᠠᠭᠰᠠᠨ ᠠᠰᠠᠭᠤᠳᠠᠯ ᠢ | ᠰᠠᠶᠢᠲᠤᠷ ᠰᠢᠢᠳᠪᠦᠷᠢᠯᠡᠨ᠎ᠡ᠃ | 4. ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠡᠯᠡ ᠮᠥᠩᠭᠦ ᠶᠢᠨ ᠪᠠᠲᠤᠯᠠᠭ᠎ᠠ ᠶᠢ | ᠴᠢᠩᠭᠠᠳᠬᠠᠨ᠎ᠠ | ︵1︶ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠭᠠᠮᠰᠢᠭᠳᠠᠭᠰᠠᠨ ᠪᠠᠶᠢᠳᠠᠯ ᠢ | ᠦᠨᠳᠦᠰᠦᠯᠡᠨ ᠴᠠᠭ ᠲᠤᠬᠠᠢ ᠳᠤᠨᠢ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠨᠥᠬᠦᠪᠦᠷᠢ ᠶᠢᠨ ᠪᠡᠯᠡ ᠮᠥᠩᠭᠦ ᠶᠢ ᠨᠡᠮᠡᠭᠳᠡᠭᠦᠯᠵᠦ᠂ ᠭᠠᠮᠰᠢᠭ ᠤᠨ ᠪᠠᠶᠢᠳᠠᠯ ᠢ ᠠᠷᠭᠠᠴᠠᠭᠠᠬᠤ ᠳᠤ | ᠰᠢᠨ᠎ᠡ ᠪᠠᠷ ᠨᠡᠮᠡᠭᠳᠡᠭᠰᠡᠨ ᠲᠦᠷᠦᠯ ᠵᠦᠢᠯ ᠳᠤ ᠲᠣᠬᠢᠷᠠᠭᠤᠯᠤᠯᠲᠠ ᠬᠢᠬᠦ ᠶᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠳᠤ ᠴᠠᠭ ᠲᠤᠬᠠᠢ ᠳᠤᠨᠢ ᠣᠷᠣᠭᠤᠯᠵᠤ᠂ ᠭᠠᠮᠰᠢᠭᠳᠠᠭᠰᠠᠨ ᠣᠷᠣᠨ ᠤ | ᠬᠢᠨ ᠲᠦᠷᠦᠯ ᠵᠦᠢᠯ ᠳᠤ ᠬᠠᠷᠠᠬᠠᠨ ᠲᠣᠬᠢᠷᠠᠭᠤᠯᠤᠭᠠᠳᠤᠢ ᠪᠡᠯᠡ ᠮᠥᠩᠭᠦ ᠪᠠᠨ ᠭᠠᠮᠰᠢᠭ ᠬᠢᠵᠢᠭ ᠠᠴᠠ ᠪᠣᠯᠵᠤ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠦᠷᠦᠯ ᠵᠦᠢᠯ ᠳᠤ ᠤᠷᠢᠳᠠᠪᠠᠷ ᠬᠡᠷᠡᠭᠯᠡᠬᠦ ᠶᠢ ᠵᠥᠪᠰᠢᠶᠡᠷᠡᠵᠦ᠂ ᠨᠢᠭᠡᠨᠲᠡ | ᠲᠣᠬᠢᠷᠠᠭᠤᠯᠤᠭᠰᠠᠨ ᠪᠣᠯᠪᠠᠴᠤ ᠠᠵᠢᠯ ᠡᠬᠢᠯᠡᠭᠦᠯᠦᠭᠡᠳᠦᠢ ᠲᠦᠷᠦᠯ ᠵᠦᠢᠯ ᠳᠤ ᠲᠣᠬᠢᠷᠠᠭᠤᠯᠤᠯᠲᠠ ᠬᠢᠵᠦ ᠭᠠᠮᠰᠢᠭ ᠤᠨ | ᠳᠠᠷᠠᠭᠠᠬᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠶᠢ ᠳᠡᠮᠵᠢᠵᠤ ᠪᠣᠯᠣᠨ᠎ᠠ᠃ ᠭᠠᠮᠰᠢᠭ ᠠᠴᠠ ᠪᠣᠯᠵᠤ | ᠡᠪᠳᠡᠭᠳᠡᠭᠰᠡᠨ ᠬᠥᠳᠡᠭᠡ ᠲᠣᠰᠬᠤᠨ ᠤ ᠵᠠᠮ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ᠂ ᠰᠤᠷᠭᠠᠭᠤᠯᠢ ᠶᠢᠨ ᠭᠡᠷ | ᠪᠠᠶᠢᠰᠢᠩ᠂ ᠡᠷᠡᠭᠦᠯ ᠬᠠᠮᠠᠭᠠᠯᠠᠯ ᠤᠨ ᠲᠠᠰᠤᠭ ᠢ ᠭᠠᠮᠰᠢᠭ ᠤᠨ ᠳᠠᠷᠠᠭᠠᠬᠢ ᠰᠡᠷᠭᠦᠭᠡᠨ ᠲᠠᠬᠢᠨ ᠪᠦᠲᠦᠭᠡᠨ | ᠪᠠᠶᠢᠭᠤᠯᠬᠤ ᠶᠢᠨ ᠭᠤᠣᠯᠳᠠᠯᠭ᠎ᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠪᠡᠯᠡ | ᠮᠥᠩᠭᠦ ᠪᠠᠷ ᠢᠯᠡᠭᠦᠬᠡᠨ ᠳᠡᠮᠵᠢᠯᠭᠡ ᠦᠵᠡᠭᠦᠯᠦᠨ᠎ᠡ᠃ | ︵2︶ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠤᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢᠨ ᠭᠠᠮᠰᠢᠭ ᠠᠴᠠ ᠪᠣᠯᠵᠤ ᠬᠢᠵᠢᠭ ᠡᠪᠡᠳᠴᠢᠨ ᠠᠴᠠ | ᠪᠣᠯᠵᠤ ᠲᠦᠷ ᠴᠠᠭ ᠵᠣᠭᠤᠰ ᠢᠶᠠᠨ ᠴᠠᠭ ᠲᠠᠭᠠᠨ ᠪᠤᠴᠠᠭᠠᠬᠤ ᠶᠢᠨ ᠠᠷᠭ᠎ᠠ ᠦᠭᠡᠢ ᠪᠠᠶᠢᠪᠠᠯ᠂ ᠦᠷᠭᠦᠯᠵᠢᠯᠡᠨ | ᠵᠢᠭᠡᠯᠡᠯᠭᠡ ᠲᠠᠯᠪᠢᠬᠤ᠂ ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠶᠢ ᠵᠦᠢ ᠵᠣᠬᠢᠰᠲᠠᠢ ᠬᠡᠷᠡᠭᠯᠡᠬᠦ | ᠬᠡᠷᠡᠭᠲᠡᠢ︔ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠮᠥᠷᠲᠡᠭᠡᠨ ᠨᠥᠬᠦᠴᠡᠯ ᠳᠤ ᠨᠡᠶᠢᠴᠡᠭᠰᠡᠨ ᠪᠠᠶᠢᠪᠠᠯ᠂ | ᠶᠠᠪᠤᠴᠠ ᠶᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠵᠦ ᠪᠣᠯᠣᠨ᠎ᠠ︔ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠶᠢ ᠭᠦᠢᠴᠡᠳᠬᠡᠭᠰᠡᠨ ᠤ ᠳᠠᠷᠠᠭ᠎ᠠ ᠦᠨᠡᠨ ᠬᠦ ᠬᠡᠷᠡᠭᠴᠡᠭᠡ ᠲᠠᠢ ᠮᠥᠷᠲᠡᠭᠡᠨ ᠵᠣᠭᠤᠰ | ᠪᠤᠴᠠᠭᠠᠬᠤ ᠴᠢᠳᠠᠪᠤᠷᠢ ᠲᠠᠢ ᠭᠠᠮᠰᠢᠭᠳᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ | ᠡᠷᠦᠬᠡ ᠳᠤ᠂ ᠬᠢᠵᠠᠭᠠᠷᠯᠠᠭᠰᠠᠨ ᠲᠣᠭᠠᠨ ᠤ ᠳᠣᠲᠣᠷ᠎ᠠ ᠵᠢᠭᠡᠯᠡᠯᠭᠡ ᠶᠢᠨ ᠳᠡᠮᠵᠢᠯᠭᠡ ᠶᠢ ᠨᠡᠮᠡᠵᠦ ᠪᠣᠯᠣᠨ᠎ᠠ᠃ | ︵3︶ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠤᠨ ᠪᠠᠲᠤᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠣᠯᠣᠨ ᠬᠢᠨᠠᠨ ᠬᠡᠮᠵᠢᠬᠦ ᠡᠷᠦᠬᠡ ᠭᠠᠮᠰᠢᠭ ᠠᠴᠠ | ᠪᠣᠯᠵᠤ ᠬᠢᠵᠢᠭ ᠠᠴᠠ ᠪᠣᠯᠵᠤ ︽ᠶᠠᠳᠠᠭᠤ ᠠᠴᠠ ᠰᠡᠷᠭᠡᠶᠢᠯᠡᠬᠦ ᠳᠠᠭᠠᠳᠬᠠᠯ︾ ᠤᠨ ᠲᠥᠯᠥᠬᠦ ᠨᠥᠬᠦᠴᠡᠯ ᠳᠤ | ᠨᠡᠶᠢᠴᠡᠭᠰᠡᠨ ᠪᠠᠶᠢᠪᠠᠯ᠂ ᠳᠠᠭᠠᠳᠬᠠᠯ ᠤᠨ ᠰᠠᠯᠠᠭ᠎ᠠ ᠮᠥᠴᠢᠷ ᠢᠶᠠᠷ ᠶᠡᠷᠦᠩᠬᠡᠶᠢᠯᠡᠨ ᠨᠤᠲᠠᠯᠠᠭᠤᠯᠤᠭᠰᠠᠨ ᠤ ᠳᠠᠷᠠᠭ᠎ᠠ᠂ | ᠴᠠᠭ ᠲᠤᠬᠠᠢ ᠳᠤᠨᠢ ᠲᠥᠯᠥᠬᠦ ᠬᠡᠷᠡᠭᠲᠡᠢ᠃ | ︵4︶ ᠨᠡᠶᠢᠭᠡᠮ ᠠᠴᠠ ᠬᠠᠪᠰᠤᠷᠤᠨ ᠲᠡᠳᠬᠦᠬᠦ ᠠᠵᠢᠯ ᠢ ᠶᠡᠭᠡ ᠪᠠᠷ ᠥᠷᠨᠢᠭᠦᠯᠦᠨ᠎ᠡ᠃ ᠨᠡᠶᠢᠭᠡᠮ ᠤᠨ | ᠬᠦᠴᠦᠨ ᠢ ᠵᠣᠬᠢᠶᠠᠨ ᠪᠠᠶᠢᠭᠤᠯᠵᠤ ᠲᠤᠰᠠᠯᠠᠨ ᠪᠠᠶᠢᠭᠤᠯᠬᠤ ᠵᠦᠢᠯᠡᠰ᠂ ᠵᠣᠭᠤᠰ ᠮᠥᠩᠭᠦ ᠡᠳ᠋ ᠪᠣᠳᠠᠰ ᠬᠠᠨᠳᠢᠪᠯᠡᠬᠤ᠂ | ᠰᠠᠶᠢᠨ ᠳᠤᠷ᠎ᠠ ᠠᠴᠠ ᠪᠠᠨ ᠦᠢᠯᠡᠴᠢᠯᠡᠬᠦ᠂ ᠲᠤᠰᠬᠤᠨ ᠡᠷᠦᠬᠡ ᠪᠠᠷ ᠬᠦᠷᠴᠦ ᠬᠠᠪᠰᠤᠷᠤᠨ ᠲᠡᠳᠬᠦᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠭᠠᠮᠰᠢᠭᠳᠠᠭᠰᠠᠨ ᠣᠷᠣᠨ ᠤ ᠰᠡᠷᠭᠦᠭᠡᠨ ᠲᠠᠬᠢᠨ ᠪᠦᠲᠦᠭᠡᠨ ᠪᠠᠶᠢᠭᠤᠯᠬᠤ ᠶᠢ ᠲᠡᠮᠵᠢᠨ᠎ᠠ᠃ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠣᠨ ᠡᠯ᠎ᠡ ᠱᠠᠲᠤᠨ ᠤ ᠬᠠᠪᠰᠤᠷᠤᠨ ᠲᠡᠳᠬᠦᠬᠦ ᠺᠠᠳ᠋ᠷ ᠢ ᠵᠣᠬᠢᠶᠠᠨ | ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ | ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠩᠭᠤᠵᠢᠭᠤᠯᠤᠨ ᠪᠠᠶᠢᠴᠠᠭᠠᠵᠤ᠂ ᠨᠢᠭᠡ ᠨᠢᠭᠡ ᠪᠠᠷ ᠤᠨᠢᠨ ᠳᠡᠭᠡᠷ᠎ᠡ ᠨᠢ | ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠵᠤ᠂ ᠶᠠᠳᠠᠭᠤᠷᠠᠬᠤ ᠲᠠᠬᠢᠨ ᠶᠠᠳᠠᠭᠤᠷᠠᠬᠤ ᠦᠵᠡᠭᠳᠡᠯ ᠭᠠᠷᠭᠠᠬᠤ ᠦᠭᠡᠢ | ᠪᠠᠶᠢᠬᠤ ᠬᠡᠷᠡᠭᠲᠡᠢ᠃ |